2017 ᠣᠨ ᠤ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ︽ᠪᠡᠶ᠎ᠡ ᠶᠢᠨ ᠲᠠᠮᠢᠷ ᠤᠨ ᠠᠰ ᠲᠤᠨᠢ ᠡᠯᠰᠡᠬᠦ︾ ᠡᠪᠦᠯ ᠤᠨ ᠤᠯᠠᠷᠢᠯ ᠤᠨ ᠲᠥᠷᠥᠯ ᠳᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠨᠡᠷ᠎ᠡ ᠮᠡᠳᠡᠭᠦᠯᠦᠨ᠎ᠡ
ᠨᠡᠶᠢᠲᠡᠯᠡᠭᠰᠡᠨ ᠴᠠᠭ᠄
2016/12/20
     ᠣᠶᠢᠷ᠎ᠠ ᠳᠤ᠂ 2017 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠲᠠᠮᠢᠷ ᠤᠨ ᠬᠥᠳᠡᠯᠭᠡᠭᠡᠨ ᠤ ᠰᠤᠷᠭᠠᠭᠤᠯᠢᠯᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠳᠤ ᠰᠤᠷᠤᠭᠴᠢ ᠡᠯᠰᠡᠬᠦ ︵︽ᠪᠡᠶ᠎ᠡ ᠶᠢᠨ ᠲᠠᠮᠢᠷ ᠤᠨ ᠠᠰ ᠲᠤᠨᠢ ᠡᠯᠰᠡᠬᠦ︾ ᠭᠡᠵᠦ ᠲᠣᠪᠴᠢᠯᠠᠨ᠎ᠠ︶ ᠡᠪᠦᠯ ᠤᠨ ᠤᠯᠠᠷᠢᠯ ᠤᠨ ᠲᠥᠷᠥᠯ ᠳᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠨᠡᠷ᠎ᠡ ᠮᠡᠳᠡᠭᠦᠯᠦᠨ᠎ᠡ᠃      ᠲᠠᠨᠢᠯᠴᠠᠭᠤᠯᠤᠭᠰᠠᠨ ᠢᠶᠠᠷ᠂ ᠰᠢᠯᠭᠠᠭᠤᠯᠤᠭᠴᠢᠳ ᠨᠡᠷ᠎ᠡ ᠮᠡᠳᠡᠭᠦᠯᠬᠦ ᠳᠤ 2017 ᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ︔ ᠲᠠᠮᠢᠷ ᠤᠨ ᠬᠥᠳᠡᠯᠭᠡᠭᠡᠨ ᠤ ᠰᠤᠷᠭᠠᠭᠤᠯᠢᠯᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠳᠤ ᠲᠣᠬᠢᠷᠠᠭᠤᠯᠤᠭᠰᠠᠨ ᠲᠥᠷᠥᠯ ᠤᠨ ᠬᠤᠶᠠᠳᠤᠭᠠᠷ ᠳᠠᠰ ᠤᠨ ᠲᠠᠮᠢᠷᠴᠢᠨ ︵ᠲᠤᠰ ᠲᠤᠰ ᠪᠠᠭᠲᠠᠨ᠎ᠠ︶᠎ ᠠᠴᠠ ᠳᠡᠭᠡᠭᠰᠢᠬᠢ ᠬᠥᠳᠡᠯᠭᠡᠭᠡᠨ ᠤ ᠮᠡᠷᠭᠡᠵᠢᠯ ᠤᠨ ᠵᠡᠷᠭᠡ ᠳᠡᠰ ᠤᠨ ᠴᠣᠯᠠ ᠲᠠᠢ ᠪᠠᠶᠢᠬᠤ ᠬᠡᠷᠡᠭᠲᠡᠢ᠃ ᠲᠠᠮᠢᠷ ᠤᠨ ᠲᠠᠮᠢᠷ ᠤᠨ ᠬᠥᠳᠡᠯᠭᠡᠭᠡᠨ ᠤ ᠰᠤᠷᠭᠠᠭᠤᠯᠢᠯᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠳᠤ ᠰᠣᠶᠣᠯ ᠤᠨ ᠰᠢᠯᠭᠠᠯᠲᠠ ᠪᠠ ᠪᠡᠶ᠎ᠡ ᠤᠨ ᠲᠠᠮᠢᠷ ᠲᠤᠰᠬᠠᠶ ᠵᠦᠢᠯ ᠤᠨ ᠰᠢᠯᠭᠠᠯᠲᠠ ᠶᠢ ᠤᠶᠠᠯᠳᠤᠭᠤᠯᠬᠤ ᠠᠷᠭ᠎ᠠ ᠶᠢ ᠬᠡᠷᠡᠭᠵᠢᠭᠦᠯᠦᠨ᠎ᠡ᠃ ᠰᠢᠯᠭᠠᠭᠤᠯᠤᠭᠴᠢᠳ ᠡᠷᠬᠡᠪᠰᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠰᠣᠶᠣᠯ ᠤᠨ ᠰᠢᠯᠭᠠᠯᠲᠠ ᠳᠤ ᠣᠷᠣᠯᠴᠠᠬᠤ ᠬᠡᠷᠡᠭᠲᠡᠢ᠃ ᠰᠣᠶᠣᠯ ᠤᠨ ᠰᠢᠯᠭᠠᠯᠲᠠ ᠶᠢᠨ ᠬᠢᠴᠢᠶᠡᠯ ᠲᠥᠷᠥᠯ ᠨᠢ ᠬᠡᠯᠡ ᠪᠢᠴᠢᠭ᠂ ᠲᠣᠭᠠᠨ ᠤ ᠤᠬᠠᠭᠠᠨ᠂ ᠤᠯᠤᠰ ᠲᠥᠷᠥ᠂ ᠠᠩᠭ᠍ᠯᠢ ᠬᠡᠯᠡ ᠵᠡᠷᠭᠡ ᠳᠥᠷᠪᠡᠨ ᠲᠥᠷᠥᠯ ᠪᠠᠶᠢᠵᠤ᠂ ᠬᠢᠴᠢᠶᠡᠯ ᠪᠦᠷᠢ ᠶᠢᠨ ᠪᠦᠷᠢᠨ ᠬᠤᠪᠢ ᠨᠢ 150 ᠬᠤᠪᠢ᠂ ᠳᠥᠷᠪᠡᠨ ᠬᠢᠴᠢᠶᠡᠯ ᠤᠨ ᠪᠦᠷᠢᠨ ᠬᠤᠪᠢ ᠨᠢ 600 ᠬᠤᠪᠢ ᠪᠣᠯᠤᠨ᠎ᠠ᠃ ᠰᠢᠯᠭᠠᠯᠲᠠ ᠶᠢᠨ ᠴᠠᠭ ᠨᠢ᠄ 2017 ᠣᠨ ᠤ 4 ᠳ᠋ᠦ᠋ᠭᠡᠷ ᠰᠠᠷ᠎ᠠ ᠶᠢᠨ 22᠎ ᠤ ᠡᠳᠦᠷ — 30᠎ ᠤ ᠡᠳᠦᠷ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号