2016 ᠤᠨ ᠤ ᠦᠪᠦᠷ ᠮᠤᠩᠭᠤᠯ ᠤᠨ ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠬᠠᠮᠤᠭ ᠤᠨ ᠳᠤᠤᠷ᠎ᠠ ᠬᠢᠵᠠᠭᠠᠷ ᠬᠤᠪᠢ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2016/12/14
     12 ᠳ᠋ᠤᠭᠠᠷ ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ 2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠬᠠᠮᠤᠭ ᠤᠨ ᠳᠣᠣᠷ᠎ᠠ ᠬᠢᠵᠠᠭᠠᠷ ᠬᠤᠪᠢ ᠶᠢ ᠨᠡᠶᠢᠲᠡᠯᠡᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠰᠢᠯᠭᠠᠭᠤᠯᠤᠭᠰᠠᠳ ᠲᠤ ᠰᠠᠨᠠᠭᠤᠯᠤᠭᠰᠠᠨ ᠢᠶᠠᠷ ᠨᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠤᠰᠬᠠᠶ ᠮᠡᠷᠭᠡᠵᠢᠯ ᠤᠨ ᠰᠤᠷᠭᠠᠭᠤᠯᠢ ᠳᠤ ᠳᠠᠪᠰᠢᠬᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠵᠢᠩᠬᠢᠨᠢ ᠠᠩᠭᠢ ᠳᠤ ᠳᠠᠪᠰᠢᠬᠤ᠂ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠠᠪᠰᠢᠬᠤ ᠮᠣᠩᠭᠤᠯ ᠢᠶᠠᠷ ᠬᠢᠴᠢᠶᠡᠯᠡᠬᠦ ᠰᠤᠷᠤᠭᠴᠢ ᠬᠡᠷᠪᠡ ᠬᠢᠲᠠᠳ ᠢᠶᠠᠷ ᠬᠢᠴᠢᠶᠡᠯᠡᠬᠦ ᠠᠳᠠᠯᠢ ᠨᠢᠭᠡᠨ ᠰᠤᠷᠤᠯᠭ᠎ᠠ ᠶᠢᠨ ᠨᠠᠮᠲᠠᠷ ᠤᠨ ᠲᠡᠰ᠂ ᠠᠳᠠᠯᠢ ᠨᠢᠭᠡᠨ ᠬᠢᠴᠢᠶᠡᠯ ᠲᠦᠷᠦᠯ ᠤᠨ ᠬᠠᠮᠤᠭ ᠤᠨ ᠳᠣᠣᠷ᠎ᠠ ᠬᠢᠵᠠᠭᠠᠷ ᠬᠤᠪᠢ ᠳᠤ ᠬᠦᠷᠦᠭᠰᠡᠨ ᠪᠤᠯ ᠴᠥᠮ ᠬᠢᠲᠠᠳ ᠢᠶᠠᠷ ᠬᠢᠴᠢᠶᠡᠯᠡᠬᠦ ᠵᠣᠬᠢᠴᠠᠩᠭᠤᠶ ᠲᠡᠰ᠂ ᠵᠣᠬᠢᠴᠠᠩᠭᠤᠶ ᠬᠢᠴᠢᠶᠡᠯ ᠲᠦᠷᠦᠯ ᠤᠨ ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠵᠦ ᠪᠤᠯᠤᠨ᠎ᠠ᠃      ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠠᠪᠰᠢᠬᠤ ᠬᠢᠲᠠᠳ ᠢᠶᠠᠷ ᠬᠢᠴᠢᠶᠡᠯᠡᠬᠦ ᠡᠯ᠎ᠡ ᠬᠢᠴᠢᠶᠡᠯ ᠲᠦᠷᠦᠯ ᠤᠨ ᠰᠣᠶᠣᠯ ᠤᠨ ᠬᠢᠴᠢᠶᠡᠯ ᠤᠨ ᠬᠠᠮᠤᠭ ᠤᠨ ᠳᠣᠣᠷ᠎ᠠ ᠬᠢᠵᠠᠭᠠᠷ ᠬᠤᠪᠢ ᠨᠢ᠄ ᠰᠣᠶᠣᠯ ᠲᠡᠦᠬᠡ᠂ ᠬᠢᠲᠠᠳ ᠡᠮᠨᠡᠯᠭᠡ ᠶᠢᠨ ᠲᠥᠷᠥᠯ 179᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ 115᠂ ᠠᠵᠤ ᠠᠬᠤᠶ ᠶᠢᠨ ᠬᠠᠮᠢᠶᠠᠷᠤᠯᠲᠠ ᠶᠢᠨ ᠲᠦᠷᠦᠯ 115᠂ ᠬᠠᠤᠯᠢ ᠶᠢᠨ ᠤᠬᠠᠭᠠᠨ ᠤ ᠲᠥᠷᠥᠯ 152᠂ ᠰᠤᠷᠭᠠᠨ ᠬᠥᠮᠦᠵᠢᠯ ᠤᠨ ᠤᠬᠠᠭᠠᠨ ᠤ ᠲᠦᠷᠦᠯ 149᠂ ᠲᠠᠷᠢᠶᠠᠯᠠᠩ ᠤᠨ ᠲᠦᠷᠦᠯ 140᠂ ᠠᠨᠠᠭᠠᠬᠤ ᠤᠬᠠᠭᠠᠨ ᠤ ᠲᠥᠷᠥᠯ 139᠂ ᠤᠷᠠᠯᠢᠭ ᠤᠨ ᠲᠥᠷᠥᠯ 115 ᠬᠤᠪᠢ ᠪᠤᠯᠤᠨ᠎ᠠ᠃      ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠠᠪᠰᠢᠬᠤ ᠮᠣᠩᠭᠤᠯ ᠢᠶᠠᠷ ᠬᠢᠴᠢᠶᠡᠯᠡᠬᠦ ᠡᠯ᠎ᠡ ᠬᠢᠴᠢᠶᠡᠯ ᠲᠦᠷᠦᠯ ᠤᠨ ᠰᠣᠶᠣᠯ ᠤᠨ ᠬᠢᠴᠢᠶᠡᠯ ᠤᠨ ᠬᠠᠮᠤᠭ ᠤᠨ ᠳᠣᠣᠷ᠎ᠠ ᠬᠢᠵᠠᠭᠠᠷ ᠬᠤᠪᠢ ᠨᠢ᠄ ᠰᠣᠶᠣᠯ ᠲᠡᠦᠬᠡ᠂ ᠬᠢᠲᠠᠳ ᠡᠮᠨᠡᠯᠭᠡ ᠶᠢᠨ ᠲᠥᠷᠥᠯ 199᠂ ᠬᠠᠤᠯᠢ ᠶᠢᠨ ᠤᠬᠠᠭᠠᠨ ᠤ ᠲᠥᠷᠥᠯ 191᠂ ᠤᠷᠠᠯᠢᠭ ᠤᠨ ᠲᠥᠷᠥᠯ 275 ᠬᠤᠪᠢ ᠪᠤᠯᠤᠨ᠎ᠠ᠃      ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠵᠢᠩᠬᠢᠨᠢ ᠠᠩᠭᠢ ᠳᠤ ᠳᠠᠪᠰᠢᠬᠤ ᠬᠢᠲᠠᠳ ᠢᠶᠠᠷ ᠬᠢᠴᠢᠶᠡᠯᠡᠬᠦ ᠡᠯ᠎ᠡ ᠬᠢᠴᠢᠶᠡᠯ ᠲᠦᠷᠦᠯ ᠤᠨ ᠰᠣᠶᠣᠯ ᠤᠨ ᠬᠢᠴᠢᠶᠡᠯ ᠤᠨ ᠬᠠᠮᠤᠭ ᠤᠨ ᠳᠣᠣᠷ᠎ᠠ ᠬᠢᠵᠠᠭᠠᠷ ᠬᠤᠪᠢ ᠨᠢ᠄ ᠰᠤᠶᠤᠯ ᠲᠡᠤᠬᠡ ᠶᠢᠨ ᠲᠦᠷᠦᠯ 196᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ 153 ᠬᠤᠪᠢ ᠪᠤᠯᠤᠨ᠎ᠠ᠃      ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠵᠢᠩᠬᠢᠨᠢ ᠠᠩᠭᠢ ᠳᠤ ᠳᠠᠪᠰᠢᠬᠤ ᠮᠣᠩᠭᠤᠯ ᠢᠶᠠᠷ ᠬᠢᠴᠢᠶᠡᠯᠡᠬᠦ ᠰᠣᠶᠣᠯ ᠲᠡᠤᠬᠡ ᠶᠢᠨ ᠲᠦᠷᠦᠯ ᠤᠨ ᠰᠤᠶᠤᠯ ᠤᠨ ᠬᠢᠴᠢᠶᠡᠯ ᠤᠨ ᠬᠠᠮᠤᠭ ᠤᠨ ᠳᠣᠣᠷ᠎ᠠ ᠬᠢᠵᠠᠭᠠᠷ ᠬᠤᠪᠢ  ᠨᠢ 364 ᠬᠤᠪᠢ ᠪᠤᠯᠤᠨ᠎ᠠ᠃      ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠤᠰᠬᠠᠶ ᠮᠡᠷᠭᠡᠵᠢᠯ ᠤᠨ ᠠᠩᠭᠢ ᠳᠤ ᠳᠠᠪᠰᠢᠬᠤ ᠬᠢᠲᠠᠳ ᠢᠶᠠᠷ ᠬᠢᠴᠢᠶᠡᠯᠡᠬᠦ ᠡᠯ᠎ᠡ ᠬᠢᠴᠢᠶᠡᠯ ᠲᠦᠷᠦᠯ ᠤᠨ ᠰᠣᠶᠣᠯ ᠤᠨ ᠬᠢᠴᠢᠶᠡᠯ ᠤᠨ ᠬᠠᠮᠤᠭ ᠤᠨ ᠳᠣᠣᠷ᠎ᠠ ᠬᠢᠵᠠᠭᠠᠷ ᠬᠤᠪᠢ ᠨᠢ᠄ ᠰᠤᠶᠤᠯ ᠲᠡᠤᠬᠡ ᠶᠢᠨ ᠲᠦᠷᠦᠯ 133᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ 127᠂ ᠤᠷᠠᠯᠢᠭ ᠤᠨ ᠲᠥᠷᠥᠯ 120᠂ ᠪᠡᠶ᠎ᠡ ᠶᠢᠨ ᠲᠠᠮᠢᠷ ᠤᠨ ᠲᠥᠷᠥᠯ 120 ᠬᠤᠪᠢ ᠪᠤᠯᠤᠨ᠎ᠠ᠃ ᠡᠭᠦᠨ ᠳᠤ ᠤᠷᠠᠯᠢᠭ ᠤᠨ ᠲᠥᠷᠥᠯ ᠪᠠ ᠪᠡᠶ᠎ᠡ ᠶᠢᠨ ᠲᠠᠮᠢᠷ ᠤᠨ ᠲᠦᠷᠦᠯ ᠤᠨ ᠮᠡᠷᠭᠡᠵᠢᠯ ᠤᠨ ᠬᠢᠴᠢᠶᠡᠯ ᠤᠨ ᠬᠠᠮᠤᠭ ᠤᠨ ᠳᠣᠣᠷ᠎ᠠ ᠬᠢᠵᠠᠭᠠᠷ ᠬᠤᠪᠢ ᠨᠢ 160 ᠪᠤᠯᠤᠨ᠎ᠠ᠃      ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠤᠰᠬᠠᠶ ᠮᠡᠷᠭᠡᠵᠢᠯ ᠤᠨ ᠠᠩᠭᠢ ᠳᠤ ᠳᠠᠪᠰᠢᠬᠤ ᠮᠤᠩᠭᠤᠯ ᠢᠶᠠᠷ ᠬᠢᠴᠢᠶᠡᠯᠡᠬᠦ ᠡᠯ᠎ᠡ ᠬᠢᠴᠢᠶᠡᠯ ᠲᠦᠷᠦᠯ ᠤᠨ ᠰᠣᠶᠣᠯ ᠤᠨ ᠬᠢᠴᠢᠶᠡᠯ ᠤᠨ ᠬᠠᠮᠤᠭ ᠤᠨ ᠳᠣᠣᠷ᠎ᠠ ᠬᠢᠵᠠᠭᠠᠷ ᠬᠤᠪᠢ ᠨᠢ᠄ ᠲᠡᠤᠬᠡ ᠰᠤᠶᠤᠯ ᠤᠨ ᠲᠦᠷᠦᠯ 256᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ 214 ᠬᠤᠪᠢ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号