2015 ᠣᠨ ᠳᠤ ᠠᠯᠠᠱᠠ ᠠᠶᠢᠮᠠᠭ ᠤᠨ ᠡᠵᠡᠨ᠎ᠡ ᠬᠤᠰᠢᠭᠤ ︽ᠪᠦᠬᠦ ᠤᠯᠤᠰ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠬᠦᠭᠵᠢᠯᠲᠡ ᠶᠢᠨ ᠦᠨᠳᠦᠰᠦᠨ ᠲᠡᠩᠴᠡᠭᠦᠷᠢᠵᠢᠯᠲᠡ ᠬᠤᠰᠢᠭᠤ︾ ᠶᠢᠨ ᠬᠠᠷᠠᠯᠲᠠ ᠶᠢ | ᠬᠤᠭᠤᠴᠠᠭ᠎ᠠ ᠶᠣᠰᠤᠭᠠᠷ ᠪᠡᠶᠡᠯᠡᠭᠦᠯᠦᠭᠰᠡᠨ ᠤ ᠰᠡᠭᠦᠯᠡᠷ᠂ ᠡᠨᠡ ᠵᠢᠯ ᠠᠯᠠᠱᠠ ᠵᠡᠭᠦᠨ ᠬᠤᠰᠢᠭᠤ ᠪᠣᠯᠣᠨ ᠠᠯᠠᠱᠠ | ᠪᠠᠷᠠᠭᠤᠨ ᠬᠤᠰᠢᠭᠤ ᠶᠢᠨ ᠬᠢᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠦᠭᠵᠢᠭᠦᠯᠬᠦ ᠠᠵᠢᠯ | ᠨᠢ ᠬᠤᠰᠢᠭᠤ ᠲᠣᠭᠤᠷᠢᠭ ᠥᠪᠡᠰᠦᠪᠡᠨ ᠪᠠᠶᠢᠴᠠᠭᠠᠬᠤ᠂ ᠠᠶᠢᠮᠠᠭ ᠤᠨ ᠱᠠᠲᠤᠨ ᠤ ᠳᠠᠪᠲᠠᠨ ᠪᠠᠶᠢᠴᠠᠭᠠᠬᠤ ᠪᠠᠷ | ᠳᠠᠮᠵᠢᠭᠰᠠᠨ ᠪᠦᠭᠡᠳ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠰᠢᠯᠭᠠᠨ ᠠᠪᠬᠤ ᠶᠢ ᠤᠷᠤᠭᠰᠢᠲᠠᠢ | ᠪᠠᠲᠤᠯᠠᠭᠤᠯᠤᠭᠰᠠᠨ ᠰᠠᠭᠤᠷᠢᠨ ᠳᠡᠭᠡᠷ᠎ᠡ᠂ ᠪᠠᠰᠠ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠲᠡᠩᠴᠡᠭᠦᠷᠢᠲᠡᠶ ᠬᠥᠭᠵᠢᠬᠦ ᠶᠢ ᠰᠢᠮᠳᠠᠭᠤᠯᠤᠨ ᠵᠢᠯᠣᠭᠤᠳᠴᠤ ᠦᠨᠡᠯᠡᠨ ᠵᠢᠱᠢᠬᠦ ᠳᠤᠭᠤᠶᠢᠯᠠᠩ ᠤᠨ ᠦᠨᠡᠯᠡᠨ ᠵᠢᠱᠢᠵᠦ | ᠨᠤᠲᠠᠯᠠᠬᠤ ᠶᠢ ᠤᠭᠲᠤᠨ ᠠᠪᠤᠭᠰᠠᠨ ᠪᠠᠶᠢᠨ᠎ᠠ᠃ ᠤᠶᠢᠷ᠎ᠠ ᠳᠤ᠂ ᠬᠥᠬᠡᠬᠤᠲᠠ ᠳᠤ ᠬᠤᠷᠠᠯᠳᠤᠭᠤᠯᠤᠭᠰᠠᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠬᠦᠭᠵᠢᠯᠲᠡ ᠶᠢᠨ ᠦᠨᠳᠦᠰᠦᠨ ᠲᠡᠩᠴᠡᠭᠦᠷᠢᠵᠢᠯᠲᠡ ᠰᠢᠶᠠᠨ ︵ᠬᠤᠲᠠ᠂ | ᠲᠣᠭᠤᠷᠢᠭ᠂ ᠬᠤᠰᠢᠭᠤ︶ ᠢ ᠰᠢᠮᠳᠠᠭᠤᠯᠤᠨ ᠵᠢᠯᠣᠭᠤᠳᠴᠤ ᠪᠠᠶᠢᠴᠠᠭᠠᠭᠰᠠᠨ ᠢ ᠬᠠᠷᠢᠭᠤ ᠲᠤᠰᠬᠠᠬᠤ ᠬᠤᠷᠠᠯ ᠳᠤ᠂ | ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠧᠦ ᠴᠤᠤ ᠬᠤᠸᠠ ᠶᠡᠷᠦᠩᠬᠡᠶ ᠰᠤᠷᠭᠠᠭᠤᠯᠢ | ᠬᠢᠨᠠᠭᠴᠢ ᠠᠴᠠ᠂ ᠠᠯᠠᠱᠠ ᠠᠶᠢᠮᠠᠭ ᠤᠨ ᠵᠡᠭᠦᠨ ᠬᠤᠰᠢᠭᠤ ᠪᠣᠯᠣᠨ ᠪᠠᠷᠠᠭᠤᠨ ᠬᠤᠰᠢᠭᠤ ᠬᠢᠭᠡᠳ ᠣᠷᠣᠨ ᠤ | ᠳᠣᠲᠤᠷᠠᠬᠢ ᠪᠠᠶᠢᠴᠠᠭᠠᠨ ᠰᠢᠯᠭᠠᠯᠲᠠ ᠶᠢ ᠬᠦᠯᠢᠶᠡᠭᠰᠡᠨ ᠪᠣᠰᠤᠳ 32 ᠰᠢᠶᠠᠨ ︵ᠬᠤᠳᠠ᠂ ᠲᠣᠭᠤᠷᠢᠭ᠂ ᠬᠤᠰᠢᠭᠤ︶ | ᠨᠢ ᠪᠦᠷ ᠤᠯᠤᠰ ᠠᠴᠠ ᠲᠣᠭᠲᠠᠭᠠᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠦᠭᠵᠢᠯᠲᠡ ᠶᠢᠨ | ᠦᠨᠳᠦᠰᠦᠨ ᠲᠡᠩᠴᠡᠭᠦᠷᠢᠵᠢᠯᠲᠡ ᠶᠢᠨ ᠰᠢᠶᠠᠨ ᠤ ᠦᠨᠡᠯᠡᠨ ᠵᠢᠱᠢᠵᠦ ᠨᠤᠲᠠᠯᠠᠬᠤ ᠪᠠᠷᠢᠮᠵᠢᠶ᠎ᠠ ᠳᠤ ᠬᠦᠷᠦᠭᠰᠡᠨ ᠢ | ᠠᠯᠪᠠᠨ ᠶᠣᠰᠤᠭᠠᠷ ᠨᠡᠶᠢᠲᠡᠯᠡᠪᠡ᠃ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠳᠤᠭᠤᠶᠢᠯᠠᠩ ᠨᠢ ᠲᠤᠰ ᠤᠳᠠᠭᠠᠨ ᠤ | ᠰᠢᠮᠳᠠᠭᠤᠯᠤᠨ ᠵᠢᠯᠣᠭᠤᠳᠴᠤ ᠪᠠᠶᠢᠴᠠᠭᠠᠭᠰᠠᠨ ᠦᠷ᠎ᠡ ᠳ᠋ᠥᠩ ᠢᠶᠠᠨ ᠰᠤᠷᠭᠠᠨ ᠬᠥᠮᠦᠵᠢᠯ ᠤᠨ ᠶᠠᠮᠤᠨ ᠪᠣᠯᠣᠨ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠵᠥᠪᠯᠡᠯ ᠳᠤ | ᠮᠡᠳᠡᠭᠦᠯᠵᠦ᠂ ᠡᠴᠦᠰ ᠤᠨ ᠨᠤᠲᠠᠯᠠᠯᠲᠠ ᠶᠢ ᠨᠡᠶᠢᠲᠡᠯᠡᠭᠦᠯᠬᠦ ᠪᠠᠷ ᠭᠤᠶᠤᠴᠢᠯᠠᠪᠠ᠃ ᠣᠳᠣ ᠪᠣᠯᠲᠠᠯ᠎ᠠ᠂ ᠲᠤᠰ ᠠᠶᠢᠮᠠᠭ | ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠦᠭᠵᠢᠯᠲᠡ ᠶᠢᠨ ᠦᠨᠳᠦᠰᠦᠨ ᠲᠡᠩᠴᠡᠭᠦᠷᠢᠵᠢᠯᠲᠡ ᠬᠤᠰᠢᠭᠤ ᠶᠢ ᠪᠦᠬᠦᠯᠢ ᠴᠣᠭᠴᠠ ᠪᠠᠷ ᠨᠢ | ᠪᠡᠶᠡᠯᠡᠭᠦᠯᠦᠭᠰᠡᠨ ᠠᠶᠢᠮᠠᠭ ︵ᠬᠤᠲᠠ︶ ᠪᠣᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠦᠨᠳᠦᠰᠦᠨ ᠳᠡᠭᠡᠨ | ᠲᠡᠩᠴᠡᠭᠦᠷᠢᠲᠡᠶ ᠬᠦᠭᠵᠢᠬᠦ ᠶᠢ ᠪᠡᠶᠡᠯᠡᠭᠦᠯᠦᠭᠰᠡᠨ ᠬᠥᠮᠦᠨ ᠠᠮᠠ ᠶᠢᠨ ᠪᠦᠷᠬᠦᠴᠡ ᠶᠢᠨ ᠨᠤᠷᠮ᠎ᠠ ᠨᠢ 100% ᠳᠤ | ᠬᠦᠷᠦᠭᠰᠡᠨ ᠪᠠᠶᠢᠨ᠎ᠠ᠃ ᠡᠨᠡ ᠨᠢ ᠲᠤᠰ ᠠᠶᠢᠮᠠᠭ ᠤᠨ 2000 ᠣᠨ ᠳᠤ ︽ᠬᠤᠶᠠᠷ ᠦᠨᠳᠦᠰᠦᠨ︾ ᠢ | ᠪᠡᠶᠡᠯᠡᠭᠦᠯᠦᠭᠰᠡᠨ ᠠᠴᠠ ᠨᠠᠰᠢᠬᠢ ᠰᠠᠭᠤᠷᠢ ᠰᠤᠷᠭᠠᠨ ᠬᠥᠮᠦᠵᠢᠯ ᠤᠨ ᠲᠠᠯ᠎ᠠ ᠳᠤ ᠣᠯᠤᠭᠰᠠᠨ ᠴᠢᠬᠤᠯᠠ ᠶᠡᠭᠡ | ᠲᠡᠦᠬᠡᠲᠦ ᠴᠢᠨᠠᠷᠲᠠᠶ ᠰᠢᠪᠲᠤᠯᠤᠯᠲᠠ ᠪᠣᠯᠵᠤ᠂ ᠲᠤᠰ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠲᠡᠩᠴᠡᠭᠦᠷᠢᠲᠡᠶ ᠬᠥᠭᠵᠢᠯᠲᠡ ᠨᠢ ᠨᠢᠭᠡᠨᠲᠡ ᠲᠡᠦᠬᠡ ᠶᠢᠨ ᠰᠢᠨ᠎ᠡ ᠡᠬᠢᠯᠡᠯᠲᠡ ᠲᠠᠢ ᠪᠣᠯᠵᠤ᠂ ᠴᠢᠨᠠᠷ ᠰᠠᠶᠢᠲᠠᠶ ᠪᠦᠭᠡᠳ | ᠲᠡᠩᠴᠡᠭᠦᠷᠢᠲᠡᠶ ᠬᠦᠭᠵᠢᠬᠦ ᠳᠣᠲᠣᠭᠠᠳᠤ ᠠᠭᠤᠯᠤᠭᠳᠠᠬᠤᠨ ᠤ ᠬᠡᠯᠪᠡᠷᠢ ᠶᠢᠨ ᠬᠥᠭᠵᠢᠯᠲᠡ ᠶᠢᠨ ᠰᠢᠨ᠎ᠡ ᠱᠠᠲᠤᠨ ᠳᠤ | ᠤᠷᠤᠭᠰᠠᠨ ᠢ ᠬᠠᠷᠠᠭᠤᠯᠵᠤ ᠪᠠᠶᠢᠨ᠎ᠠ᠃ | ᠠᠯᠠᠱᠠ ᠠᠶᠢᠮᠠᠭ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠦᠭᠵᠢᠯᠲᠡ ᠶᠢᠨ ᠦᠨᠳᠦᠰᠦᠨ | ᠲᠡᠩᠴᠡᠭᠦᠷᠢᠵᠢᠯᠲᠡ ᠬᠤᠰᠢᠭᠤ ᠶᠢᠨ ᠬᠠᠷᠠᠯᠲᠠ ᠶᠢ ᠤᠷᠢᠳᠴᠢᠯᠠᠨ ᠪᠦᠬᠦᠯᠢ ᠴᠣᠭᠴᠠ ᠪᠠᠷ ᠪᠡᠶᠡᠯᠡᠭᠦᠯᠦᠭᠰᠡᠨ ᠨᠢ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠯᠢᠪᠠ ᠰᠤᠷᠬᠤ | ᠨᠠᠰᠤᠨ ᠳᠤ ᠬᠦᠷᠦᠭᠰᠡᠨ ᠬᠡᠦᠬᠡᠳ ᠪᠠᠭᠠᠴᠤᠳ ᠢ ︽ᠰᠠᠶᠢᠨ ᠰᠤᠷᠭᠠᠭᠤᠯᠢ ᠳᠤ ᠰᠠᠭᠤᠯᠭᠠᠬᠤ︾ ᠶᠢ ᠴᠢᠷᠮᠠᠶᠢᠨ | ᠪᠡᠶᠡᠯᠡᠭᠦᠯᠵᠦ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠬᠥᠮᠦᠨ ᠤ ᠪᠦᠬᠦ ᠲᠠᠯ᠎ᠠ ᠪᠠᠷ ᠬᠦᠭᠵᠢᠬᠦ ᠪᠠ | ᠰᠤᠷᠭᠠᠨ ᠬᠥᠮᠦᠵᠢᠯ ᠤᠨ ᠲᠥᠪ ᠭᠤᠣᠯᠴᠢ ᠶᠢ ᠠᠬᠢᠭᠤᠯᠵᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ | ᠰᠤᠷᠭᠠᠨ ᠬᠥᠮᠦᠵᠢᠯ ᠡᠷᠬᠢᠯᠡᠨ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ ᠳᠤ ᠴᠢᠬᠤᠯᠠ ᠶᠡᠭᠡ ᠪᠣᠳᠠᠲᠤ ᠠᠴᠢ | ᠬᠤᠯᠪᠣᠭᠳᠠᠯ ᠪᠣᠯᠣᠨ ᠠᠯᠤᠰ ᠬᠡᠲᠦ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃ |