ᠠᠷᠪᠠᠨ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠮᠥᠰᠥ ᠴᠠᠰᠤᠨ ᠤ ᠨᠠᠭᠠᠳᠤᠮ ᠢᠷᠡᠬᠦ ᠵᠢᠯ ᠤᠨ 1 ᠳ᠋ᠦ᠋ᠭᠡᠷ ᠰᠠᠷ᠎ᠠ ᠶᠢᠨ 5 ᠤ ᠡᠳᠦᠷ ᠡᠬᠢᠯᠡᠬᠦ ᠪᠤᠯᠤᠨ᠎ᠠ
ᠨᠡᠶᠢᠲᠡᠯᠡᠭᠰᠡᠨ ᠴᠠᠭ᠄
2016-12-19
     ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠠᠴᠠ ᠤᠶᠢᠯᠭᠠᠭᠰᠠᠨ ᠢᠶᠠᠷ ᠠᠷᠪᠠᠨ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠮᠥᠰᠥ ᠴᠠᠰᠤᠨ ᠤ ᠨᠠᠭᠠᠳᠤᠮ ᠵᠢᠴᠢ ᠳᠣᠯᠣᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠤᠷᠠᠯᠢᠭ ᠤᠨ ᠪᠠᠶᠠᠷ 2017 ᠤᠨ ᠤ 1 ᠳ᠋ᠦ᠋ᠭᠡᠷ ᠰᠠᠷ᠎ᠠ ᠶᠢᠨ 5 ᠤ ᠡᠳᠦᠷ ᠠᠴᠠ 9 ᠤ ᠡᠳᠦᠷ ᠪᠤᠯᠲᠠᠯ᠎ᠠ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠳᠤ ᠶᠠᠪᠤᠭᠳᠠᠬᠤ ᠪᠤᠯᠤᠨ᠎ᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠦᠬᠦ ᠬᠡᠪᠴᠢᠶᠡᠨ ᠤ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠢ ᠬᠦᠭᠵᠢᠭᠦᠯᠬᠦ ᠲᠤᠬᠠᠢ ᠲᠤᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠂ ᠮᠦᠨᠴᠦ ᠰᠦᠷᠯᠢᠭ ᠰᠠᠶᠢᠬᠠᠨ ᠥᠪᠥᠷ ᠮᠣᠩᠭᠤᠯ᠂ ᠰᠤᠳᠤᠨ ᠰᠠᠶᠢᠬᠠᠨ ᠦᠵᠡᠮᠵᠢ ᠶᠢᠨ ᠨᠡᠷᠡᠲᠦ ᠲᠡᠮᠳᠡᠭ ᠢ ᠡᠭᠦᠳᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠢᠶᠠᠨ ᠤᠯᠤᠰ ᠤᠨ ᠳᠣᠲᠣᠭᠠᠳᠤ ᠭᠠᠳᠠᠭᠠᠳᠤ ᠳᠤ ᠨᠡᠷ᠎ᠡ ᠠᠯᠳᠠᠷᠰᠢᠭᠰᠠᠨ ᠵᠢᠭᠤᠯᠴᠢᠯᠠᠯ ᠤᠨ ᠭᠠᠵᠠᠷ ᠪᠤᠯᠭᠠᠨ ᠪᠠᠶᠢᠭᠤᠯᠬᠤ ᠨᠢᠭᠡ ᠤᠳᠠᠭᠠᠨ ᠤ ᠪᠣᠳᠠᠲᠠᠶ ᠦᠢᠯᠡᠳᠦᠯᠭᠡ ᠮᠥᠨ᠃ ᠡᠨᠡ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠬᠠᠮᠲᠤᠷᠠᠨ ᠡᠷᠭᠢᠯᠡᠵᠦ᠂ ᠰᠢᠯᠢ ᠶᠢᠨ ᠭᠤᠣᠯ ᠠᠶᠢᠮᠠᠭ ᠤᠨ ᠵᠢᠭᠤᠯᠴᠢᠯᠠᠯ ᠤᠨ ᠲᠣᠪᠴᠢᠶ᠎ᠠ᠂ ᠰᠢᠯᠢ ᠶᠢᠨ ᠭᠤᠣᠯ ᠠᠶᠢᠮᠠᠭ ᠤᠨ ᠰᠣᠶᠣᠯ ᠲᠠᠮᠢᠷ ᠰᠤᠨᠢᠨ ᠮᠡᠳᠡᠭᠡ ᠷᠠᠳᠢᠤ᠋ ᠺᠢᠨᠤ᠋ ᠲᠧᠯᠸᠢᠰ ᠤᠨ ᠲᠣᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠳᠠᠭᠠᠭᠠᠨ ᠠᠪᠴᠤ ᠡᠷᠬᠢᠯᠡᠨ᠎ᠡ᠃ ᠡᠨᠡ ᠤᠳᠠᠭ᠎ᠠ ᠶᠢᠨ ᠠᠵᠢᠯᠯᠠᠭ᠎ᠠ ᠨᠢ ᠭᠤᠣᠯᠳᠠᠭᠤ ᠮᠥᠰᠥ ᠴᠠᠰᠤᠨ ᠤ ᠨᠠᠭᠠᠳᠤᠮ᠂ ᠡᠪᠦᠯ ᠤᠨ ᠤᠯᠠᠷᠢᠯ ᠤᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠤᠷᠤᠯᠳᠤᠭᠠᠨ᠂ ᠰᠢᠯᠢ ᠶᠢᠨ ᠭᠤᠣᠯ ᠠᠶᠢᠮᠠᠭ ᠤᠨ ᠣᠨᠴᠠᠯᠢᠭ ᠪᠦᠬᠦᠢ ᠵᠠᠩ ᠦᠢᠯᠡ ᠶᠢᠨ ᠪᠠᠶᠠᠷ ᠳᠤᠷᠠᠰᠬᠠᠯ ᠤᠨ ᠦᠵᠡᠭᠦᠯᠦᠭᠡ᠂ ᠤᠯᠠᠨ ᠤᠯᠤᠰ ᠪᠠ ᠤᠯᠤᠰ ᠤᠨ ᠳᠣᠲᠣᠭᠠᠳᠤ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠵᠡᠷᠭᠡ ᠠᠭᠤᠯᠭ᠎ᠠ ᠪᠠᠷ ᠪᠦᠷᠢᠯᠳᠦᠪᠡ᠃      ᠣᠷᠴᠢᠮ ᠤᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠦᠢᠯᠡᠰ ᠴᠤᠭ ᠪᠠᠳᠠᠷᠠᠩᠭᠤᠢ ᠬᠦᠭᠵᠢᠪᠡ᠃ ᠥᠪᠥᠷ ᠮᠣᠩᠭᠤᠯ ᠤᠨ ᠲᠠᠯ᠎ᠠ ᠨᠤᠲᠤᠭ ᠤᠨ ᠰᠢᠯᠢᠳᠡᠭ ᠰᠣᠶᠣᠯ᠂ ᠵᠠᠩ ᠤᠶᠢᠯᠡ ᠶᠢᠨ ᠰᠤᠶᠤᠯ ᠢ ᠵᠠᠯᠭᠠᠮᠵᠢᠯᠠᠬᠤ᠂ ᠪᠠᠳᠠᠷᠠᠭᠤᠯᠬᠤ ᠪᠠ ᠳᠡᠯᠭᠡᠨ ᠦᠵᠡᠭᠦᠯᠵᠦ᠂ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠨᠢᠭᠡᠨᠲᠡ ᠠᠷᠪᠠᠨ ᠭᠤᠷᠪᠠᠨ ᠵᠢᠯ ᠳᠠᠷᠠᠭᠠᠯᠠᠨ ᠮᠥᠰᠥ ᠴᠠᠰᠤᠨ ᠤ ᠨᠠᠭᠠᠳᠤᠮ ᠡᠷᠬᠢᠯᠡᠵᠦ᠂ ᠡᠪᠦᠯ ᠤᠨ ᠤᠯᠠᠷᠢᠯ ᠤᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠤᠷᠠᠯᠢᠭ ᠤᠨ ᠪᠠᠶᠠᠷ ᠢ ᠵᠢᠷᠭᠤᠭᠠᠨ ᠵᠢᠯ ᠳᠠᠷᠠᠭᠠᠯᠠᠨ ᠡᠷᠬᠢᠯᠡᠪᠡ᠃ ᠣᠯᠠᠨ ᠵᠢᠯ ᠤᠨ ᠪᠤᠶᠢᠵᠢᠭᠤᠯᠤᠯᠲᠠ ᠴᠤᠭᠴᠠᠯᠠᠯᠲᠠ ᠪᠠᠷ ᠳᠠᠮᠵᠢᠭᠠᠳ᠂ ᠮᠥᠰᠥ ᠴᠠᠰᠤᠨ ᠤ ᠨᠠᠭᠠᠳᠤᠮ ᠤᠨ ᠶᠡᠭᠡ ᠬᠤᠷᠠᠯ ᠪᠠ ᠡᠪᠦᠯ ᠤᠨ ᠤᠯᠠᠷᠢᠯ ᠤᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠤᠷᠠᠯᠢᠭ ᠤᠨ ᠪᠠᠶᠠᠷ ᠨᠢ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠵᠢᠭᠤᠯᠴᠢᠯᠠᠯ ᠤᠨ ᠦᠢᠯᠡᠳᠬᠦᠨ ᠪᠤᠯᠤᠭᠰᠠᠨ ᠤ ᠬᠤᠪᠢ ᠳᠤ ᠡᠳᠦᠷ ᠢᠷᠡᠬᠦᠶ᠎ᠡ ᠪᠦᠷᠢᠨᠰᠢᠵᠦ᠂ ᠥᠪᠥᠷ ᠮᠣᠩᠭᠤᠯ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠲᠤᠮᠤ ᠬᠡᠯᠪᠡᠷᠢ ᠶᠢᠨ ᠨᠡᠷᠡᠳᠦ ᠲᠠᠸᠠᠷ ᠤᠨ ᠲᠡᠮᠳᠡᠭᠲᠦ ᠶᠢᠨ ᠠᠵᠢᠯᠯᠠᠭ᠎ᠠ ᠪᠤᠯᠵᠤ᠂ ᠲᠠᠯ᠎ᠠ ᠨᠤᠲᠤᠭ ᠤᠨ ᠰᠣᠶᠣᠯ ᠢ ᠤᠯᠠᠮᠵᠢᠯᠠᠬᠤ᠂ ᠲᠠᠯ᠎ᠠ ᠨᠤᠲᠤᠭ ᠤᠨ ᠵᠢᠭᠤᠯᠴᠢᠯᠠᠯ ᠤᠨ ᠲᠠᠲᠠᠬᠤ ᠬᠦᠴᠦᠨ ᠢ ᠳᠡᠯᠭᠡᠨ ᠦᠵᠡᠭᠦᠯᠬᠦ᠂ ᠤᠯᠠᠨ ᠤᠯᠤᠰ ᠤᠨ ᠰᠣᠶᠣᠯ ᠤᠨ ᠰᠣᠯᠢᠯᠴᠠᠭ᠎ᠠ ᠶᠢ ᠲᠦᠯᠬᠢᠨ ᠠᠬᠢᠭᠤᠯᠬᠤ᠂ ᠮᠠᠯᠴᠢᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠵᠡᠷᠭᠡ ᠲᠠᠯ᠎ᠠ ᠪᠠᠷ ᠤᠯᠠᠮ ᠠᠴᠠ ᠤᠯᠠᠮ ᠴᠢᠬᠤᠯᠠ ᠦᠢᠯᠡᠳᠦᠯ ᠪᠠᠳᠠᠷᠠᠭᠤᠯᠤᠭᠰᠠᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠡᠯ᠎ᠡ ᠦᠨᠳᠦᠰᠦᠲᠡᠨ ᠤ ᠠᠷᠠᠳ ᠲᠦᠮᠡᠨ ᠪᠣᠯᠤᠨ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠤᠨ ᠳᠤᠷ᠎ᠠ ᠪᠠᠭ᠋ᠠᠷᠬᠠᠯ ᠢ ᠲᠠᠲᠠᠭᠰᠠᠭᠠᠷ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠴᠤ ᠴᠤᠭ ᠪᠠᠳᠠᠷᠠᠩᠭᠤᠢ ᠬᠦᠭᠵᠢᠵᠦ᠂ ᠵᠢᠭᠤᠯᠴᠢᠯᠠᠯ ᠤᠨ ᠠᠵᠢᠯᠯᠠᠭ᠎ᠠ ᠯᠤᠭ᠎ᠠ ᠶᠢᠨ ᠠᠭᠤᠰᠤᠯᠴᠠᠯ ᠡᠳᠦᠷ ᠢᠷᠡᠬᠦᠶ᠎ᠡ ᠨᠢᠭᠲᠠᠷᠠᠵᠤ᠂ ᠥᠪᠡᠷᠲᠡᠭᠡᠨ ᠵᠠᠰᠠᠬᠤ ᠣᠷᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠴᠢᠬᠤᠯᠠ ᠪᠦᠷᠢᠯᠳᠦᠬᠦᠨ ᠬᠡᠰᠡᠭ ᠨᠢ ᠪᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号