ᠣᠶᠢᠷ᠎ᠠ ᠳᠤ᠂ ᠮᠠᠨᠵᠤᠤᠷ ᠬᠤᠳᠠ ᠶᠢᠨ ᠵᠢᠭᠤᠯᠴᠢᠯᠠᠯ ᠤᠨ ᠲᠤᠪᠴᠢᠶ᠎ᠠ ᠡᠪᠦᠯ ᠤᠨ ᠤᠯᠠᠷᠢᠯ ᠤᠨ | ᠵᠢᠭᠤᠯᠴᠢᠯᠠᠯ ᠤᠨ ᠠᠶᠤᠯ ᠥᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠤᠯᠪᠠ᠃ ᠶᠡᠭᠡ ᠬᠤᠷᠠᠯ ᠨᠢ ᠶᠠᠭᠤᠨ ᠤ ᠤᠷᠢᠳ ᠪᠥᠬᠦ ᠣᠷᠣᠨ ᠤ ᠠᠶᠤᠯ ᠥᠭᠡᠢ ᠦᠢᠯᠡᠳᠪᠦᠷᠢᠯᠡᠯ ᠤᠨ | ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠵᠢᠭᠤᠯᠴᠢᠯᠠᠯ ᠤᠨ | ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ ᠲᠤᠬᠠᠶ ᠳᠠᠬᠢᠨ | ᠪᠠᠶᠢᠷᠢᠯᠠᠭᠤᠯᠵᠤ᠂ ᠲᠡᠬᠢᠠ ᠨᠠᠶᠢᠳᠠᠪᠤᠷᠢᠵᠢᠭᠤᠯᠪᠠ᠃ ᠦᠵᠡᠮᠵᠢ ᠶᠢᠨ ᠣᠷᠣᠨ ᠤ ᠵᠢᠭᠤᠯᠴᠢᠯᠠᠯ ᠤᠨ ᠠᠮᠤᠷ | ᠲᠦᠪᠰᠢᠨ ᠤ ᠲᠥᠷᠢᠮ ᠲᠣᠭᠲᠠᠭᠠᠯ᠂ ᠭᠠᠯ ᠤᠨᠲᠠᠷᠠᠭᠠᠬᠤ ᠰᠣᠷᠢᠯᠲᠠ᠂ ᠤᠯᠤᠰ ᠤᠨ ᠡᠭᠦᠳᠡ ᠶᠢᠨ ᠡᠮᠦᠨ᠎ᠡ ᠬᠤᠶᠢᠨ᠎ᠠ | ᠰᠤᠪᠤᠷᠭᠠᠨ ᠠᠰᠠᠷ ᠤᠨ ᠬᠦᠮᠦᠰ ᠢ ᠲᠠᠷᠬᠠᠭᠠᠬᠤ ᠵᠠᠮ ᠤᠨ ᠪᠠᠶᠢᠳᠠᠯ᠂ ᠤᠯᠤᠰ ᠤᠨ ᠡᠭᠦᠳᠡ ᠶᠢᠨ ᠦᠵᠡᠮᠵᠢᠲᠦ | ᠣᠷᠣᠨ ᠤ ᠳᠣᠲᠣᠷᠠᠬᠢ ᠠᠶᠤᠯ ᠦᠭᠡᠢ ᠶᠢᠨ ᠵᠢᠭᠠᠯᠲᠠ ᠢᠯᠡᠷᠬᠡᠶᠢᠯᠡᠯ᠂ ᠬᠦᠮᠦᠰ ᠢ ᠠᠶᠤᠯ ᠦᠭᠡᠢ ᠪᠠᠷ ᠲᠠᠷᠬᠠᠭᠠᠬᠤ | ᠵᠢᠭᠠᠯᠲᠠ ᠢᠯᠡᠷᠬᠡᠶᠢᠯᠡᠯ᠂ ᠡᠪᠦᠯ ᠤᠨ ᠤᠯᠠᠷᠢᠯ ᠤᠨ ᠭᠤᠯᠭᠤᠬᠤ ᠠᠴᠠ ᠰᠡᠷᠭᠡᠶᠢᠯᠡᠬᠦ ᠵᠢᠭᠠᠯᠲᠠ ᠢᠯᠡᠷᠬᠡᠶᠢᠯᠡᠯ | ᠪᠠᠶᠢᠭᠤᠯᠤᠭᠰᠠᠨ ᠪᠠᠶᠢᠳᠠᠯ᠂ ᠤᠳᠦᠠ ᠲᠡᠰ ᠤᠨ ᠵᠣᠴᠢᠳ ᠤᠨ ᠪᠠᠭᠤᠳᠠᠯ ᠤᠨ ᠭᠠᠯ ᠤᠨᠲᠠᠷᠠᠭᠠᠬᠤ ᠠᠶᠤᠯ ᠦᠭᠡᠢ ᠶᠢᠨ | ᠲᠦᠷᠢᠮ᠂ ᠭᠠᠯ ᠤᠨᠲᠠᠷᠠᠭᠠᠬᠤ ᠰᠣᠷᠢᠯᠲᠠ ᠶᠢᠨ ᠮᠠᠲ᠋ᠧᠷᠢᠶᠠᠯ᠂ ᠭᠠᠯ ᠤᠨᠲᠠᠷᠠᠭᠠᠬᠤ ᠲᠥᠬᠦᠭᠡᠷᠦᠮᠵᠢ ᠶᠢ ᠰᠤᠯᠢᠭᠰᠠᠨ | ᠪᠠᠶᠢᠳᠠᠯ᠂ ᠵᠢᠭᠤᠯᠴᠢᠯᠠᠯ ᠤᠨ ᠠᠶᠤᠯ ᠥᠭᠡᠢ ᠦᠢᠯᠡᠳᠪᠦᠷᠢᠯᠡᠯ ᠤᠨ ᠲᠥᠷᠢᠮ᠂ ᠵᠢᠵᠢᠭᠦᠷᠯᠡᠬᠦ ᠲᠥᠷᠢᠮ᠂ ᠠᠶᠤᠯ | ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ᠂ ᠢᠳᠡᠭᠡᠨ ᠤ ᠠᠶᠤᠯ ᠥᠭᠡᠢ ᠶᠢᠨ ᠠᠷᠢᠭᠤᠨ ᠴᠡᠪᠡᠷ ᠤᠨ | ᠪᠠᠶᠢᠳᠠᠯ᠂ ᠵᠢᠭᠤᠯᠴᠢᠯᠠᠯ ᠤᠨ ᠭᠠᠵᠠᠷ ᠤᠨ ᠮᠥᠰᠥ ᠴᠠᠰᠤᠨ ᠤ ᠪᠠᠶᠠᠷ ᠤᠨ ᠬᠤᠭᠤᠴᠠᠭᠠᠨ ᠳᠤ ᠲᠡᠷᠭᠡ ᠲᠦᠷᠢᠶᠡᠰᠦᠯᠡᠬᠦ | ᠪᠠᠶᠢᠳᠠᠯ ᠨᠢ ᠠᠶᠤᠯ ᠦᠭᠡᠢ ᠶᠢᠨ ᠪᠠᠷᠢᠮᠵᠢᠶ᠎ᠠ ᠳᠤ ᠨᠡᠶᠢᠴᠡᠬᠦ ᠡᠰᠡᠭᠦ ᠶᠢ ᠭᠤᠤᠯᠳᠠᠯᠭ᠎ᠠ ᠲᠠᠢ ᠪᠠᠶᠢᠴᠠᠭᠠᠪᠠ᠃ | ᠳᠠᠷᠠᠭᠠᠴᠢ ᠶᠢᠨ ᠠᠯᠬᠤᠮ ᠳᠤ᠂ ᠬᠤᠳᠠ ᠶᠢᠨ ᠵᠢᠭᠤᠯᠴᠢᠯᠠᠯ ᠤᠨ ᠲᠣᠪᠴᠢᠶ᠎ᠠ ︽ᠮᠠᠨᠵᠤᠤᠷ ᠬᠤᠲᠠ ᠶᠢᠨ | ᠵᠢᠭᠤᠯᠴᠢᠯᠠᠯ ᠤᠨ ᠲᠣᠪᠴᠢᠶ᠎ᠠ ᠶᠢᠨ ᠠᠶᠤᠯ ᠦᠭᠡᠢ ᠶᠢᠨ ᠶᠡᠭᠡ ᠪᠠᠶᠢᠴᠠᠭᠠᠯᠲᠠ ᠶᠢᠨ ︿ᠵᠠᠭᠤᠨ ᠡᠳᠦᠷ ᠤᠨ | ᠰᠢᠪᠲᠤᠯᠤᠯᠲᠠ ᠶᠢᠨ ᠠᠵᠢᠯᠯᠠᠭ᠎ᠠ﹀︾ ᠶᠢᠨ ᠲᠦᠰᠦᠯ ᠤᠨ ᠶᠤᠰᠤᠭᠠᠷ᠂ ᠵᠢᠭᠤᠯᠴᠢᠯᠠᠯ ᠤᠨ ᠠᠶᠤᠯ ᠦᠭᠡᠢ ᠶᠢᠨ ᠶᠡᠭᠡ | ᠪᠠᠢᠴᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶ ᠦᠷᠨᠢᠭᠦᠯᠦᠨ᠎ᠡ᠃ |