ᠪᠦᠬᠦ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠠᠵᠢᠯ ᠤᠨ ᠬᠤᠷᠠᠯ | ᠬᠦᠬᠡᠬᠤᠳᠠ ᠳᠤ ᠬᠤᠷᠠᠯᠳᠤᠵᠤ | ᠦᠵᠡᠯ ᠰᠠᠨᠠᠭ᠎ᠠ ᠪᠠᠨ ᠴᠢᠯᠦᠭᠡᠯᠡᠨ ᠴᠤᠴᠠᠯᠳᠠ ᠦᠭᠡᠢ ᠤᠷᠤᠭᠰᠢᠯᠠᠵᠤ ᠨᠡᠶᠢᠳᠡ ᠶᠢᠨ ᠦᠮᠴᠢᠯᠡᠯ ᠤᠨ ᠪᠤᠰᠤ | ᠠᠵᠤ ᠠᠬᠤᠢ ᠶᠢᠨ ᠬᠦᠭᠵᠢᠯᠳᠡ ᠶᠢᠨ ᠰᠢᠨ᠎ᠠ ᠳᠠᠪᠠᠯᠳᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠳᠠᠢ | ᠯᠢ ᠵᠢᠢ ᠾᠧᠩ ᠴᠢᠬᠤᠯᠠ ᠶᠠᠷᠢᠶ᠎ᠠ ᠳᠠᠯᠪᠢᠵᠤ ᠪᠦ᠋ ᠰᠢᠶᠤᠤ ᠯᠢᠨ ᠬᠤᠷᠠᠯ ᠡᠷᠬᠢᠯᠡᠭᠰᠡᠨ ᠪᠦᠭᠡᠳ ᠶᠠᠷᠢᠶ᠎ᠠ | ᠳᠠᠯᠪᠢᠵᠤ ᠷᠧᠨ ᠶᠠ ᠫᠢᠩ ᠨᠠᠷ ᠤᠷᠤᠯᠴᠠᠵᠠᠢ | | 12 ᠳ᠋ᠤᠭᠠᠷ ᠳ᠋ᠤᠭᠠᠷ ᠰᠠᠷ᠎ᠠ ᠶᠢᠨ 20 ᠤ ᠡᠳᠦᠷ᠂ ᠪᠦᠬᠦ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ | ᠠᠵᠤ ᠠᠬᠤᠢ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ | 12 ᠳ᠋ᠤᠭᠠᠷ ᠳ᠋ᠤᠭᠠᠷ ᠰᠠᠷ᠎ᠠ ᠶᠢᠨ 20 ᠤ ᠡᠳᠦᠷ᠂ ᠪᠦᠬᠦ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ | ᠠᠵᠤ ᠠᠬᠤᠢ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ | ᠤᠨ ᠬᠤᠷᠢᠶ᠎ᠠ ᠶᠢᠨ ᠱᠦᠵᠢ ᠯᠢ ᠵᠢᠢ ᠾᠧᠩ ᠬᠤᠷᠠᠯ ᠳᠤ ᠤᠷᠤᠯᠴᠠᠨ ᠴᠢᠬᠤᠯᠠ ᠶᠠᠷᠢᠶ᠎ᠠ ᠲᠠᠯᠪᠢᠪᠡ᠃ ᠯᠢ ᠵᠢᠢ ᠾᠧᠩ | ᠂ ᠶᠡᠷᠦᠩᠬᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠳᠤᠭᠤᠷᠢᠨ ᠳᠤ | ᠤᠯᠡᠮ ᠴᠢᠩᠭ᠎ᠠ ᠨᠢᠭᠳᠠᠷᠠᠨ ᠪᠦᠯᠬᠦᠮᠳᠠᠵᠤ᠂ ᠦᠵᠡᠯ ᠰᠠᠨᠠᠭ᠎ᠠ ᠪᠠᠨ ᠴᠢᠨᠠᠭᠰᠢᠳᠠ ᠴᠢᠯᠦᠭᠡᠯᠡᠨ᠂ ᠳᠤᠷᠰᠢᠯᠭ᠎ᠠ ᠪᠠᠨ | ᠳ᠋ᠦᠩᠨᠠᠨ᠂ ᠢᠳᠡᠭᠡᠯ ᠢᠶᠠᠨ ᠪᠠᠳᠤᠳᠬᠠᠵᠤ᠂ ᠡᠷᠴᠢ ᠵᠤᠷᠢᠭ ᠢᠶᠠᠨ ᠬᠦᠪᠴᠢᠯᠡᠨ᠂ ᠴᠤᠴᠠᠯᠳᠠ ᠦᠭᠡᠢ ᠤᠷᠤᠭᠰᠢᠯᠠᠵᠤ᠂ | ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠳᠠᠪᠠᠯᠳᠠ ᠶᠢ | ᠪᠡᠶᠡᠯᠡᠭᠦᠯᠬᠦ ᠶᠢ ᠪᠦᠬᠦ ᠬᠦᠴᠦᠨ ᠢᠶᠠᠷ ᠳᠦᠯᠬᠢᠨ ᠠᠭᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠬᠤ | ᠰᠢᠢᠳᠪᠦᠷᠢᠳᠤ ᠳᠠᠶᠢᠯᠠᠯᠳᠤᠭᠠᠨ᠂ ᠤᠳᠤᠬᠢᠴᠢᠯᠠᠭᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ᠂ ᠡᠭᠡ ᠤᠯᠤᠰ | ᠤᠨ ᠤᠮᠠᠷᠠᠳᠤ ᠶᠢᠨ ᠦᠵᠡᠮᠵᠢ ᠶᠢᠨ ᠤᠷᠤᠨ ᠢ ᠨᠡᠩ ᠦᠵᠡᠰᠭᠦᠯᠡᠩᠳᠤ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠳᠤ | ᠰᠢᠨ᠎ᠠ ᠨᠡᠩ ᠶᠡᠭᠡ ᠵᠢᠳᠭᠦᠯ ᠭᠠᠷᠭᠠᠬᠤ ᠬᠡᠷᠡᠭᠳᠠᠢ ᠭᠡᠵᠦ ᠴᠢᠬᠤᠯᠠᠴᠢᠯᠠᠪᠠ᠃ | ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ ᠦᠳᠡ ᠶᠢᠨ ᠡᠮᠦᠨᠡᠬᠢ ᠪᠦᠭᠦᠳᠠ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠳᠠᠯᠪᠢᠪᠠ | ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠢᠭᠡᠳᠦᠮᠡᠯ ᠹᠷᠤᠨᠲ ᠤᠨ | ᠬᠡᠯᠳᠡᠰ ᠤᠨ ᠲᠠᠷᠤᠭ᠎ᠠ ᠸᠠᠩ ᠯᠢ ᠰᠢᠶᠠ ᠳ᠋ᠦᠩᠨᠡᠯᠳᠡ ᠶᠢᠨ ᠶᠠᠷᠢᠶ᠎ᠠ ᠲᠠᠯᠪᠢᠵᠤ᠂ ᠦᠪᠡᠷᠳᠡᠭᠡᠨ ᠵᠠᠰᠬᠠᠤ ᠤᠷᠤᠨ ᠤ | ᠲᠡᠳ᠋ ᠲᠡᠷᠢᠭᠦᠯᠡᠭᠴᠢ ᠸᠠᠩ ᠪᠦᠸᠧ ᠦᠳᠡ ᠶᠢᠨ ᠬᠤᠶᠢᠨᠡᠬᠢ ᠬᠤᠷᠠᠯ ᠢ ᠡᠷᠬᠢᠯᠡᠵᠡᠢ᠃ ᠦᠪᠡᠷᠳᠡᠭᠡᠨ ᠵᠠᠰᠠᠬᠤ ᠤᠷᠤᠨ | ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ | ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠤᠨᠬᠤ ᠨᠦᠬᠦᠳ ᠬᠤᠷᠠᠯ ᠳᠤ ᠤᠷᠤᠯᠴᠠᠵᠠᠢ᠃ | ᠯᠢ ᠵᠢᠢ ᠾᠧᠩ ᠶᠠᠷᠢᠶᠠᠨ ᠳᠠᠭᠠᠨ ᠵᠢᠭᠠᠵᠤ ᠭᠠᠷᠭᠠᠬᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢ ᠶᠡᠷᠦᠩᠬᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ | ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ | ᠨᠢᠭᠡᠨ ᠰᠢᠷᠢᠰ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠲᠤᠭᠳᠠᠭᠠᠨ᠂ ᠮᠠᠨ ᠤ ᠨᠠᠮ ᠤᠨ | ᠦᠨᠳᠦᠰᠦᠨ ᠠᠵᠤ ᠠᠬᠤᠢ ᠶᠢᠨ ᠲᠦᠷᠢᠮ ᠢ ᠪᠠᠷᠢᠮᠳᠠᠯᠠᠬᠤ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ | ᠬᠦᠭᠵᠢᠯᠳᠡ ᠶᠢ ᠵᠤᠷᠢᠭᠵᠢᠭᠤᠯᠤᠨ ᠳᠡᠮᠵᠢᠭᠦ ᠦᠵᠡᠯᠳᠡ ᠳᠤᠳᠤᠷᠬᠠᠢ ᠪᠦᠭᠡᠳ ᠢᠮᠠᠭᠳᠠ ᠪᠠᠶᠢᠳᠠᠭ ᠢ ᠬᠦᠢᠴᠡᠳ | ᠢᠯᠡᠷᠭᠡᠶᠢᠯᠡᠭᠰᠡᠨ ᠪᠦᠭᠡᠳ ᠳᠠᠰᠤᠷᠠᠯᠳᠠ ᠦᠭᠡᠢ ᠬᠦᠨᠵᠡᠭᠡᠶᠢᠷᠡᠭᠦᠯᠵᠤ᠂ ᠭᠤᠶᠢᠪᠢᠰᠢ ᠦᠭᠡᠢ ᠪᠠᠷᠢᠮᠳᠠᠯᠠᠭᠰᠠᠭᠠᠷ ᠢᠷᠡᠵᠡᠢ | ᠃ ᠪᠢᠳᠡ ᠲᠦᠪ ᠤᠨ ᠵᠤᠷᠢᠭ ᠰᠠᠨᠠᠭ᠎ᠠ ᠶᠢ ᠡᠷᠬᠡᠪᠰᠢ ᠨᠠᠷᠢᠨ ᠬᠢᠨᠠᠮᠠᠭᠠᠢ ᠰᠤᠷᠤᠯᠴᠠᠨ ᠬᠦᠨᠵᠡᠭᠡᠢ ᠤᠢᠢᠯᠠᠭᠠᠵᠤ᠂ | ᠳᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠤᠳᠠᠳᠠᠢ ᠲᠠᠢ ᠪᠠᠨ ᠨᠢᠭᠳᠠ ᠤᠶᠠᠯᠳᠤᠭᠤᠯᠬᠤ ᠬᠡᠷᠡᠭᠳᠡᠢ ᠬᠡᠵᠡᠢ᠃ | ᠯᠢ ᠵᠢᠢ ᠾᠧᠩ ᠵᠢᠭᠠᠵᠤ ᠭᠠᠷᠭᠠᠬᠰᠠᠨ ᠨᠢ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ | ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠳᠤᠷᠠᠳᠤᠭᠰᠠᠨ ᠳᠡᠮᠡᠴᠡᠭᠦ ᠬᠠᠷᠠᠯᠳᠠ ᠶᠢ ᠪᠡᠶᠡᠯᠡᠭᠦᠯᠭᠦ ᠳᠤ | ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠨᠢ ᠡᠷᠬᠡᠪᠰᠢ ᠲᠤᠯᠭᠠᠭᠤᠷᠢ ᠪᠤᠯᠵᠤ ᠬᠦᠨᠳᠦ ᠳᠠᠷᠤᠭᠠᠰᠤ ᠶᠢ | ᠡᠬᠦᠷᠭᠡᠯᠡᠨ ᠵᠢᠳᠭᠦᠯ ᠭᠠᠷᠭᠠᠬᠤ ᠬᠡᠷᠡᠭᠳᠠᠢ᠃ ᠤᠢᠢᠷ᠎ᠠ ᠶᠢᠨ ᠵᠢᠯ ᠤᠨ ᠳᠤᠷᠰᠢ᠂ ᠮᠠᠨ ᠤ ᠤᠷᠤᠨ ᠤ ᠨᠡᠶᠢᠳᠡ ᠶᠢᠨ | ᠦᠮᠴᠢᠯᠡᠯ ᠤᠨ ᠪᠤᠰᠤ ᠠᠵᠤ ᠠᠬᠤᠢ ᠤᠷᠳᠤ ᠬᠤᠭᠤᠴᠠᠭᠠᠨ ᠤ ᠭᠦᠭᠵᠢᠯᠳᠡ ᠲᠠᠢ ᠪᠤᠯᠤᠭᠰᠠᠨ ᠪᠤᠯᠪᠠᠴᠦ ᠪᠦᠬᠦ | ᠤᠯᠤᠰ ᠵᠢᠴᠢ ᠬᠦᠭᠵᠢᠭᠰᠡᠨ ᠮᠤᠵᠢ ᠤᠷᠤᠨ ᠲᠠᠢ ᠠᠳᠠᠯᠢᠳᠬᠠᠪᠠᠯ ᠪᠠᠰᠠ ᠨᠡᠯᠢᠶᠡᠳ ᠶᠡᠭᠡ ᠵᠦᠷᠢᠶ᠎ᠠ ᠲᠠᠢ ᠪᠠᠶᠢᠬᠰᠠᠭᠠᠷ᠃ | ᠵᠤᠬᠢᠬᠤ ᠤᠤᠠᠬ᠎ᠠ ᠠᠭᠤᠯᠭ᠎ᠠ ᠠᠴᠠ ᠬᠡᠯᠡᠪᠡᠯ᠂ ᠦᠪᠦᠷ ᠮᠤᠩᠭᠤᠯ ᠤᠨ ᠠᠵᠤ ᠠᠬᠤᠢ ᠶᠢᠨ ᠬᠦᠭᠵᠢᠯᠳᠡ ᠶᠢᠨ | ᠢᠷᠡᠭᠡᠳᠦᠢ ᠠᠷᠠᠳ ᠤᠨ ᠳᠤᠮᠳᠠ ᠪᠤᠢ᠂ ᠠᠮᠢᠵᠢᠷᠠᠯ ᠤᠨ ᠬᠦᠴᠤᠨ ᠠᠷᠠᠳ ᠠᠴᠠ ᠡᠷᠭᠢᠯᠡᠭᠦ ᠳᠤ ᠪᠤᠢ᠂ ᠬᠦᠳᠡᠯᠭᠡᠭᠴᠢ | ᠬᠦᠴᠦᠨ ᠠᠷᠠᠳ ᠤᠨ ᠪᠡᠯᠠ ᠮᠦᠡᠭᠭᠦ ᠳᠤ ᠪᠤᠢ᠃ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ | ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠳᠤᠬᠳᠠᠭᠠᠭᠰᠠᠨ ᠠᠤᠭ᠎ᠠ ᠬᠠᠷᠠᠯᠳᠠ ᠶᠢ ᠪᠡᠶᠡᠯᠡᠭᠦᠯᠬᠦ ᠳᠤ ᠡᠷᠬᠡᠪᠰᠢ | ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠴᠢᠯᠦᠭᠡᠳᠠᠢ ᠬᠦᠭᠵᠢᠭᠦᠯᠬᠦ ᠬᠡᠷᠡᠭᠳᠠᠢ᠃ ᠦᠪᠡᠷᠳᠡᠭᠡᠨ ᠵᠠᠰᠠᠬᠤ | ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠳᠤᠷᠠᠳᠤᠭᠰᠠᠨ ᠴᠢᠬᠤᠯᠠ | ᠶᠡᠭᠡ ᠠᠷᠭ᠎ᠠ ᠭᠡᠮᠵᠢᠶ᠎ᠠ ᠨᠢ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠬᠦᠭᠵᠢᠭᠦᠯᠬᠦ ᠳᠤ ᠦᠷᠭᠡᠨ | ᠠᠭᠤᠳᠠᠮ ᠭᠦᠭᠵᠢᠯᠳᠡ ᠶᠢᠨ ᠤᠷᠤᠨ ᠵᠠᠢ ᠬᠠᠩᠭᠠᠨ ᠦᠭᠴᠦ᠂ ᠠᠵᠠ ᠳᠤᠬᠢᠶᠠᠯ ᠬᠠᠩᠭᠠᠵᠤ᠂ ᠮᠠᠨ ᠤ ᠤᠷᠤᠨ ᠤ | ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢᠨ ᠰᠠᠷᠠᠭᠤᠯ ᠢᠷᠡᠭᠡᠳᠦᠢ ᠶᠢ ᠪᠤᠢ ᠪᠤᠯᠭᠠᠵᠠᠢ᠃ | ᠪᠦᠬᠦ ᠤᠷᠤᠨ ᠤ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠡᠯ᠎ᠡ ᠪᠠᠶᠢᠭᠤᠯᠭ᠎ᠠ ᠨᠢᠭᠡᠴᠡ ᠡᠷᠭᠡᠪᠰᠢ ᠪᠠᠶᠢᠯᠳᠤᠬᠤ | ᠪᠤᠳᠤᠯᠭ᠎ᠠ ᠪᠠ ᠪᠦᠬᠦ ᠳᠠᠯ᠎ᠠ ᠶᠢᠨ ᠦᠨᠳᠦᠷᠴᠡ ᠠᠴᠠ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢ | ᠲᠦᠷᠭᠡᠳᠭᠡᠨ ᠬᠦᠭᠵᠢᠭᠦᠯᠬᠦ ᠶᠢᠨ ᠴᠢᠬᠤᠯᠠ ᠠᠴᠢ ᠬᠤᠯᠪᠤᠭᠳᠠᠯ ᠢ ᠬᠦᠨᠵᠡᠭᠡᠢ ᠳᠠᠨᠢᠵᠤ᠂ ᠤᠬᠠᠮᠰᠠᠷ ᠠᠴᠠ ᠪᠠᠨ ᠴᠠᠭ | ᠦᠶ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠤ | ᠠᠬᠤᠢ ᠶᠢᠨ ᠬᠦᠭᠵᠢᠯᠳᠡ ᠶᠢᠨ ᠴᠣ᠋ ᠰᠢᠨ᠎ᠠ ᠪᠠᠶᠢᠳᠠᠯ ᠢ ᠴᠢᠷᠮᠠᠶᠢᠨ ᠨᠡᠭᠡᠭᠡᠭᠦ ᠬᠡᠷᠡᠭᠳᠠᠢ ᠬᠡᠵᠠᠢ᠃ | ᠯᠢ ᠵᠢᠢ ᠾᠧᠩ ᠴᠢᠬᠤᠯᠠᠴᠢᠯᠠᠬᠰᠠᠨ ᠨᠢ᠂ ᠬᠦᠭᠵᠢᠯᠳᠡ ᠶᠢᠨ ᠰᠢᠨ᠎ᠠ ᠣᠨᠣᠯᠵᠢᠬᠤᠨ ᠢᠶᠠᠷ ᠵᠢᠯᠤᠭᠤᠳᠤᠯᠭ᠎ᠠ | ᠪᠤᠯᠭᠠᠨ᠂ ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢᠨ ᠬᠠᠷᠠᠯᠳᠠ | ᠪᠤᠯᠤᠨ ᠰᠡᠳᠬᠢᠴᠡ ᠶᠢ ᠴᠢᠨᠠᠭᠰᠢᠳᠠ ᠳᠤᠳᠤᠷᠬᠠᠢᠢᠯᠠᠬᠤ ᠬᠡᠷᠡᠭᠳᠠᠢ᠃ ᠬᠤᠶᠢᠰᠢᠳᠠ ᠶᠢᠨ 5 ᠵᠢᠯ ᠳᠤ ᠨᠡᠶᠢᠳᠡ ᠶᠢᠨ | ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢᠨ ᠭᠤᠤᠯ ᠡᠭᠦᠷᠭᠡ ᠪᠤᠯ ᠬᠦᠭᠵᠢᠯᠳᠡ ᠶᠢ ᠲᠦᠷᠭᠡᠳᠭᠡᠵᠤ᠂ | ᠡᠵᠡᠯᠡᠭᠦ ᠬᠠᠷᠢᠴᠠᠯ ᠢ ᠳᠡᠭᠡᠭᠰᠢᠯᠡᠭᠦᠯᠵᠤ᠂ ᠬᠢᠷᠢ ᠲᠦᠪᠰᠢᠨ ᠢᠶᠠᠨ ᠳᠡᠰ ᠳᠡᠪᠰᠢᠭᠦᠯᠭᠦ ᠶᠢ ᠠᠬᠢᠭᠤᠯᠬᠤ ᠬᠡᠷᠡᠭᠳᠠᠢ᠃ | ᠳᠡᠭᠡᠷ᠎ᠠ ᠳᠤᠷᠠᠳᠤᠭᠰᠠᠨ ᠬᠠᠷᠠᠯᠳᠠ ᠶᠢ ᠪᠡᠶᠡᠯᠡᠭᠦᠯᠬᠦ ᠳᠤ ᠰᠢᠨ᠎ᠠ ᠬᠦᠭᠵᠢᠯᠳᠡ ᠶᠢᠨ ᠣᠨᠣᠯᠵᠢᠬᠤᠨ ᠢ ᠡᠷᠬᠡᠪᠰᠢ ᠪᠠᠳᠤ | ᠪᠠᠬᠢ ᠱᠤᠭᠤᠬᠤ ᠪᠠ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ | ᠪᠠᠶᠢᠳᠠᠯ ᠲᠠᠢ ᠵᠤᠬᠢᠴᠠᠬᠤ ᠶᠢ ᠬᠦᠳᠦᠯᠦᠨ ᠵᠢᠯᠤᠭᠤᠳᠴᠦ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ | ᠠᠮᠢᠵᠢᠷᠠᠯ ᠤᠨ ᠬᠦᠴᠦᠨ ᠪᠤᠯᠤᠨ ᠰᠢᠨ᠎ᠠ ᠡᠭᠦᠳᠦᠯᠳᠡ ᠶᠢᠨ ᠬᠦᠴᠦᠨ ᠢ ᠬᠦᠢᠴᠡᠳ ᠪᠠᠳᠠᠷᠠᠭᠤᠯᠵᠤ᠂ ᠠᠵᠤ | ᠠᠬᠤᠢ ᠶᠢᠨ ᠶᠡᠷᠦᠩᠬᠡᠢ ᠬᠡᠮᠵᠢᠶ᠎ᠠ ᠶᠢ ᠦᠷᠭᠡᠳᠭᠡᠭᠦ᠂ ᠬᠦᠭᠵᠢᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ | ᠬᠦᠭᠵᠢᠯᠳᠡ ᠶᠢᠨ ᠳᠡᠰ ᠳᠠᠪᠬᠤᠷᠭ᠎ᠠ ᠶᠢ ᠳᠡᠰ ᠳᠡᠪᠰᠢᠭᠦᠯᠬᠦ᠂ ᠦᠷᠢᠰᠦᠳᠦᠯᠭᠡᠨ ᠤ ᠳᠠᠪᠠᠭᠤᠯᠢᠭ ᠢ ᠪᠤᠢ ᠪᠤᠯᠭᠠᠨ | ᠰᠢᠨ᠎ᠠ ᠰᠢᠪᠳᠤᠯᠤᠯᠳᠠ ᠭᠠᠷᠭᠠᠬᠤ ᠪᠠᠷ ᠴᠢᠷᠮᠠᠶᠢᠬᠤ ᠬᠡᠷᠡᠭᠳᠠᠢ᠃ ᠵᠠᠰᠠᠭ ᠤᠨ ᠤᠷᠳᠤᠨ ᠤ ᠳᠡᠮᠵᠢᠯᠭᠡ ᠬᠢᠭᠡᠳ ᠵᠠᠬ᠎ᠠ | ᠳᠡᠯᠭᠡᠭᠦᠷ ᠤᠨ ᠬᠦᠳᠦᠯᠦᠨ ᠵᠢᠯᠤᠭᠤᠳᠬᠤ ᠬᠠᠷᠢᠴᠠᠭ᠎ᠠ᠂ ᠳᠤᠮᠤ ᠠᠵᠤ ᠠᠬᠤᠢᠢᠯᠠᠯ ᠤᠨ ᠳᠤᠯᠭᠠᠭᠤᠷᠢᠯᠠᠯ ᠬᠢᠭᠡᠳ | ᠵᠢᠵᠢᠭ ᠠᠵᠤ ᠠᠬᠤᠢᠢᠯᠠᠯ ᠢ ᠪᠦᠷᠭᠦᠭᠦᠯᠬᠦ ᠬᠠᠷᠢᠴᠠᠭ᠎ᠠ᠂ ᠤᠷᠤᠨ ᠨᠤᠳᠤᠭ ᠤᠨ ᠠᠵᠤ ᠠᠬᠤᠢᠢᠯᠠᠯ ᠬᠢᠭᠡᠳ | ᠭᠠᠳᠠᠨ᠎ᠠ ᠠᠴᠠ ᠤᠷᠤᠵᠤ ᠢᠷᠡᠭᠦ ᠠᠵᠤ ᠠᠬᠤᠢᠢᠯᠠᠯ ᠤᠨ ᠬᠠᠷᠢᠴᠠᠭ᠎ᠠ᠂ ᠬᠦᠭᠵᠢᠯᠳᠡ ᠶᠢ ᠲᠦᠷᠭᠡᠳᠭᠡᠭᠦ ᠬᠢᠭᠡᠳ | ᠤᠷᠴᠢᠨ ᠳᠤᠭᠤᠷᠢᠨ ᠢ ᠬᠠᠮᠠᠭᠠᠯᠠᠬᠤ ᠬᠠᠷᠢᠴᠠᠭ᠎ᠠ ᠶᠢ ᠡᠷᠬᠡᠪᠰᠢ ᠵᠦᠪ ᠢᠶᠠᠷ ᠰᠠᠶᠢᠳᠤᠷ ᠰᠢᠢᠳᠪᠦᠷᠢᠯᠡᠭᠦ ᠬᠡᠷᠡᠭᠳᠠᠢ ᠭᠡᠵᠠᠢ | ᠃ | ᠯᠢ ᠵᠢᠢ ᠾᠧᠩ ᠴᠢᠬᠤᠯᠠᠴᠢᠯᠠᠬᠰᠡᠨ ᠨᠢ᠂ ᠤᠷᠳᠤ ᠬᠤᠭᠤᠴᠠᠭᠠᠨ ᠤ ᠲᠦᠯᠦᠪᠵᠢᠭᠦᠯᠭᠡ ᠬᠢᠭᠡᠳ ᠦᠵᠦ | ᠲᠦᠯᠦᠪᠯᠡᠭᠡ ᠶᠢ ᠰᠠᠶᠢᠳᠤᠷ ᠬᠢᠵᠤ᠂ ᠠᠵᠢᠯ ᠤᠨ ᠭᠤᠤᠯᠳᠠᠯᠭ᠎ᠠ ᠶᠢ ᠳᠤᠪᠤᠶᠢᠯᠭᠠᠨ᠂ ᠮᠠᠨ ᠤ ᠤᠷᠤᠨ ᠤ ᠨᠡᠶᠢᠳᠡ ᠶᠢᠨ | ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠳᠠᠪᠠᠯᠳᠠ ᠶᠢ ᠪᠡᠶᠡᠯᠡᠭᠦᠯᠬᠦ ᠶᠢ ᠳᠦᠯᠭᠢᠨ | ᠠᠭᠢᠭᠤᠯᠬᠤ ᠬᠡᠷᠡᠭᠳᠠᠢ᠃ ᠤᠳᠤᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ ᠵᠠᠰᠠᠭ ᠢ ᠴᠤᠮᠬᠠᠳᠬᠠᠨ | ᠡᠷᠭᠡ ᠶᠢ ᠲᠠᠯᠪᠢᠵᠤ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠳᠤᠮᠳᠠ ᠠᠭᠤᠯᠵᠤ ᠪᠦᠬᠦᠢ | ᠠᠮᠢᠵᠢᠷᠠᠯ ᠤᠨ ᠬᠦᠴᠦᠨ ᠬᠢᠭᠡᠳ ᠪᠦᠳᠦᠭᠡᠯᠴᠢ ᠴᠢᠨᠠᠷ ᠢ ᠬᠦᠢᠴᠡᠳ ᠪᠠᠳᠠᠷᠠᠭᠤᠯᠬᠤ ᠬᠡᠷᠡᠭᠳᠠᠢ︔ ᠬᠦᠭᠵᠢᠯᠳᠡ ᠶᠢᠨ | ᠳᠤᠮᠳᠠᠬᠢ ᠬᠦᠴᠢᠷᠳᠠᠯ ᠢ ᠨᠢ ᠬᠦᠴᠦᠯᠡᠨ ᠰᠢᠢᠳᠪᠦᠷᠢᠯᠡᠨ ᠦᠭᠴᠦ᠂ ᠠᠵᠤ ᠠᠬᠤᠢᠢᠯᠠᠯ ᠤᠨ ᠬᠦᠴᠢᠷᠳᠡᠯ ᠢᠶᠠᠨ ᠢᠯᠡᠨ | ᠳᠠᠪᠠᠵᠤ ᠬᠦᠭᠵᠢᠨ ᠳᠤᠮᠤᠷᠠᠬᠤ ᠳᠤ ᠳᠤᠰᠠᠯᠠᠬᠤ ᠬᠡᠷᠡᠭᠳᠠᠢ︔ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ | ᠬᠦᠴᠦᠯᠡᠨ ᠠᠬᠢᠭᠤᠯᠵᠤ᠂ ᠪᠦᠬᠦ ᠤᠷᠤᠨ ᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠲᠠᠢ ᠠᠭᠤᠰᠤᠯᠴᠠᠨ᠂ ᠳᠤᠮᠤ | ᠠᠵᠤ ᠠᠬᠤᠢᠢᠯᠠᠯ ᠳᠤᠯᠭᠠᠭᠤᠷᠢᠯᠠᠬᠤ᠂ ᠵᠢᠵᠢᠭ ᠠᠵᠤ ᠠᠬᠤᠢᠢᠯᠠᠯ ᠢ ᠪᠦᠷᠭᠦᠭᠦᠯᠬᠦ ᠬᠦᠭᠵᠢᠯᠳᠡ ᠶᠢᠨ ᠪᠠᠶᠢᠷᠢᠰᠢᠯ ᠢ | ᠪᠦᠷᠢᠯᠳᠦᠭᠦᠯᠬᠦ ᠬᠡᠷᠡᠭᠳᠠᠢ︔ ᠰᠢᠨ᠎ᠠ ᠶᠢ ᠡᠭᠦᠳᠭᠦ ᠬᠦᠭᠵᠢᠯᠳᠡ ᠶᠢ ᠬᠦᠴᠦᠯᠡᠨ ᠠᠬᠢᠭᠤᠯᠵᠤ᠂ ᠰᠢᠨᠵᠢᠯᠡᠭᠦ ᠤᠬᠠᠭᠠᠨ | ᠮᠡᠷᠭᠡᠵᠢᠯ ᠤᠨ ᠰᠢᠨ᠎ᠠ ᠶᠢ ᠡᠭᠦᠳᠭᠦ ᠶᠢ ᠠᠬᠢᠭᠤᠯᠬᠤ ᠪᠠ ᠲᠦᠷᠢᠮ ᠤᠨ ᠰᠢᠨ᠎ᠠ ᠶᠢ ᠡᠭᠦᠳᠭᠦ ᠶᠢ ᠬᠠᠮᠳᠤ ᠳᠤᠨᠢ | ᠠᠬᠢᠭᠤᠯᠬᠤ ᠬᠡᠷᠡᠭᠳᠠᠢ︔ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ ᠨᠡᠭᠡᠭᠡᠯᠳᠡ ᠬᠢᠭᠦ ᠶᠢ ᠦᠷᠭᠡᠳᠭᠡᠭᠦ ᠬᠡᠷᠡᠭᠳᠠᠢ︔ | ᠰᠢᠨ᠎ᠠ ᠬᠡᠯᠪᠡᠷᠢ ᠶᠢᠨ ᠵᠠᠰᠠᠭ ᠤᠨ ᠤᠷᠳᠤᠨ ᠬᠢᠭᠡᠳ ᠠᠷᠠᠯᠵᠢᠶᠠᠴᠢᠨ ᠤ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ | ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠬᠦᠭᠵᠢᠭᠦᠯᠬᠦ ᠶᠢᠨ ᠡᠷᠡᠭᠦᠯ ᠤᠷᠴᠢᠨ ᠳᠤᠭᠤᠷᠢᠨ ᠢ ᠪᠤᠢ | ᠪᠤᠯᠭᠠᠨ ᠦᠭᠭᠦ ᠬᠡᠷᠡᠭᠳᠠᠢ᠃ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠠᠷᠠᠳ ᠠᠴᠠ ᠡᠵᠡᠩᠨᠡᠭᠰᠡᠨ ᠠᠵᠤ | ᠠᠬᠤᠢᠢᠯᠠᠯᠳᠠᠨ ᠢ ᠬᠦᠮᠦᠵᠢᠭᠦᠯᠬᠦ ᠶᠢ ᠪᠦᠬᠦ ᠤᠷᠤᠨ ᠤ ᠴᠢᠳᠠᠪᠤᠷᠢᠳᠠᠨ ᠤ ᠭᠦᠭᠵᠢᠯᠳᠡ ᠶᠢᠨ ᠲᠦᠯᠦᠪᠵᠢᠭᠦᠯᠭᠡ ᠶᠢᠨ | ᠴᠢᠬᠤᠯᠠ ᠠᠭᠤᠯᠭ᠎ᠠ ᠪᠤᠯᠭᠠᠨ᠂ ᠲᠦᠯᠦᠪᠯᠡᠭᠡ ᠲᠠᠢ ᠪᠠᠷ᠂ ᠠᠯᠬᠤᠮ ᠳᠠᠷᠠᠭ᠎ᠠ ᠲᠠᠢ ᠪᠠᠷ ᠳᠤᠰᠬᠠᠢ ᠰᠡᠳᠦᠪᠳᠤ ᠰᠤᠷᠭᠠᠨ | ᠬᠦᠮᠦᠵᠢᠯ ᠦᠷᠨᠢᠭᠦᠯᠤᠨ ᠬᠦᠮᠦᠵᠢᠭᠦᠯᠬᠦ ᠴᠢᠬᠤᠯᠠᠳᠠᠢ᠃ ᠦᠷᠭᠡᠨ ᠤᠯᠠᠨ ᠠᠷᠠᠳ ᠠᠴᠠ ᠡᠵᠡᠩᠨᠡᠭᠰᠡᠨ ᠠᠵᠤ | ᠠᠬᠤᠢᠢᠯᠠᠯᠳᠠᠨ ᠠᠴᠠ ᠨᠡᠶᠢᠭᠡᠮ ᠤᠨ ᠲᠦᠷᠢ ᠲᠦᠷᠭᠦ ᠪᠠᠨ ᠨᠠᠨᠳᠢᠩᠨᠠᠨ ᠬᠠᠮᠠᠭᠠᠯᠠᠵᠤ᠂ ᠨᠡᠶᠢᠭᠡᠮ ᠤᠨ | ᠬᠠᠷᠢᠭᠤᠴᠠᠯᠭ᠎ᠠ ᠪᠠᠨ ᠢᠳᠡᠪᠬᠢᠳᠠᠢ ᠬᠦᠢᠴᠡᠳᠭᠡᠵᠤ᠂ ᠨᠡᠩ ᠰᠠᠶᠢᠨ ᠢᠶᠠᠷ ᠨᠡᠶᠢᠭᠡᠮ ᠤᠨ ᠠᠴᠢ ᠲᠤᠰᠠ ᠶᠢ ᠬᠠᠷᠢᠭᠤᠯᠤᠨ | ᠂ ᠠᠷᠠᠳ ᠤᠯᠠᠨ ᠳᠠᠭᠠᠨ ᠪᠤᠶᠠᠨ ᠵᠢᠷᠭᠠᠯ ᠦᠢᠯᠡᠳᠬᠦ ᠬᠡᠷᠡᠭᠳᠠᠢ ᠬᠡᠵᠠᠢ᠃ | ᠯᠢ ᠵᠢᠢ ᠾᠧᠩ ᠴᠢᠬᠤᠯᠠᠴᠢᠯᠠᠬᠰᠡᠨ ᠨᠢ᠂ ᠤᠳᠤᠷᠢᠳᠤᠯᠭ᠎ᠠ ᠶᠢᠨ ᠵᠤᠬᠢᠴᠠᠭᠤᠯᠬᠤ ᠳᠤᠭᠳᠠᠴᠠ ᠶᠢ | ᠳᠡᠭᠦᠯᠳᠡᠷᠵᠢᠭᠦᠯᠬᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤᠭᠳᠠᠴᠠ ᠶᠢ ᠪᠦᠷᠢᠯᠳᠦᠭᠦᠯᠬᠦ᠂ ᠬᠢᠨᠠᠨ | ᠰᠢᠯᠭᠠᠨ ᠵᠤᠷᠢᠭᠵᠢᠭᠤᠯᠬᠤ ᠪᠠ ᠪᠦᠷᠢᠳᠭᠡᠨ ᠰᠢᠯᠭᠠᠨ ᠬᠡᠮᠵᠢᠬᠦ ᠳᠤᠭᠳᠠᠴᠠ ᠶᠢ ᠪᠦᠷᠢᠨᠰᠢᠭᠦᠯᠬᠦ᠂ ᠶᠠᠷᠢᠶ᠎ᠠ ᠬᠡᠯᠡᠯᠴᠡᠭᠡ | ᠤᠬᠠᠭᠤᠯᠭ᠎ᠠ ᠶᠢᠨ ᠬᠦᠳᠦᠯᠦᠨ ᠵᠢᠯᠤᠭᠤᠳᠬᠤ ᠳᠤᠭᠳᠠᠴᠠ ᠶᠢ ᠪᠠᠶᠢᠭᠤᠯᠬᠤ᠂ ᠠᠷᠠᠳ ᠠᠴᠠ ᠡᠷᠬᠢᠯᠡᠭᠰᠡᠨ ᠠᠵᠤ | ᠠᠬᠤᠢᠢᠯᠠᠯ ᠤᠨ ᠨᠠᠮ ᠤᠨ ᠪᠠᠶᠢᠭᠤᠯᠤᠯᠳᠠ ᠶᠢᠨ ᠠᠵᠢᠯ ᠤᠨ ᠳᠤᠭᠳᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠳᠡᠢ᠃ | ᠳᠤᠭᠳᠠᠴᠠ ᠶᠢ ᠳᠠᠰᠤᠷᠠᠯᠳᠠ ᠦᠭᠡᠢ ᠳᠡᠭᠦᠯᠳᠡᠷᠵᠢᠭᠦᠯᠬᠦ᠂ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠪᠠᠷ ᠳᠠᠮᠵᠢᠨ᠂ | ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠳᠤ ᠬᠦᠴᠤᠨ ᠪᠦᠬᠦᠢ ᠪᠠᠳᠤᠯᠠᠭ᠎ᠠ ᠬᠠᠩᠭᠠᠬᠤ | ᠬᠡᠷᠡᠭᠳᠠᠢ ᠬᠡᠵᠡᠢ᠃ | ᠪᠦ᠋ ᠰᠢᠶᠤᠤ ᠯᠢᠨ ᠶᠠᠷᠢᠶᠠᠨ ᠳᠠᠭᠠᠨ ᠱᠠᠭᠠᠷᠳᠠᠬᠰᠠᠨ ᠨᠢ᠂ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠡᠷᠬᠡᠪᠰᠢ | ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠲᠦᠷᠢᠮ ᠤᠨ ᠦᠨᠳᠦᠷᠴᠡ ᠳᠤ ᠵᠤᠭᠰᠤᠨ᠂ ᠴᠢᠨᠡᠭᠡᠯᠢᠭ | ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠬᠤ ᠦᠨᠳᠦᠷᠴᠡ ᠳᠤ ᠵᠤᠭᠰᠤᠨ᠂ ᠨᠡᠶᠢᠳᠡ ᠶᠢᠨ ᠦᠮᠴᠢᠯᠡᠯ ᠤᠨ ᠪᠤᠰᠤ ᠠᠵᠤ | ᠠᠬᠤᠢ ᠶᠢᠨ ᠡᠷᠡᠭᠦᠯ ᠢᠶᠠᠷ ᠬᠦᠭᠵᠢᠭᠦ ᠶᠢ ᠠᠬᠢᠭᠤᠯᠬᠤ ᠶᠢ ᠵᠤᠬᠢᠬᠤ ᠪᠠᠶᠢᠷᠢᠨ ᠳᠤ ᠳᠠᠯᠪᠢᠬᠤ ᠬᠡᠷᠡᠭᠳᠡᠢ᠃ ︽ᠬᠠᠤᠯᠢ | ᠲᠦᠷᠢᠮ ᠤᠨ ᠬᠢᠵᠠᠭᠠᠷᠯᠠᠯ ᠦᠭᠡᠢ ᠪᠦᠬᠦᠨ ᠢ ᠡᠵᠡᠩᠨᠡᠵᠤ ᠪᠤᠯᠬᠤ ᠶᠢ ᠵᠦᠪᠰᠢᠶᠡᠷᠡᠭᠦ᠂ ᠡᠷᠭᠡ ᠳᠡᠭᠰᠢ ᠬᠠᠷᠠᠭᠠᠯᠵᠠᠯ | ᠬᠦᠷᠳᠡᠭᠡᠭᠦ︾ ᠵᠠᠷᠴᠢᠮ ᠢ ᠴᠢᠩᠭ᠎ᠠ ᠨᠠᠶᠢᠳᠠᠪᠦᠷᠢᠵᠢᠭᠤᠯᠵᠤ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢᠢᠯᠠᠯ | ᠦᠳ ᠢ ᠦᠨᠡᠨᠭᠦ ᠴᠢᠯᠦᠭᠡᠳᠠᠢ ᠲᠦᠷᠭᠡᠳᠭᠡᠨ ᠬᠦᠭᠵᠢᠭᠦᠯᠬᠦ ᠬᠡᠷᠡᠭᠳᠠᠢ᠃ ︽ᠳᠠᠯᠪᠢᠬᠤ ᠬᠠᠮᠢᠶᠠᠷᠬᠤ ᠦᠢᠯᠡᠴᠢᠯᠡᠭᠦ︾ | ᠦᠭᠡᠷᠡᠴᠢᠯᠡᠯᠳᠡ ᠶᠢ ᠴᠢᠨᠠᠭᠰᠢᠳᠠ ᠬᠦᠨᠵᠡᠭᠡᠶᠢᠷᠡᠭᠦᠯᠵᠤ᠂ ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ ᠶᠢ | ᠠᠬᠢᠭᠤᠯᠵᠤ᠂ ᠬᠢᠨᠠᠯᠳᠠ ᠬᠠᠮᠢᠶᠠᠷᠤᠯᠳᠠ ᠶᠢᠨ ᠠᠷᠭ᠎ᠠ ᠬᠡᠯᠪᠡᠷᠢ ᠶᠢᠨ ᠰᠢᠨ᠎ᠠ ᠶᠢ ᠡᠭᠦᠳᠴᠦ᠂ ︽ᠢᠨᠲ᠋ᠧᠷ ᠰᠦᠯᠵᠢᠶ᠎ᠠ | + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠠᠬᠢᠭᠤᠯᠬᠤ ᠶᠢᠨ ᠬᠠᠮᠳᠤ ᠤᠯᠤᠰ ᠤᠨ ᠳᠤᠳᠤᠭᠠᠳᠤ ᠶᠢᠨ | ᠳᠡᠷᠢᠭᠦᠨ ᠤ ᠭᠠᠵᠠᠷ ᠤᠷᠤᠨ ᠤ ᠬᠠᠯᠠᠨ ᠰᠠᠶᠢᠵᠢᠷᠠᠭᠤᠯᠤᠭᠰᠠᠨ ᠠᠵᠢᠯ ᠤᠨ ᠪᠠᠷᠢᠮᠵᠢᠶ᠎ᠠ ᠲᠠᠢ ᠪᠦᠬᠦ ᠳᠠᠯ᠎ᠠ ᠪᠠᠷ | ᠬᠠᠷᠭᠤᠭᠤᠯᠬᠤ ᠬᠡᠷᠡᠭᠳᠠᠢ᠃ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠳᠡᠮᠵᠢᠭᠦ ᠡᠯ᠎ᠠ ᠵᠦᠢᠯ ᠤᠨ | ᠲᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ ᠰᠠᠶᠢᠳᠤᠷ ᠨᠠᠶᠢᠳᠠᠪᠤᠷᠢᠵᠢᠭᠤᠯᠵᠤ᠂ ᠨᠡᠶᠢᠳᠡ ᠶᠢᠨ ᠦᠮᠴᠢᠯᠡᠯ ᠤᠨ ᠪᠤᠰᠤ | ᠠᠵᠤ ᠠᠬᠤᠢ ᠶᠢᠨ ᠭᠦᠭᠵᠢᠯᠳᠡ ᠶᠢ ᠬᠦᠯᠢᠶᠡᠰᠦᠯᠡᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠰᠠᠶᠢᠳᠦᠷ ᠰᠢᠢᠳᠪᠦᠷᠢᠯᠡᠭᠦ | ᠬᠡᠷᠡᠭᠳᠠᠢ᠃ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠳᠤ ᠵᠤᠬᠢᠴᠠᠭᠰᠠᠨ ᠤᠯᠠᠨ | ᠡᠰᠢᠴᠢᠯᠡᠭᠰᠡᠨ᠂ ᠤᠯᠠᠨ ᠳᠡᠰ ᠳᠠᠪᠬᠤᠷᠭ᠎ᠠ ᠶᠢᠨ ᠪᠡᠯᠡ ᠬᠤᠷᠠᠮᠳᠤᠭᠤᠯᠬᠤ ᠦᠢᠯᠡᠴᠢᠯᠡᠭᠡᠨ ᠤ ᠰᠢᠰᠲ᠋ᠧᠮ ᠢ | ᠪᠦᠷᠢᠯᠳᠦᠭᠦᠯᠵᠤ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢᠢᠯᠠᠯ ᠤᠳᠤᠬᠢᠴᠢᠯᠠᠭᠰᠠᠨ ᠠᠵᠤ ᠠᠬᠤᠢᠢᠯᠠᠯ ᠤᠨ | ᠲᠦᠷᠢᠮ ᠢ ᠲᠦᠷᠭᠡᠳᠭᠡᠨ ᠪᠠᠶᠢᠭᠤᠯᠬᠤ ᠶᠢ ᠬᠦᠳᠦᠯᠦᠨ ᠵᠢᠯᠤᠭᠤᠳᠬᠤ ᠪᠠ ᠳᠤᠰᠠᠯᠠᠵᠤ᠂ ᠬᠦᠭᠵᠢᠯᠳᠡ ᠶᠢᠨ ᠰᠢᠨ᠎ᠠ | ᠣᠨᠣᠯᠵᠢᠬᠤᠨ ᠢ ᠪᠤᠢ ᠪᠤᠯᠭᠠᠨ᠂ ᠬᠦᠭᠵᠢᠯᠳᠡ ᠶᠢᠨ ᠢᠳᠡᠭᠡᠯ ᠢᠶᠠᠨ ᠨᠡᠮᠡᠭᠳᠡᠭᠦᠯᠵᠤ᠂ ᠠᠵᠤ ᠠᠬᠤᠢ ᠶᠢᠨ | ᠬᠦᠭᠵᠢᠯᠳᠡ ᠶᠢᠨ ᠰᠢᠨ᠎ᠠ ᠬᠡᠪ ᠪᠠᠶᠢᠳᠠᠯ ᠲᠠᠢ ᠢᠳᠡᠪᠬᠢᠳᠠᠢ ᠪᠠᠷ ᠵᠤᠬᠢᠴᠠᠵᠤ᠂ ᠠᠵᠤ ᠠᠬᠤᠢᠢᠯᠠᠯ ᠤᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠭᠡᠭᠦ ᠬᠡᠷᠡᠭᠳᠠᠢ᠃ ᠵᠠᠰᠠᠭ ᠤᠨ ᠶᠠᠪᠤᠳᠠᠯ ᠤᠨ ᠤᠷᠴᠢᠨ | ᠳᠤᠭᠤᠷᠢᠨ ᠢᠶᠠᠨ ᠬᠦᠴᠦᠯᠡᠨ ᠰᠢᠯᠢᠳᠡᠭᠵᠢᠭᠦᠯᠵᠤ᠂ ᠳᠤᠰᠢᠶᠠᠯ ᠡᠷᠭᠡ ᠶᠢ ᠬᠠᠤᠯᠢ ᠪᠠᠷ ᠳᠤᠭᠳᠠᠭᠠᠬᠤ ᠤᠬᠠᠮᠰᠠᠷ ᠢ | ᠪᠠᠳᠤ ᠱᠤᠭᠤᠵᠤ᠂ ᠬᠠᠤᠯᠢ ᠶᠤᠰᠤᠭᠠᠷ ᠠᠯᠪᠠᠨ ᠪᠠᠶᠢᠭᠤᠯᠭ᠎ᠠ ᠶᠢᠨ ᠡᠷᠭᠡ ᠪᠠᠨ ᠬᠡᠷᠡᠭᠵᠢᠭᠦᠯᠵᠤ᠂ ᠬᠡᠪ ᠰᠤᠷᠳᠠᠯ ᠢᠶᠠᠨ | ᠴᠢᠨᠠᠭᠰᠢᠳᠠ ᠰᠠᠶᠢᠵᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠯᠳᠠ ᠪᠠᠨ ᠴᠢᠩᠭᠠᠳᠬᠠᠬᠤ | ᠬᠡᠷᠡᠭᠳᠠᠢ᠃ ᠦᠨᠡᠨᠴᠢ ᠢᠳᠡᠭᠡᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠦᠨᠡᠨ ᠰᠡᠳᠬᠢᠯ ᠠᠴᠠ ᠪᠠᠨ | ᠬᠦᠳᠡᠯᠦᠩᠭᠦᠢ ᠪᠠᠷ ᠠᠵᠤ ᠠᠬᠤᠢᠢᠯᠠᠯ ᠳᠤ ᠦᠢᠯᠡᠴᠢᠯᠡᠨ᠂ ᠠᠵᠤ ᠠᠬᠤᠢᠢᠯᠠᠯ ᠤᠨ ᠬᠦᠴᠢᠷᠳᠠᠯ ᠬᠢᠭᠡᠳ | ᠠᠰᠠᠭᠤᠳᠠᠯ ᠢᠶᠠᠨ ᠰᠢᠢᠳᠪᠦᠷᠢᠯᠡᠭᠦ ᠳᠤ ᠢᠳᠡᠪᠬᠢᠳᠠᠢ ᠪᠠᠷ ᠳᠤᠰᠠᠯᠠᠵᠤ᠂ ᠰᠢᠨ᠎ᠠ ᠬᠡᠯᠪᠡᠷᠢ ᠶᠢᠨ ᠵᠠᠰᠠᠭ ᠤᠨ ᠤᠷᠳᠤᠨ | ᠬᠢᠭᠡᠳ ᠠᠷᠠᠯᠵᠢᠶᠡᠨ ᠤ ᠬᠠᠷᠢᠴᠠᠭ᠎ᠠ ᠶᠢ ᠪᠠᠶᠢᠭᠤᠯᠬᠤ ᠬᠡᠷᠡᠭᠳᠠᠢ᠃ ︽ᠲᠦᠷᠪᠠᠨ ᠤᠬᠠᠮᠰᠠᠷ︾ ᠢᠯᠠᠩᠭᠤᠶ᠎ᠠ | ᠭᠤᠤᠯᠯᠠᠬᠤ ᠤᠬᠠᠮᠰᠡᠷ᠂ ᠨᠢᠭᠡᠳᠤᠯᠳᠠᠢ ᠪᠠᠶᠢᠬᠤ ᠤᠬᠠᠮᠰᠡᠷ ᠢᠶᠠᠨ ᠴᠢᠩᠭᠠᠤᠨᠬᠠᠵᠤ᠂ ᠦᠪᠡᠷᠳᠡᠭᠡᠨ ᠵᠠᠰᠠᠬᠤ ᠤᠷᠤᠨ ᠤ | ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ | ᠳᠤᠤᠱᠯᠠᠭᠤᠯᠤᠨ ᠨᠠᠶᠢᠳᠠᠪᠤᠷᠢᠵᠢᠭᠤᠯᠵᠤ᠂ ᠦᠭᠡᠷᠡᠴᠢᠯᠡᠯᠳᠡ ᠬᠢᠵᠤ ᠰᠢᠨ᠎ᠠ ᠶᠢ ᠡᠭᠦᠳᠭᠦ᠂ ᠦᠨᠡᠨ ᠪᠤᠳᠠᠳᠠᠢ | ᠠᠵᠢᠯᠯᠠᠵᠤ᠂ ᠪᠦᠬᠦ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠰᠢᠨ᠎ᠠ ᠪᠠᠷ ᠨᠡᠩ ᠶᠡᠭᠡᠪᠡᠷ | ᠬᠦᠭᠵᠢᠭᠦᠯᠬᠦ ᠶᠢ ᠴᠢᠷᠮᠠᠶᠢᠨ ᠠᠬᠢᠭᠤᠯᠬᠤ ᠬᠡᠷᠡᠭᠳᠠᠢ ᠬᠡᠵᠡᠢ᠃ | ᠬᠤᠷᠠᠯ ᠨᠢ ᠬᠠᠷᠠᠭᠠᠨ ᠳᠠᠪᠲᠠᠮᠵᠢ ᠶᠢᠨ ᠬᠤᠷᠡᠯ ᠤᠨ ᠬᠡᠯᠪᠡᠷᠢ ᠪᠠᠷ ᠶᠠᠪᠤᠭᠳᠠᠪᠡ᠃ ᠬᠤᠷᠠᠯ ᠳᠡᠭᠡᠷ᠎ᠠ᠂ | ᠲᠦᠩᠯᠢᠶᠤᠤ ᠬᠤᠳᠠ ᠶᠢᠨ ᠨᠠᠮ ᠤᠨ ᠬᠤᠷᠢᠶ᠎ᠠ᠂ ᠤᠷᠳᠤᠰ ᠬᠤᠳᠠ ᠶᠢᠨ ᠨᠠᠮ ᠤᠨ ᠬᠤᠷᠢᠶ᠎ᠠ᠂ ᠬᠠᠶᠢᠷᠤᠪ ᠤᠨ | ᠳᠤᠬᠤᠢ ᠶᠢᠨ ᠳᠤᠭᠤᠷᠢᠭ ᠤᠨ ᠨᠠᠮ ᠤᠨ ᠬᠤᠷᠢᠶ᠎ᠠ᠂ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ᠂ ᠢᠯᠢ | ᠪᠦᠯᠦᠭᠯᠡᠯ᠂ ᠪᠤᠤ ᠱᠠᠩ ᠪᠠᠩᠬᠢ ᠶᠢᠨ ᠬᠠᠷᠢᠭᠤᠴᠠᠯᠭᠠᠳᠠᠨ ᠳᠤᠷᠰᠢᠯᠭ᠎ᠠ ᠪᠠᠨ ᠰᠤᠯᠢᠯᠴᠠᠵᠠᠢ᠃ ᠡᠯ᠎ᠠ ᠠᠶᠢᠮᠠᠭ ᠬᠤᠳᠠ | ᠶᠢᠨ ᠨᠢᠭᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ᠂ ᠵᠠᠰᠠᠭ ᠤᠨ ᠤᠷᠳᠤᠨ ᠤ ᠬᠤᠪᠢᠳᠠᠨ ᠬᠠᠷᠢᠭᠤᠴᠠᠵᠤ ᠪᠠᠶᠢᠭ᠎ᠠ | ᠤᠳᠤᠷᠢᠳᠤᠯᠭ᠎ᠠ᠂ ᠠᠵᠤ ᠠᠬᠤᠢ ᠮᠡᠳᠡᠭᠡ ᠵᠠᠩᠬᠢᠵᠢᠯᠳᠠ ᠶᠢᠨ ᠵᠦᠪᠯᠡᠯ ᠤᠨ ᠡᠷᠬᠢᠯᠡᠭᠴᠢ᠂ ᠦᠢᠯᠡᠳᠪᠦᠷᠢ | ᠬᠤᠳᠠᠯᠳᠤᠭ᠎ᠠ ᠶᠢᠨ ᠬᠤᠯᠪᠤᠭ᠎ᠠ ᠶᠢᠨ ᠳᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠡᠯ᠎ᠠ | ᠰᠠᠯᠠᠭ᠎ᠠ ᠮᠦᠴᠢᠷ ᠡᠯ᠎ᠠ ᠪᠠᠶᠢᠭᠤᠯᠭ᠎ᠠ ᠨᠢᠭᠡᠴᠡ᠂ ᠬᠦᠬᠡᠬᠤᠳᠠ ᠳᠤ ᠰᠠᠭᠤᠭ᠎ᠠ ᠲᠦᠪ ᠤᠨ ᠬᠠᠮᠢᠶ᠎ᠠ ᠪᠦᠬᠦᠢ | ᠪᠠᠶᠢᠭᠤᠯᠭ᠎ᠠ ᠨᠢᠭᠡᠴᠡ᠂ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠭᠤᠤᠯ ᠪᠤᠯᠬᠤ ᠬᠠᠷᠢᠭᠤᠴᠠᠯᠭᠠᠳᠠᠨ᠂ | ᠦᠪᠡᠷᠳᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭ᠎ᠠ ᠶᠢᠨ ᠬᠤᠯᠪᠤᠭ᠎ᠠ ᠶᠢᠨ ᠤᠳᠤᠷᠢᠳᠬᠤ ᠪᠠᠭ ᠤᠨ | ᠪᠦᠷᠢᠯᠳᠦᠭᠦᠨ ᠵᠢᠴᠢ ᠰᠢᠭᠤᠳ ᠬᠠᠷᠢᠶ᠎ᠠ ᠬᠤᠳᠠᠯᠳᠤᠭᠠᠨ ᠤ ᠨᠡᠶᠢᠭᠡᠮᠯᠢᠭ ᠤᠨ ᠳᠠᠷᠤᠭ᠎ᠠ᠂ ᠪᠦᠬᠦ ᠤᠷᠤᠨ ᠤ 100 | ᠬᠦᠴᠦᠷᠭᠡᠭ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢᠢᠯᠡᠯ ᠤᠨ ᠬᠠᠤᠯᠢ ᠶᠢᠨ ᠡᠷᠭᠡᠳᠡᠨ ᠭᠤᠤᠯ ᠬᠤᠷᠠᠯ ᠤᠨ | ᠳᠠᠯᠠᠪᠠᠢ ᠶᠢᠨ ᠬᠤᠷᠠᠯ ᠳᠤ ᠤᠷᠤᠯᠴᠠᠪᠠ᠃ |