ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2016/12/21
                     ᠥᠪᠥᠷ ᠵᠠᠰᠠᠭ ᠠᠯᠪᠠᠨ ᠲᠠᠷᠬᠠᠭᠠᠭᠰᠠᠨ ﹇2016﹈ 56 ᠳ᠋ᠤᠭᠠᠷ ᠲᠤᠭᠠᠳᠤ                               5 ᠳ᠋ᠤᠭᠠᠷ ᠰᠠᠷ᠎ᠠ ᠶᠢᠨ 5᠎ ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠪᠦᠬᠦ ᠣᠷᠣᠨ ᠤ ᠶᠠᠳᠠᠭᠤ ᠬᠦᠴᠢᠷᠳᠡᠯᠲᠡᠢ ᠭᠠᠵᠠᠷ ᠣᠷᠣᠨ ᠤ ᠰᠤᠶᠤᠯ ᠤᠨ ᠪᠠᠶᠢᠭᠤᠯᠤᠯᠲᠠ ᠶᠢ ᠠᠵᠤ ᠠᠬᠤᠢ ᠨᠡᠶᠢᠭᠡᠮ ᠯᠦᠭᠡ ᠵᠣᠬᠢᠴᠠᠭᠤᠯᠤᠨ ᠬᠥᠭᠵᠢᠭᠦᠯᠬᠦ ᠶᠢ ᠠᠬᠢᠭᠤᠯᠬᠤ ᠶᠢᠨ ᠲᠤᠰᠠᠳᠠ᠂ ᠣᠳᠣ ᠦᠶ᠎ᠡ ᠶᠢᠨ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠲᠣᠬᠠᠢ ᠤᠯᠤᠰ ᠤᠨ ᠱᠠᠭᠠᠷᠳᠠᠯᠭ᠎ᠠ ᠶᠤᠰᠤᠭᠠᠷ᠂ ︽︿ᠣᠳᠣ ᠦᠶ᠎ᠡ ᠶᠢᠨ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠭᠡᠨ ᠪᠠᠶᠢᠭᠤᠯᠬᠤ ᠲᠣᠬᠠᠢ ᠰᠠᠨᠠᠯ﹀᠎ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ﹇2015﹈ 2 ᠳ᠋ᠤᠭᠠᠷ ᠲᠣᠭᠠᠲᠤ︶᠂ ᠰᠤᠶᠤᠯ ᠤᠨ ᠶᠠᠮᠦᠨ ᠵᠡᠷᠭᠡ ᠳᠤᠯᠤᠭᠠᠨ ᠶᠠᠮᠦᠨ ᠵᠦᠪᠯᠡᠯ ᠤᠨ ︽︿13 · 5﹀᠎ ᠶᠢᠨ ᠲᠦᠯᠦᠪᠵᠢᠭᠦᠯᠭᠡ ᠶᠢᠨ ᠬᠤᠭᠤᠴᠠᠭᠠᠨ ᠤ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠦᠯᠦᠪᠵᠢᠭᠦᠯᠭᠡ ᠶᠢᠨ ᠬᠦᠲᠦᠯᠪᠦᠷᠢ ᠶᠢᠨ ᠲᠣᠪᠴᠢ︾ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠶᠠᠳᠠᠭᠤ ᠶᠢ ᠲᠡᠳᠭᠦᠬᠦ ᠠᠵᠢᠯ ᠤᠨ ᠲᠣᠭᠲᠠᠴᠠ ᠳᠤ ᠰᠢᠨ᠎ᠡ ᠶᠢ ᠡᠭᠦᠳᠦᠨ ᠶᠠᠳᠠᠭᠤ ᠶᠢ ᠲᠡᠳᠭᠦᠨ ᠪᠣᠭᠤᠮᠲᠠ ᠰᠢᠪᠲᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠬᠤ ᠲᠣᠬᠠᠢ ᠰᠠᠨᠠᠯ︾ ︵ᠦᠪᠦᠷ ᠨᠠᠮ ᠠᠯᠪᠠᠨ ᠲᠠᠷᠬᠠᠭᠠᠭᠰᠠᠨ ﹇2014﹈ 20 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠮᠠᠨ ᠤ ᠣᠷᠣᠨ ᠤ ᠪᠤᠲᠠᠲᠠᠢ ᠲᠠᠢ ᠪᠠᠨ ᠤᠶᠠᠯᠳᠤᠭᠤᠯᠤᠨ᠂ ᠡᠳᠦᠭᠡ ᠪᠦᠬᠦ ᠣᠷᠣᠨ ᠤ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠬᠦ ᠪᠠᠷ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ ᠪᠠ ᠦᠪᠦᠷ ᠮᠣᠩᠭᠤᠯ ᠢ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠨ᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠭᠦᠭᠦᠯᠬᠦ︾ ᠢᠨᠵᠧᠨᠧᠷᠢᠩ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ᠂ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠪᠠ ᠶᠠᠳᠠᠭᠤ ᠶᠢ ᠲᠡᠳᠭᠦᠨ ᠨᠡᠭᠡᠭᠡᠨ ᠬᠥᠭᠵᠢᠭᠦᠯᠬᠦ ᠪᠦᠬᠦ ᠲᠠᠯ᠎ᠠ ᠶᠢᠨ ᠠᠵᠢᠯ ᠲᠠᠢ ᠤᠶᠠᠯᠳᠤᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠬᠤ᠂ ᠪᠡᠯᠡ ᠮᠦᠩᠭᠦ ᠶᠢᠨ ᠣᠷᠣᠭᠤᠯᠤᠯᠲᠠ ᠶᠢ ᠨᠡᠮᠡᠭᠳᠡᠭᠦᠯᠬᠦ᠂ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ᠂ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠵᠡᠷᠭᠡ ᠠᠯᠢ ᠣᠯᠠᠨ ᠠᠷᠭ᠎ᠠ ᠮᠠᠶ᠋ᠢᠭ ᠢᠶᠠᠷ ᠳᠠᠮᠵᠢᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠳᠠᠪᠠᠯᠲᠠᠲᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠥᠷᠭᠡᠨ ᠣᠯᠠᠨ ᠠᠷᠠᠳ ᠲᠦᠮᠡᠨ ᠤ ᠦᠨᠳᠦᠰᠦᠨ ᠰᠤᠶᠤᠯ ᠤᠨ ᠡᠷᠬᠡ ᠠᠰᠢᠭ ᠢ ᠨᠡᠩ ᠰᠠᠶᠢᠨ ᠪᠠᠲᠤᠯᠠᠨ᠎ᠠ᠃      ᠬᠤᠶᠠᠷ᠂ ᠦᠨᠳᠦᠰᠦᠨ ᠵᠠᠷᠴᠢᠮ      ︵ᠨᠢᠭᠡ︶ ᠵᠠᠰᠠᠭ ᠤᠨ ᠣᠷᠳᠣᠨ ᠢᠶᠠᠷ ᠭᠤᠤᠯ ᠤᠳᠤᠷᠢᠳᠤᠮᠵᠢ ᠪᠣᠯᠭᠠᠵᠤ᠂ ᠨᠢᠭᠡᠲᠦᠯᠲᠡᠢ ᠲᠦᠯᠦᠪᠯᠡᠨ ᠲᠦᠯᠦᠪᠵᠢᠭᠦᠯᠦᠨ᠎ᠡ᠃ ᠵᠠᠰᠠᠭ ᠤᠨ ᠣᠷᠳᠤᠨ ᠤ ᠭᠤᠤᠯ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠦᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠪᠠ ᠶᠠᠳᠠᠭᠤ ᠶᠢ ᠲᠡᠳᠭᠦᠨ ᠨᠡᠭᠡᠭᠡᠨ ᠬᠥᠭᠵᠢᠭᠦᠯᠬᠦ ᠠᠵᠢᠯ ᠤᠨ ᠶᠡᠷᠦᠩᠬᠡᠢ ᠪᠠᠶᠢᠷᠢᠰᠢᠭᠤᠯᠤᠯ ᠳᠤ ᠣᠷᠤᠭᠤᠯᠤᠨ᠂ ᠲᠥᠷᠥ ᠶᠢᠨ ᠪᠣᠳᠣᠯᠭ᠎ᠠ ᠲᠣᠭᠲᠠᠭᠠᠵᠤ᠂ ᠨᠢᠭᠡᠲᠦᠯᠲᠡᠢ ᠲᠦᠯᠦᠪᠯᠡᠨ ᠲᠦᠯᠦᠪᠵᠢᠭᠦᠯᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠨᠡᠶᠢᠯᠡᠮᠡᠯ ᠬᠦᠴᠦᠨ ᠢ ᠪᠣᠢ ᠪᠣᠯᠭᠠᠨ᠎ᠠ᠃      ︵ᠬᠤᠶᠠᠷ︶ ᠲᠣᠬᠠᠢ ᠶᠢᠨ ᠭᠠᠵᠠᠷ ᠣᠷᠣᠨ ᠤ ᠪᠤᠳᠠᠳᠤ ᠪᠠᠶᠢᠳᠠᠯ ᠳᠤᠨᠢ ᠲᠣᠬᠢᠷᠠᠭᠤᠯᠤᠨ᠂ ᠲᠦᠷᠦᠯ ᠬᠤᠪᠢᠶᠠᠨ ᠵᠢᠯᠤᠭᠤᠳᠤᠨ᠎ᠠ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ᠂ ᠣᠷᠣᠨ ᠪᠦᠰᠡ ᠶᠢᠨ ᠣᠨᠴᠠᠯᠢᠭ ᠪᠠ ᠦᠨᠳᠦᠰᠦᠲᠡᠨ ᠤ ᠣᠨᠴᠠᠯᠢᠭ ᠲᠠᠢ ᠤᠶᠠᠯᠳᠤᠭᠤᠯᠤᠨ᠂ ᠣᠯᠠᠨ ᠨᠡᠶᠢᠲᠡ ᠶᠢᠨ ᠰᠤᠶᠤᠯ ᠤᠨ ᠭᠥᠭᠵᠢᠯᠲᠡ ᠶᠢᠨ ᠳᠤᠲᠠᠭᠤᠳᠠᠯ ᠳᠤ ᠴᠢᠭᠯᠡᠭᠦᠯᠵᠦ᠂ ᠪᠣᠲᠠᠲᠠᠢ ᠲᠠᠢ ᠨᠡᠶᠢᠴᠡᠭᠰᠡᠨ᠂ ᠠᠵᠢᠯᠯᠠᠭᠤᠯᠬᠤ ᠳᠤ ᠬᠢᠯᠪᠠᠷ᠂ ᠰᠢᠨᠵᠢᠯᠡᠬᠦ ᠤᠬᠠᠭᠠᠨᠴᠢ ᠲᠦᠢᠯ ᠤᠨ ᠣᠨᠣᠪᠴᠢᠲᠠᠢ ᠪᠠᠷ ᠲᠡᠳᠭᠦᠬᠦ ᠠᠷᠭ᠎ᠠ ᠬᠡᠮᠵᠢᠶ᠎ᠡ ᠶᠢ ᠲᠣᠭᠲᠠᠭᠠᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠬᠤ ᠶᠢ ᠦᠨᠡᠨᠬᠦ ᠪᠠᠲᠤᠯᠠᠨ᠎ᠠ᠃      ︵ᠭᠤᠷᠪᠠ︶ ᠨᠡᠶᠢᠭᠡᠮ ᠤᠨ ᠬᠢᠨ ᠣᠷᠤᠯᠴᠠᠵᠤ᠂ ᠬᠠᠮᠲᠤᠷᠠᠯᠴᠠᠨ ᠬᠠᠮᠲᠤᠪᠠᠷ ᠪᠠᠶᠢᠭᠤᠯᠤᠨ᠎ᠠ᠃ ᠨᠡᠶᠢᠭᠡᠮ ᠤᠨ ᠬᠦᠴᠦᠨ ᠢ ᠥᠷᠭᠡᠨ ᠳᠡᠯᠭᠡᠷ ᠢᠶᠠᠷ ᠳᠠᠶᠢᠴᠢᠯᠠᠨ ᠪᠠᠶᠢᠵᠦ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠳᠤ ᠣᠷᠤᠯᠴᠠᠭᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠣᠯᠠᠨ ᠨᠡᠶᠢᠲᠡ ᠶᠢᠨ ᠡᠯ᠎ᠡ ᠲᠦᠷᠦᠯ ᠤᠨ ᠰᠤᠶᠤᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠂ ᠲᠤᠰᠬᠠᠢ ᠵᠦᠢᠯ ᠢᠶᠠᠷ ᠶᠠᠳᠠᠭᠤ ᠶᠢ ᠲᠡᠳᠭᠦᠬᠦ᠂ ᠠᠵᠢᠯ ᠲᠦᠷᠦᠯ ᠢᠶᠠᠷ ᠶᠠᠳᠠᠭᠤ ᠶᠢ ᠲᠡᠳᠭᠦᠬᠦ᠂ ᠨᠡᠶᠢᠭᠡᠮ ᠳᠠᠶᠠᠭᠠᠷ ᠶᠠᠳᠠᠭᠤ ᠶᠢ ᠲᠡᠳᠭᠦᠭᠰᠡᠨ ︽ᠶᠠᠳᠠᠭᠤ ᠶᠢ ᠶᠡᠬᠡᠪᠡᠷ ᠲᠡᠳᠭᠦᠬᠦ︾ ᠪᠠᠶᠢᠷᠢᠰᠢᠯ ᠢ ᠠᠯᠬᠤᠮ ᠠᠯᠬᠤᠮ ᠢᠶᠠᠷ ᠪᠣᠢ ᠪᠣᠯᠭᠠᠨ᠎ᠠ᠃      ︵ᠳᠥᠷᠪᠡ︶ ᠲᠣᠭᠲᠠᠴᠠ ᠳᠤ ᠰᠢᠨ᠎ᠡ ᠶᠢ ᠡᠭᠦᠳᠴᠦ᠂ ᠳᠠᠪᠠᠯᠳᠠᠳᠤ ᠮᠠᠶ᠋ᠢᠭ ᠢᠶᠠᠷ ᠬᠥᠭᠵᠢᠭᠦᠯᠦᠨ᠎ᠡ᠃ ᠪᠠᠶᠢᠭᠤᠯᠤᠯ ᠲᠣᠭᠲᠠᠴᠠ ᠶᠢᠨ ᠦᠭᠡᠷᠡᠴᠢᠯᠡᠯᠲᠡ ᠪᠠᠷ ᠬᠦᠳᠡᠯᠭᠡᠬᠦ ᠬᠦᠴᠦᠨ ᠪᠣᠯᠭᠠᠵᠤ᠂ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ᠂ ᠲᠡᠩᠴᠡᠭᠦᠷᠢᠰᠢᠭᠦᠯᠬᠦ᠂ ᠲᠣᠭᠠᠴᠠᠯᠠᠬᠤ᠂ ᠨᠡᠶᠢᠭᠡᠮᠴᠢᠯᠡᠬᠦ ᠪᠠᠶᠢᠭᠤᠯᠤᠯᠲᠠ ᠶᠢ ᠠᠬᠢᠭᠤᠯᠤᠨ᠂ ᠰᠤᠶᠤᠯ ᠬᠢᠭᠡᠳ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠲᠦᠷᠭᠡᠳᠭᠡᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠳᠠᠪᠠᠯᠳᠠᠳᠤ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃      ᠭᠤᠷᠪᠠ᠂ ᠶᠡᠷᠦᠩᠬᠡᠢ ᠬᠠᠷᠠᠯᠲᠠ      ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠭᠦᠭᠦᠯᠬᠦ︾ ᠢᠨᠵᠧᠨᠧᠷᠢᠩ ᠢ ᠬᠡᠷᠡᠭᠵᠢᠭᠦᠯᠬᠦ ᠪᠠᠷ ᠠᠨᠢᠰᠤ ᠪᠣᠯᠭᠠᠵᠤ᠂ ᠳᠤᠲᠠᠭᠤᠳᠠᠯ ᠢᠶᠠᠨ ᠨᠦᠬᠦᠪᠦᠷᠢᠯᠡᠨ᠂ ᠰᠠᠭᠤᠷᠢ ᠶᠢ ᠪᠠᠲᠤᠯᠠᠵᠤ᠂ ᠬᠥᠭᠵᠢᠯᠲᠡ ᠶᠢ ᠠᠬᠢᠭᠤᠯᠤᠨ᠂ ᠦᠪᠡᠷᠲᠡᠭᠡᠨ ᠵᠠᠰᠠᠬᠤ ᠣᠷᠣᠨ ᠤ ᠳᠡᠰ ᠤᠨ᠂ ᠤᠯᠤᠰ ᠤᠨ ᠳᠡᠰ ᠤᠨ ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠤᠰ ᠲᠤᠰ 2017 ᠣᠨ ᠪᠠ 2020 ᠣᠨ ᠳᠤ ᠪᠦᠬᠦᠨ ᠢ ᠪᠦᠬᠦ ᠣᠷᠣᠨ ᠤ ᠲᠡᠭᠰᠢᠳᠭᠡᠭᠰᠡᠨ ᠬᠢᠷᠢ ᠭᠡᠮᠵᠢᠶᠡᠨ ᠳᠤ ᠬᠦᠷᠦᠭᠦᠯᠬᠦ ᠪᠤᠶᠤ ᠣᠶᠢᠷᠠᠲᠤᠭᠤᠯᠬᠤ ᠬᠠᠷᠠᠯᠲᠠ ᠶᠢ ᠪᠡᠶᠡᠯᠡᠭᠦᠯᠦᠨ᠎ᠡ᠃ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠨᠡᠩ ᠪᠦᠷᠢᠨᠰᠢᠭᠦᠯᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠂ ᠴᠢᠳᠠᠪᠤᠷᠢᠲᠠᠨ ᠤ ᠡᠩᠨᠡᠭᠡ ᠶᠢ ᠲᠠᠰᠤᠷᠠᠯᠲᠠ ᠦᠭᠡᠢ ᠪᠣᠵᠠᠭᠠᠶᠢᠷᠠᠭᠤᠯᠵᠤ᠂ ᠪᠡᠯᠡ ᠮᠦᠩᠭᠦ᠂ ᠴᠢᠳᠠᠪᠤᠷᠢᠲᠠᠨ ᠤ ᠡᠩᠨᠡᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠡᠯᠢᠶᠡᠳ ᠰᠠᠶᠢᠨ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠦᠨᠳᠦᠰᠦᠨ ᠰᠤᠶᠤᠯ ᠤᠨ ᠡᠷᠬᠡ ᠠᠰᠢᠭ ᠢ ᠨᠡᠯᠢᠶᠡᠳ ᠰᠠᠶᠢᠨ ᠪᠠᠲᠤᠯᠠᠨ᠎ᠠ᠃      ᠳᠥᠷᠪᠠ᠂ ᠬᠡᠷᠡᠭᠵᠢᠭᠦᠯᠬᠦ ᠬᠦᠷᠢᠶ᠎ᠡ ᠬᠡᠪᠴᠢᠶ᠎ᠡ      ᠲᠤᠰ ᠰᠠᠨᠠᠯ ᠤᠨ ᠬᠡᠷᠡᠭᠵᠢᠭᠦᠯᠬᠦ ᠬᠦᠷᠢᠶ᠎ᠡ ᠬᠡᠪᠴᠢᠶ᠎ᠡ ᠪᠣᠯ ᠪᠦᠬᠦ ᠣᠷᠣᠨ ᠤ ᠤᠯᠤᠰ ᠪᠠ ᠦᠪᠡᠷᠲᠡᠭᠡᠨ ᠵᠠᠰᠬᠠᠤ ᠣᠷᠣᠨ ᠤ ᠶᠠᠳᠠᠭᠤ ᠶᠢ ᠲᠡᠳᠭᠦᠨ ᠨᠡᠭᠡᠭᠡᠨ ᠬᠥᠭᠵᠢᠭᠦᠯᠬᠦ 57 ᠭᠤᠣᠯᠳᠠᠯᠭ᠎ᠠ ᠲᠠᠢ ᠬᠤᠰᠢᠭᠤ ᠰᠢᠶᠠᠨ ᠪᠣᠯᠣᠨ᠎ᠠ᠂ ᠡᠭᠦᠨ ᠳᠤ ᠬᠢᠩᠭᠠᠨ ᠠᠶᠢᠮᠠᠭ᠂ ᠤᠯᠠᠭᠠᠨᠴᠠᠪ ᠬᠤᠲᠠ ᠶᠢᠨ ᠬᠡᠰᠡᠭᠷᠡᠨ ᠵᠠᠯᠭᠠᠯᠳᠤᠭᠰᠠᠨ ᠣᠨᠴᠠ ᠬᠦᠴᠢᠷᠳᠡᠯᠲᠡᠢ 8 ᠬᠤᠰᠢᠭᠤ ᠰᠢᠶᠠᠨ᠂ ᠤᠯᠤᠰ ᠤᠨ ᠶᠠᠳᠠᠭᠤ ᠶᠢ ᠲᠡᠳᠭᠦᠨ ᠨᠡᠭᠡᠭᠡᠨ ᠬᠥᠭᠵᠢᠭᠦᠯᠬᠦ 23 ᠭᠤᠣᠯᠳᠠᠯᠭ᠎ᠠ ᠲᠠᠢ ᠬᠤᠰᠢᠭᠤ ᠰᠢᠶᠠᠨ᠂ ᠦᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠶᠢ ᠲᠡᠳᠭᠦᠨ ᠨᠡᠭᠡᠭᠡᠨ ᠬᠥᠭᠵᠢᠭᠦᠯᠬᠦ 26 ᠭᠤᠣᠯᠳᠠᠯᠭ᠎ᠠ ᠲᠠᠢ ᠬᠤᠰᠢᠭᠤ ᠰᠢᠶᠠᠨ ᠪᠣᠢ᠃      ᠲᠠᠪᠤ᠂ ᠭᠤᠣᠯ ᠡᠭᠦᠷᠭᠡ       ︵ᠨᠢᠭᠡ︶ ᠳᠤᠲᠠᠭᠤᠳᠠᠯ ᠢᠶᠠᠨ ᠨᠦᠬᠦᠪᠦᠷᠢᠯᠡᠵᠦ᠂ ᠪᠡᠯᠡᠳᠭᠡᠮᠵᠢ ᠶᠢ ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃      1. ᠬᠤᠰᠢᠭᠤ ᠰᠢᠶᠠᠨ ᠤ ᠱᠠᠲᠤᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠪᠡᠯᠡᠳᠭᠡᠮᠵᠢ ᠶᠢ ᠤᠯᠤᠰ ᠤᠨ ᠪᠠᠷᠢᠮᠵᠢᠶ᠎ᠠ ᠳᠤ ᠬᠦᠷᠦᠭᠦᠯᠦᠨ᠎ᠡ᠃ ᠬᠡᠰᠡᠭ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠨᠣᠮ ᠤᠨ ᠰᠠᠩ᠂ ᠰᠤᠶᠤᠯ ᠤᠨ ᠣᠷᠳᠣᠨ ᠤ ᠲᠠᠯᠠᠪᠠᠢ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠭ᠎ᠠ ᠣᠳᠣ ᠶᠢᠨ ᠪᠠᠶᠢᠳᠠᠯ ᠳᠤ ᠴᠢᠭᠯᠡᠭᠦᠯᠦᠨ᠂ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠦᠷᠭᠡᠳᠭᠡᠨ ᠪᠠᠶᠢᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ 2020 ᠣᠨ ᠪᠣᠯᠬᠤ ᠳᠤ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠨᠣᠮ ᠤᠨ ᠰᠠᠩ᠂ ᠰᠤᠶᠤᠯ ᠤᠨ ᠣᠷᠳᠣᠨ ᠵᠡᠷᠭᠡ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠪᠡᠯᠡᠳᠭᠡᠮᠵᠢ ᠶᠢ ᠤᠯᠤᠰ ᠤᠨ ᠬᠠᠮᠤᠭ ᠳᠣᠣᠷ᠎ᠠ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠦᠨ᠂ ᠨᠦᠬᠦᠴᠡᠯ ᠲᠠᠢ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠳᠤ ᠲᠢᠶᠠᠲᠷ ᠪᠠᠶᠢᠭᠤᠯᠤᠨ᠎ᠠ᠃ ᠬᠤᠲᠠ ᠬᠦᠳᠡᠭᠡ ᠶᠢ ᠬᠠᠮᠤᠷᠤᠭᠰᠠᠨ᠂ ᠳᠦᠭᠦᠮ ᠳᠦᠳᠡ ᠪᠦᠭᠡᠳ ᠦᠨᠳᠦᠷ ᠦᠷ᠎ᠡ ᠪᠦᠲᠦᠮᠵᠢᠲᠡᠢ᠂ ᠦᠨᠳᠦᠰᠦᠨ ᠪᠠᠶᠢᠳᠠᠯ ᠢ ᠪᠠᠲᠤᠯᠠᠵᠤ᠂ ᠡᠷᠬᠡ ᠲᠡᠭᠰᠢ ᠪᠠᠶᠢᠬᠤ ᠶᠢ ᠠᠬᠢᠭᠤᠯᠤᠭᠰᠠᠨ ᠣᠳᠣ ᠦᠶ᠎ᠡ ᠶᠢᠨ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ᠃      2. ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶᠎ ᠳᠤ ᠶᠡᠷᠦᠩᠬᠡᠶᠢᠯᠡᠭᠰᠡᠨ ᠴᠢᠨᠠᠷᠲᠠᠢ ᠰᠤᠶᠤᠯ ᠤᠨ ᠦᠢᠯᠡᠴᠢᠯᠡᠭᠡᠨ ᠤ ᠲᠥᠪ ᠢ ᠪᠠᠶᠢᠭᠤᠯᠤᠨ᠎ᠠ᠃ ᠦᠯᠡᠳᠡᠭᠡᠯ ᠢ ᠴᠢᠯᠦᠭᠡᠲᠡᠢ ᠪᠣᠯᠭᠠᠬᠤ᠂ ᠡᠳ᠋ ᠬᠦᠷᠦᠩᠭᠡ ᠰᠤᠯᠢᠬᠤ᠂ ᠶᠡᠷᠦᠩᠬᠡᠶᠢᠯᠡᠨ ᠠᠰᠢᠭᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠤᠶᠤᠯ ᠤᠨ ᠡᠬᠢ ᠪᠠᠶᠠᠯᠢᠭ ᠪᠠ ᠲᠦᠷᠦᠯ ᠵᠦᠢᠯ ᠢ ᠡᠮᠬᠢᠯᠡᠨ ᠨᠡᠶᠢᠯᠡᠭᠦᠯᠬᠦ ᠪᠠᠷ ᠳᠠᠮᠵᠢᠨ᠂ 2020 ᠣᠨ ᠪᠣᠯᠬᠤ ᠳᠤ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠦᠬᠦᠨ ᠤ ᠬᠠᠷᠢᠶ᠎ᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠠ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶᠎ ᠳᠤ ᠰᠣᠷᠲᠠᠯ ᠤᠬᠠᠭᠤᠯᠤᠯ ᠰᠤᠶᠤᠯ ᠪᠣᠯᠪᠠᠰᠤᠷᠠᠯ᠂ ᠨᠠᠮ ᠤᠨ ᠭᠡᠰᠢᠭᠦᠨ ᠤ ᠬᠦᠮᠦᠵᠢᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠬᠠᠤᠯᠢ ᠴᠠᠭᠠᠵᠠ ᠲᠦᠭᠡᠮᠡᠯᠵᠢᠭᠦᠯᠬᠦ ᠬᠦᠮᠦᠵᠢᠯ᠂ ᠪᠡᠶ᠎ᠡ ᠶᠢᠨ ᠲᠠᠮᠢᠷ ᠪᠡᠶ᠎ᠡ ᠴᠢᠬᠢᠷᠠᠬᠵᠢᠭᠤᠯᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ ᠰᠤᠶᠤᠯ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ 600 ᠲᠡᠭᠰᠢ ᠳᠦᠷᠪᠡᠯᠵᠢᠨ ᠮᠧᠲᠷ ᠠᠴᠠ ᠳᠣᠣᠷ᠎ᠠ ᠪᠠᠶᠢᠯᠭᠠᠬᠤ ᠦᠭᠡᠢ ᠭᠡᠷ ᠤᠨ ᠭᠠᠳᠠᠨᠠᠬᠢ ᠰᠤᠶᠤᠯ ᠪᠡᠶ᠎ᠡ ᠶᠢᠨ ᠲᠠᠮᠢᠷ ᠤᠨ ᠲᠠᠯᠠᠪᠠᠢ ᠶᠢ ᠳᠦᠬᠦᠷᠵᠢᠭᠦᠯᠦᠨ ᠪᠠᠶᠢᠭᠤᠯᠤᠨ᠎ᠠ᠃      3. ᠰᠤᠶᠤᠯ ᠤᠨ ᠦᠢᠯᠡᠴᠢᠯᠡᠭᠡᠨ ᠤ ᠨᠡᠭᠦᠳᠡᠯ ᠪᠡᠯᠡᠳᠭᠡᠮᠵᠢ ᠲᠦᠭᠦᠭᠡᠷᠦᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠨᠣᠮ ᠤᠨ ᠰᠠᠩ᠂ ᠰᠤᠶᠤᠯ ᠤᠨ ᠣᠷᠳᠣᠨ ᠨᠢᠭᠡᠪᠦᠷᠢ ᠳᠤ ᠨᠣᠮ ᠪᠢᠴᠢᠭ ᠵᠢᠭᠡᠯᠡᠨ ᠤᠩᠰᠢᠬᠤ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠺᠢᠨᠣ᠋ ᠭᠠᠷᠭᠠᠬᠤ ᠵᠡᠷᠭᠡ ᠣᠯᠠᠨ ᠴᠢᠳᠠᠮᠵᠢ ᠲᠠᠢ ᠰᠤᠶᠤᠯ ᠤᠨ ᠨᠡᠭᠦᠳᠡᠯ ᠲᠡᠷᠬᠡ ᠶᠢ ᠲᠣᠬᠢᠷᠠᠭᠤᠯᠵᠤ᠂ ᠤᠯᠠᠭᠠᠨᠮᠦ᠋ᠴᠢᠷ ᠲᠤ ᠲᠣᠭᠯᠠᠯᠲᠠ ᠶᠢᠨ ᠨᠡᠭᠦᠳᠡᠯ ᠲᠡᠷᠭᠡ ᠶᠢ ᠲᠣᠬᠢᠷᠠᠭᠤᠯᠵᠤ ᠥᠭᠭᠦᠨ᠎ᠡ᠃ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠤᠶᠤᠯ ᠤᠨ ᠦᠢᠯᠡᠴᠢᠯᠡᠭᠡᠨ ᠤ ᠪᠡᠯᠡᠳᠭᠡᠮᠵᠢ ᠳᠤ ᠲᠦᠰᠢᠭᠯᠡᠨ ᠨᠡᠭᠦᠳᠡᠯ ᠦᠢᠯᠡᠴᠢᠯᠡᠭᠡᠨ ᠤ ᠴᠢᠬ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠴᠤᠭᠯᠠᠭ᠎ᠠ ᠮᠠᠶᠢᠮᠠᠢ᠂ ᠵᠢᠷᠭᠠᠯᠠᠩᠲᠤ ᠬᠦᠷᠢᠶᠡᠯᠡᠩ᠂ ᠲᠤᠰᠬᠤᠨ ᠤ ᠳᠡᠰ ᠤᠨ ᠰᠤᠶᠤᠯ ᠤᠨ ᠦᠷᠦᠭᠡ᠂ ᠰᠤᠶᠤᠯ ᠤᠨ ᠶᠡᠭᠡ ᠬᠦᠷᠢᠶᠡᠯᠡᠩ᠂ ᠰᠤᠶᠤᠯ ᠤᠨ ᠭᠤᠣᠯᠳᠠᠯᠭᠠᠲᠤ ᠡᠷᠦᠬᠡ᠂ ᠲᠠᠷᠢᠶᠠᠯᠠᠩ ᠣᠢ ᠰᠢᠭᠤᠢ ᠮᠠᠯᠵᠢᠯ ᠤᠨ ᠲᠠᠯᠠᠪᠠᠢ ᠶᠢᠨ ᠰᠤᠶᠤᠯ ᠤᠨ ᠭᠠᠵᠠᠷ ᠤᠨ ᠨᠡᠭᠦᠳᠡᠯ ᠦᠢᠯᠡᠴᠢᠯᠡᠭᠡᠨ ᠤ ᠴᠢᠬ ᠤᠨ ᠪᠠᠶᠢᠭᠤᠯᠤᠯᠲᠠ ᠶᠢ ᠴᠢᠩᠭᠠᠳᠬᠠᠨ᠂ ᠰᠤᠶᠤᠯ ᠤᠨ ᠦᠢᠯᠡᠴᠢᠯᠡᠭᠡᠨ ᠤ ᠨᠡᠭᠦᠳᠡᠯ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠪᠣᠢ ᠪᠣᠯᠭᠠᠨ᠎ᠠ᠃      4. ᠷᠠᠳᠢᠣ᠋ ᠲᠧᠯᠸᠢᠰ ᠢ ᠲᠣᠭᠠᠴᠠᠯᠠᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠬᠡᠷᠡᠭᠵᠢᠭᠦᠯᠦᠨ᠎ᠡ᠃ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠷᠠᠳᠢᠣ᠋ ᠲᠧᠯᠸᠢᠰ ᠢ ᠡᠷᠦᠬᠡ ᠨᠢᠭᠡᠪᠦᠷᠢ ᠳᠤ ᠨᠡᠪᠲᠡᠷᠡᠭᠦᠯᠬᠦ᠂ ᠷᠠᠳᠢᠣ᠋ ᠨᠡᠪᠲᠡᠷᠡᠭᠦᠯᠭᠡ ᠶᠢ ᠲᠤᠰᠬᠤᠨ ᠨᠢᠭᠡᠪᠦᠷᠢ ᠳᠤ ᠨᠡᠪᠲᠡᠷᠡᠭᠦᠯᠬᠦ᠂ ᠭᠠᠵᠠᠷ ᠳᠡᠭᠡᠷᠡᠬᠢ ᠲᠣᠭᠠᠴᠠᠯᠠᠬᠰᠠᠨ ᠲᠧᠯᠸᠢᠰ ᠢ ᠪᠦᠷᠭᠦᠭᠦᠯᠬᠦ᠂ ᠷᠠᠳᠢᠣ᠋ ᠲᠧᠯᠸᠢᠰ ᠤᠨ ᠤᠲᠠᠰᠤ ᠦᠭᠡᠢ ᠰᠠᠴᠤᠷᠠᠭᠤᠯᠬᠤ ᠲᠡᠪᠴᠡᠩ ᠪᠠ ᠥᠷᠲᠡᠭᠡ ᠶᠢᠨ ᠰᠠᠭᠤᠷᠢ ᠪᠡᠯᠡᠳᠭᠡᠮᠵᠢ ᠶᠢ ᠪᠠᠶᠢᠭᠤᠯᠬᠤ᠂ ᠲᠣᠭᠠᠴᠠᠯᠠᠭᠰᠠᠨ ᠳᠠᠭᠤᠨ ᠤ ᠳᠠᠪᠲᠠᠮᠵᠢ ᠶᠢᠨ ᠷᠠᠳᠢᠣ᠋ ᠨᠡᠪᠲᠡᠷᠡᠭᠦᠯᠭᠡ ᠶᠢ ᠪᠦᠷᠭᠦᠭᠦᠯᠬᠦ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮᠵᠢ ᠪᠠ ᠬᠢᠨᠠᠨ ᠬᠡᠮᠵᠢᠬᠦ ᠬᠢᠨᠠᠨ ᠬᠠᠮᠢᠶᠠᠷᠬᠤ ᠰᠢᠰᠲ᠋ᠧᠮᠵᠢ ᠵᠡᠷᠭᠡ ᠪᠠᠶᠢᠭᠤᠯᠤᠯᠲᠠ ᠶᠢᠨ ᠡᠭᠦᠷᠭᠡ ᠶᠢ ᠤᠷᠢᠳᠠᠪᠠᠷ ᠪᠡᠶᠡᠯᠡᠭᠦᠯᠵᠦ᠂ ᠳᠠᠮᠵᠢᠭᠤᠯᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠷᠠᠳᠢᠣ᠋ ᠲᠧᠯᠸᠢᠰ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃      ︵ᠬᠤᠶᠠᠷ︶ ᠦᠨᠳᠦᠰᠦᠨ ᠪᠠᠶᠢᠳᠠᠯ ᠢ ᠪᠠᠲᠤᠯᠠᠵᠤ᠂ ᠬᠠᠩᠭᠠᠯᠭ᠎ᠠ ᠶᠢ ᠨᠡᠮᠡᠭᠳᠡᠭᠦᠯᠦᠨ᠂ ᠦᠨᠳᠦᠰᠦᠨ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠲᠡᠩᠴᠡᠭᠦᠷᠢᠵᠢᠯᠲᠠ ᠶᠢ ᠠᠬᠢᠭᠤᠯᠤᠨ᠎ᠠ᠃      1. ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠬᠡᠷᠡᠭᠵᠢᠭᠦᠯᠬᠦ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠨᠣᠮ ᠪᠢᠴᠢᠭ ᠰᠣᠨᠢᠨ ᠤᠩᠰᠢᠬᠤ᠂ ᠷᠠᠳᠢᠣ᠋ ᠲᠧᠯᠸᠢᠰ᠂ ᠺᠢᠨᠣ᠋ ᠭᠠᠷᠭᠠᠬᠤ᠂ ᠰᠤᠶᠤᠯ ᠪᠡᠶ᠎ᠡ ᠲᠠᠮᠢᠷ ᠤᠨ ᠠᠵᠢᠯᠯᠠᠭ᠎ᠠ᠂ ᠤᠷᠠᠨ ᠰᠠᠶᠢᠬᠠᠨ ᠤ ᠲᠣᠭᠯᠠᠯᠲᠠ᠂ ᠦᠵᠡᠰᠭᠦᠯᠡᠩ ᠦᠵᠡᠭᠦᠯᠦᠯᠭᠡ ᠵᠡᠷᠭᠡ ᠣᠯᠠᠨ ᠲᠦᠮᠡᠨ ᠤ ᠦᠨᠳᠦᠰᠦᠨ ᠰᠤᠶᠤᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠦᠨᠳᠦᠰᠦᠨ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠡᠬᠢ ᠪᠠᠶᠠᠯᠢᠭ ᠤᠨ ᠬᠦᠮᠦᠷᠭᠡ ᠶᠢ ᠪᠠᠶᠢᠭᠤᠯᠵᠤ᠂ ᠦᠢᠯᠡᠴᠢᠯᠡᠭᠡᠨ ᠤ ᠪᠣᠲᠠᠲᠠᠢ ᠲᠦᠷᠦᠯ ᠵᠦᠢᠯ᠂ ᠲᠦᠷᠦᠯ ᠢᠯᠭᠠᠯ᠂ ᠲᠤᠭ᠎ᠠ ᠬᠡᠮᠵᠢᠶ᠎ᠡ᠂ ᠬᠡᠪᠴᠢᠶ᠎ᠡ ᠪᠠ ᠶᠠᠰᠤ ᠴᠢᠨᠠᠷ ᠤᠨ ᠱᠠᠭᠠᠷᠳᠠᠯᠭ᠎ᠠ ᠶᠢ ᠲᠤᠳᠤᠷᠬᠠᠶᠢᠯᠠᠨ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠪᠦᠲᠦᠭᠡᠭᠳᠡᠭᠦᠨ ᠪᠠ ᠦᠢᠯᠡᠴᠢᠯᠡᠭᠡᠨ ᠤ ᠬᠠᠩᠭᠠᠯᠭ᠎ᠠ ᠶᠢ ︽ᠦᠪᠦᠷ ᠮᠣᠩᠭᠤᠯ ᠤᠨ ᠦᠨᠳᠦᠰᠦᠨ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡ ᠶᠢ ᠬᠡᠷᠡᠭᠵᠢᠭᠦᠯᠬᠦ ᠪᠠᠷᠢᠮᠵᠢᠶ᠎ᠠ ︵2015 - 2020 ᠣᠨ︶︾᠎ ᠶᠢᠨ ᠬᠠᠮᠢᠶ᠎ᠠ ᠪᠦᠬᠦᠢ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃      2. ᠦᠨᠳᠦᠰᠦᠨ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠠᠭᠤᠯᠭ᠎ᠠ ᠶᠢ ᠪᠠᠶᠠᠯᠢᠬᠵᠢᠭᠤᠯᠤᠨ᠎ᠠ᠃ ᠤᠷᠠᠨ ᠰᠠᠶᠢᠬᠠᠨ ᠤ ᠬᠦᠷᠢᠶᠡᠯᠡᠩ ᠪᠦᠯᠬᠦᠮ ᠤᠨ ᠦᠨᠳᠦᠰᠦᠨ ᠱᠠᠲᠤᠨ ᠳᠤ ᠪᠠᠭᠤᠵᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠲᠣᠭᠯᠠᠯᠲᠠ ᠶᠢᠨ ᠲᠠᠯᠠᠪᠠᠢ ᠤᠳᠠᠭ᠎ᠠ ᠶᠢ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠲᠡᠰᠢ ᠬᠡᠯᠪᠠᠶᠢᠯᠭᠡᠨ᠎ᠡ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠦᠨᠳᠦᠰᠦᠲᠡᠨ ᠤ ᠰᠤᠶᠤᠯ ᠤᠨ ᠪᠦᠲᠦᠭᠡᠭᠳᠡᠭᠦᠨ ᠢ ᠦᠢᠯᠡᠳᠪᠦᠷᠢᠯᠡᠨ ᠡᠭᠦᠳᠦᠨ ᠪᠦᠲᠦᠭᠡᠬᠦ ᠶᠢ ᠵᠣᠷᠢᠬᠵᠢᠭᠤᠯᠵᠤ᠂ ᠣᠯᠠᠨ ᠨᠡᠶᠢᠲᠡ ᠶᠢᠨ ᠰᠤᠶᠤᠯ ᠤᠨ ᠰᠢᠯᠢᠳᠡᠭ ᠪᠦᠲᠦᠭᠡᠭᠳᠡᠭᠦᠨ ᠢ ᠦᠨᠳᠦᠰᠦᠲᠡᠨ ᠤ ᠬᠡᠯᠡ ᠪᠠᠷ ᠤᠷᠴᠢᠭᠤᠯᠵᠤ ᠦᠢᠯᠡᠳᠬᠦ ᠪᠠ ᠤᠯᠠᠮᠵᠢᠯᠠᠬᠤ ᠶᠢ ᠴᠢᠩᠭᠠᠳᠬᠠᠨ᠎ᠠ᠃ ︽ᠲᠤᠮᠤ ᠲᠣᠭᠯᠠᠯᠲᠠ ᠶᠢᠨ ᠲᠡᠪᠴᠡᠩ︾᠂ ︽ᠲᠠᠶᠢᠯᠤᠨ ᠬᠢᠴᠢᠶᠡᠯᠯᠡᠬᠦ ᠲᠠᠩᠬᠢᠮ︾᠎ ᠢᠶᠠᠷ ᠭᠤᠣᠯ ᠬᠡᠯᠪᠡᠷᠢ ᠪᠣᠯᠭᠠᠵᠤ᠂ ︽ᠬᠠᠪᠤᠷ ᠤᠨ ᠬᠤᠷ᠎ᠠ ᠢᠨᠵᠧᠨᠧᠷᠢᠩ︾᠎ ᠤᠨ ᠬᠢᠯᠢ ᠬᠢᠵᠠᠭᠠᠷ ᠤᠨ ᠠᠶᠠᠯᠠᠯ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ᠂ ᠬᠤᠣᠰ ᠴᠢᠭᠯᠡᠯ ᠢᠶᠠᠷ ᠬᠦᠳᠡᠯᠦᠯᠴᠡᠬᠦ᠂ ᠰᠤᠶᠤᠯ ᠤᠨ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ ᠰᠤᠶᠤᠯ ᠤᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠬᠢᠬᠡᠳ ᠣᠷᠣᠨ ᠤ ᠳᠣᠲᠤᠷ᠎ᠠ ᠭᠠᠳᠠᠨᠠᠬᠢ ᠬᠥᠭᠵᠢᠭᠰᠡᠨ ᠭᠠᠵᠠᠷ ᠣᠷᠣᠨ ᠯᠤᠭ᠎ᠠ ᠰᠤᠶᠤᠯ ᠤᠨ ᠰᠤᠯᠢᠯᠴᠠᠭ᠎ᠠ ᠦᠷᠨᠢᠭᠦᠯᠬᠦ ᠶᠢ ᠠᠬᠢᠭᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠲᠦᠮᠡᠨ ᠤ ᠤᠶᠤᠨ ᠰᠠᠨᠠᠭ᠎ᠠ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠤᠨ᠎ᠠ᠃ ︽ᠪᠢᠴᠢᠭ ᠤᠨ ᠰᠤᠨᠢᠷᠬᠠᠯᠳᠠᠢ ᠬᠡᠤᠬᠡᠳ ᠨᠠᠰᠤ︾ ᠤᠩᠰᠢᠯᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠲᠤ ᠤᠩᠰᠢᠯᠭ᠎ᠠ ᠶᠢᠨ ᠪᠢᠴᠢᠭ ᠤᠨ ᠪᠤᠭᠴᠤ ᠲᠠᠷᠬᠠᠭᠠᠨ᠂ ᠤᠩᠰᠢᠯᠭ᠎ᠠ ᠶᠢᠨ ᠵᠢᠯᠤᠭᠤᠳᠤᠯᠭ᠎ᠠ ᠶᠢᠨ ᠦᠢᠯᠡᠴᠢᠯᠡᠭᠡ ᠶᠢ ᠦᠷᠨᠢᠭᠦᠯᠦᠨ᠎ᠡ᠃ ᠲᠠᠯ᠎ᠠ ᠨᠤᠲᠤᠭ ᠤᠨ ᠨᠣᠮ ᠤᠨ ᠦᠷᠦᠭᠡ ᠶᠢᠨ ᠬᠡᠪᠯᠡᠭᠳᠡᠭᠦᠨ ᠢ ᠰᠢᠨᠡᠴᠢᠯᠡᠬᠦ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠤᠩᠭᠤᠬᠤ ᠨᠣᠮ ᠪᠢᠴᠢᠭ ᠢ ᠨᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠨᠡᠩ ᠨᠡᠶᠢᠴᠡᠭᠦᠯᠦᠨ᠎ᠡ᠃       3. ᠣᠨᠴᠤᠭᠤᠢ ᠬᠦᠮᠦᠰ ᠤᠨ ᠦᠨᠳᠦᠰᠦᠨ ᠰᠤᠶᠤᠯ ᠤᠨ ᠡᠷᠬᠡ ᠠᠰᠢᠭ ᠢ ᠪᠠᠲᠤᠯᠠᠨ᠎ᠠ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠦᠨᠳᠦᠰᠦᠨ ᠱᠠᠲᠤᠨ ᠳᠠᠬᠢ ᠶᠡᠷᠦᠩᠬᠡᠶᠢᠯᠡᠭᠰᠡᠨ ᠰᠤᠶᠤᠯ ᠤᠨ ᠦᠢᠯᠡᠴᠢᠯᠡᠭᠡᠨ ᠤ ᠲᠥᠪ ᠨᠢ ︽ᠭᠡᠷ ᠲᠡᠭᠡᠨ ᠬᠤᠴᠤᠷᠤᠭᠰᠠᠨ ᠬᠡᠦᠬᠡᠳ ᠤᠨ ᠰᠤᠶᠤᠯ ᠤᠨ ᠦᠷᠦᠭᠡ︾᠎ ᠶᠢ ᠪᠠᠶᠢᠭᠤᠯᠵᠤ᠂ ᠬᠡᠦᠬᠡᠳ ᠤᠨ ᠵᠤᠭ᠎ᠠ ᠲᠤᠬᠯᠠᠭᠠᠮ ᠤᠨ ᠪᠡᠯᠡᠳᠭᠡᠮᠵᠢ ᠶᠢ ᠲᠣᠬᠢᠷᠠᠭᠤᠯᠤᠨ᠂ ᠬᠡᠦᠬᠡᠳ ᠤᠨ ᠬᠢᠴᠢᠶᠡᠯ ᠤᠨ ᠭᠠᠳᠠᠭᠤᠷᠬᠢ ᠤᠩᠰᠢᠯᠭ᠎ᠠ ᠶᠢ ᠨᠡᠮᠡᠭᠳᠡᠭᠦᠯᠬᠦ ᠶᠢᠨ ᠬᠠᠮᠲᠤ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠭᠠᠳᠠᠨ᠎ᠠ ᠭᠠᠷᠴᠤ ᠬᠦᠴᠦ ᠶᠠᠪᠤᠵᠤ ᠪᠠᠶᠢᠭ᠎ᠠ ᠡᠬᠡ ᠡᠴᠢᠭᠡ ᠯᠦᠭᠡ ᠬᠠᠷᠠᠭᠠᠨ ᠳᠠᠪᠳᠠᠮᠵᠢ ᠪᠠᠷ ᠣᠶᠢᠯᠠᠭᠠᠯᠴᠠᠬᠤ ᠳᠤ ᠳᠦᠭᠦᠮ ᠦᠵᠡᠭᠦᠯᠦᠨ᠎ᠡ᠃ ᠤᠩᠰᠢᠯᠭ᠎ᠠ ᠶᠢᠨ ᠦᠢᠯᠡᠴᠢᠯᠡᠭᠡ᠂ ᠤᠷᠠᠯᠢᠭ ᠢ ᠲᠦᠭᠡᠮᠡᠯᠵᠢᠭᠦᠯᠬᠦ᠂ ᠰᠤᠶᠤᠯ ᠪᠡᠶ᠎ᠡ ᠲᠠᠮᠢᠷ ᠤᠨ ᠠᠵᠢᠯᠯᠠᠭ᠎ᠠ ᠵᠡᠷᠭᠡ ᠲᠠᠯ᠎ᠠ ᠪᠠᠷ ᠭᠡᠷ ᠲᠡᠭᠡᠨ ᠬᠤᠴᠤᠷᠤᠭᠰᠠᠨ ᠬᠡᠦᠬᠡᠳ ᠲᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠡᠮᠡᠭᠲᠡᠶᠢᠴᠦᠳ ᠲᠤ ᠬᠠᠨᠳᠤᠭᠤᠯᠤᠨ ᠲᠦᠯᠦᠪᠯᠡᠭᠡᠲᠦ ᠦᠷᠡᠵᠢᠯ ᠤᠨ ᠮᠡᠳᠡᠯᠭᠡ᠂ ᠰᠡᠳᠬᠢᠴᠡ ᠶᠢᠨ ᠯᠠᠪᠯᠠᠯᠭ᠎ᠠ᠂ ᠤᠷᠠᠨ ᠰᠠᠶᠢᠬᠠᠨ ᠤ ᠠᠵᠢᠯᠯᠠᠭ᠎ᠠ᠂ ᠭᠠᠷ ᠤᠷᠠᠯᠠᠯ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠵᠡᠷᠭᠡ ᠲᠠᠯ᠎ᠠ ᠶᠢᠨ ᠰᠤᠶᠤᠯ ᠤᠨ ᠦᠢᠯᠡᠴᠢᠯᠡᠭᠡᠨ ᠤ ᠠᠭᠤᠯᠭ᠎ᠠ ᠶᠢ ᠨᠡᠮᠡᠭᠳᠡᠭᠦᠯᠦᠨ᠎ᠡ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠰᠤᠶᠤᠯ ᠤᠨ ᠪᠠᠶᠢᠭᠤᠯᠤᠮᠵᠢ ᠳᠤ ᠰᠠᠭᠠᠳ ᠬᠠᠷᠰᠢ ᠦᠭᠡᠢ ᠪᠡᠯᠡᠳᠭᠡᠮᠵᠢ ᠶᠢ ᠤᠷᠢᠳᠠᠪᠠᠷ ᠲᠣᠬᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠰᠠᠭᠠᠳ ᠬᠠᠷᠰᠢ ᠦᠭᠡᠢ ᠰᠤᠶᠤᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠡᠮᠳᠡᠭᠴᠦᠳ ᠲᠤ ᠬᠠᠨᠳᠤᠭᠤᠯᠤᠨ ᠡᠷᠬᠢᠯᠡᠭᠰᠡᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠪᠠ ᠠᠯᠪᠠᠨ ᠵᠢᠷᠤᠮ ᠤᠨ ᠲᠣᠭᠯᠠᠯᠲᠠ ᠶᠢᠨ ᠠᠵᠢᠯᠯᠠᠭ᠎ᠠ ᠶᠢ ᠵᠣᠷᠢᠬᠵᠢᠭᠤᠯᠤᠨ ᠲᠡᠳᠭᠦᠨ᠎ᠡ᠃      4. ᠪᠤᠳᠠᠰ ᠤᠨ ᠪᠤᠰᠤ ᠰᠤᠶᠤᠯ ᠤᠨ ᠥᠪ ᠢ ᠠᠭᠤᠳᠠᠯᠯᠠᠨ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠪᠤᠳᠠᠰ ᠤᠨ ᠪᠤᠰᠤ ᠰᠤᠶᠤᠯ ᠤᠨ ᠥᠪ ᠤᠨ ᠡᠬᠢ ᠪᠠᠶᠠᠯᠢᠭ ᠲᠤ ᠲᠦᠰᠢᠭᠯᠡᠨ᠂ ᠪᠤᠳᠠᠰ ᠤᠨ ᠪᠤᠰᠤ ᠰᠤᠶᠤᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠣᠯᠠᠨ ᠨᠡᠶᠢᠲᠡ ᠶᠢᠨ ᠰᠤᠶᠤᠯ ᠤᠨ ᠠᠵᠢᠯᠯᠠᠭ᠎ᠠ ᠯᠤᠭ᠎ᠠ ᠤᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠵᠦ᠂ ᠤᠯᠠᠮᠵᠢᠯᠠᠯᠲᠤ ᠪᠠᠶᠠᠷ ᠲᠤᠷᠠᠰᠬᠠᠯ ᠤᠨ ᠡᠳᠦᠷ᠂ ᠦᠨᠳᠦᠰᠦᠲᠡᠨ ᠤ ᠵᠠᠩ ᠦᠢᠯᠡ᠂ ᠦᠨᠳᠦᠰᠦᠲᠡᠨ ᠤ ᠪᠠ ᠠᠷᠠᠳ ᠤᠨ ᠤᠳᠬ᠎ᠠ ᠤᠷᠠᠯᠢᠭ ᠵᠡᠷᠭᠡ ᠶᠢ ᠠᠰᠢᠭᠯᠠᠨ᠂ ᠣᠯᠠᠨ ᠲᠦᠮᠡᠨ ᠤ ᠤᠷᠤᠯᠴᠠᠬᠤ ᠳᠤᠷᠠᠲᠠᠢ᠂ ᠤᠷᠤᠯᠴᠠᠬᠤ ᠳᠤ ᠳᠦᠭᠦᠮ ᠦᠨᠳᠦᠰᠦᠲᠡᠨ ᠤ ᠪᠠ ᠠᠷᠠᠳ ᠤᠨ ᠪᠠᠶᠠᠷ ᠳᠤᠷᠠᠰᠬᠠᠯ ᠤᠨ ᠰᠤᠶᠤᠯ ᠪᠠ ᠣᠯᠠᠨ ᠬᠡᠯᠪᠡᠷᠢ ᠶᠠᠩᠵᠤ ᠶᠢᠨ ᠣᠯᠠᠨ ᠲᠦᠮᠡᠨᠴᠢ ᠴᠢᠨᠠᠷᠲᠠᠢ ᠰᠤᠶᠤᠯ ᠪᠡᠶ᠎ᠡ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠪᠤᠳᠠᠰ ᠤᠨ ᠪᠤᠰᠤ ᠰᠤᠶᠤᠯ ᠤᠨ ᠥᠪ ᠢ ᠬᠠᠮᠠᠭᠠᠯᠠᠬᠤ ᠲᠦᠷᠦᠯ ᠵᠦᠢᠯ ᠢ ᠰᠢᠯᠭᠠᠷᠠᠭᠤᠯᠤᠨ ᠦᠨᠡᠯᠡᠬᠦ᠂ ᠤᠯᠠᠮᠵᠢᠯᠠᠨ ᠵᠠᠯᠭᠠᠮᠵᠢᠯᠠᠬᠴᠢ ᠶᠢ ᠮᠭᠠᠳᠬᠠᠯᠠᠨ ᠲᠣᠭᠲᠠᠭᠠᠬᠤ ᠳᠤ ᠵᠣᠬᠢᠬᠤ ᠬᠠᠷᠠᠭᠠᠯᠵᠠᠯ ᠦᠵᠡᠭᠦᠯᠦᠨ᠎ᠡ᠃ ︽ᠨᠢᠭᠡ ᠪᠦᠰᠡ ᠨᠢᠭᠡ ᠵᠠᠮ︾᠎ ᠤᠨ ᠲᠡᠪᠴᠡᠩ ᠢ ᠠᠰᠢᠭᠯᠠᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠰᠢᠯᠢᠳᠡᠭ ᠤᠯᠠᠮᠵᠢᠯᠠᠯᠲᠤ ᠰᠤᠶᠤᠯ ᠪᠠ ᠪᠤᠳᠠᠰ ᠤᠨ ᠪᠤᠰᠤ ᠰᠤᠶᠤᠯ ᠤᠨ ᠥᠪ ᠤᠨ ᠲᠦᠷᠦᠯ ᠵᠦᠢᠯ ᠢ ᠮᠤᠩᠭᠤᠯ ᠤᠯᠤᠰ᠂ ᠤᠷᠤᠰ ᠯᠤᠭ᠎ᠠ ᠰᠤᠯᠢᠯᠴᠠᠨ ᠬᠠᠮᠲᠤᠷᠠᠯᠴᠠᠬᠤ ᠪᠠ ᠬᠠᠮᠲᠤᠷᠠᠨ ᠬᠠᠮᠠᠭᠠᠯᠠᠬᠤ ᠶᠢ ᠠᠬᠢᠭᠤᠯᠤᠨ᠎ᠠ᠃      5. ᠶᠠᠳᠠᠭᠤ ᠬᠦᠴᠢᠷᠳᠡᠯᠲᠡᠢ ᠭᠠᠵᠠᠷ ᠣᠷᠣᠨ ᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠯᠢᠳᠡᠭ ᠰᠤᠶᠤᠯ᠂ ᠷᠠᠳᠢᠣ᠋ ᠺᠢᠨᠣ᠋ ᠲᠧᠯᠸᠢᠰ ᠤᠨ ᠪᠦᠲᠦᠭᠡᠯ ᠢ ᠮᠤᠩᠭᠤᠯ ᠬᠡᠯᠡ ᠪᠠᠷ ᠣᠷᠴᠢᠭᠤᠯᠵᠤ ᠦᠢᠯᠡᠳᠬᠦ ᠶᠢ ᠴᠢᠩᠭᠠᠳᠬᠠᠵᠤ᠂ ᠮᠤᠩᠭᠤᠯ ᠦᠨᠳᠦᠰᠦᠲᠡᠨ ᠤ ᠲᠦᠪᠯᠡᠷᠡᠨ ᠰᠠᠭᠤᠭᠰᠠᠨ ᠣᠷᠣᠨ ᠳᠤ ᠭᠤᠣᠯᠳᠠᠯᠭ᠎ᠠ ᠲᠠᠢ ᠤᠯᠠᠮᠵᠢᠯᠠᠨ᠎ᠠ᠃ ᠮᠤᠩᠭᠤᠯ ᠬᠡᠯᠡᠨ ᠤ ᠰᠤᠶᠤᠯ ᠤᠨ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠵᠣᠷᠢᠬᠵᠢᠭᠤᠯᠤᠨ ᠲᠡᠳᠭᠦᠵᠦ᠂ ︽ᠭᠤᠷᠪᠠᠨ ᠴᠦᠬᠡᠨ ᠲᠣᠭᠠᠲᠤ ᠦᠨᠳᠦᠰᠦᠲᠡᠨ︾᠂ ᠣᠷᠣᠰ ᠦᠨᠳᠦᠰᠦᠲᠡᠨ ᠤ ᠦᠨᠳᠦᠰᠦᠲᠡᠨ ᠤ ᠦᠭᠡ ᠬᠡᠯᠡᠨ ᠤ ᠷᠠᠳᠢᠣ᠋ ᠨᠡᠪᠲᠡᠷᠡᠭᠦᠯᠭᠡ ᠶᠢᠨ ᠫᠷᠣᠭ᠍ᠷᠠᠮ ᠵᠣᠬᠢᠶᠠᠬᠤ ᠶᠢ ᠳᠡᠮᠵᠢᠨ᠎ᠡ᠃ ᠮᠣᠩᠭᠤᠯ ᠬᠡᠯᠡ ᠦᠰᠦᠭ ᠪᠢᠴᠢᠭ ᠵᠢᠴᠢ ᠬᠤᠣᠰ ᠬᠡᠯᠡᠨ ᠤ ᠬᠡᠪᠯᠡᠭᠳᠡᠭᠦᠨ ᠢ ᠬᠡᠪᠯᠡᠨ ᠲᠠᠷᠬᠠᠭᠠᠬᠤ ᠶᠢ ᠴᠢᠩᠭᠠᠳᠬᠠᠵᠤ᠂ ᠮᠣᠩᠭᠤᠯ ᠬᠡᠯᠡ ᠦᠰᠦᠭ ᠪᠢᠴᠢᠭ ᠤᠨ ᠬᠡᠪᠯᠡᠯ ᠤᠨ ᠨᠢᠭᠡᠴᠡ ᠶᠢᠨ ᠲᠣᠭᠠᠴᠠᠯᠠᠬᠤ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠤᠨ᠎ᠠ᠃       ︵ᠭᠤᠷᠪᠠ︶ ᠪᠠᠶᠢᠭᠤᠯᠤᠯ ᠳᠤ ᠰᠢᠨ᠎ᠡ ᠶᠢ ᠡᠭᠦᠳᠴᠦ᠂ ᠲᠣᠭᠲᠠᠴᠠ ᠶᠢ ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ ᠰᠤᠶᠤᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ᠃      1. ᠵᠠᠰᠠᠭ ᠤᠨ ᠣᠷᠳᠣᠨ ᠤ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡ ᠬᠤᠳᠠᠯᠳᠤᠨ ᠠᠪᠬᠤ ᠶᠢ ᠠᠬᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠨᠢ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡ ᠬᠤᠳᠠᠯᠳᠤᠨ ᠠᠪᠬᠤ ᠳᠤ ᠬᠡᠷᠡᠭᠰᠡᠬᠦ ᠪᠡᠯᠡ ᠮᠦᠩᠭᠦ ᠶᠢ ᠣᠳᠣ ᠶᠢᠨ ᠪᠠᠶᠢᠭ᠎ᠠ ᠡᠳ᠋ ᠤᠨ ᠵᠠᠰᠠᠭ ᠤᠨ ᠲᠦᠰᠦᠪ ᠠᠴᠠ ᠨᠢᠭᠡᠲᠦᠯᠲᠡᠢ ᠲᠦᠯᠦᠪᠯᠡᠨ ᠲᠣᠬᠢᠷᠠᠭᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ᠂ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠤᠶᠤᠯ ᠤᠨ ᠪᠦᠲᠦᠭᠡᠭᠳᠡᠭᠦᠨ ᠢ ᠵᠣᠬᠢᠶᠠᠨ ᠪᠦᠲᠦᠭᠡᠵᠦ ᠤᠯᠠᠮᠵᠢᠯᠠᠬᠤ᠂ ᠣᠯᠠᠨ ᠨᠡᠶᠢᠲᠡ ᠶᠢᠨ ᠰᠤᠶᠤᠯ ᠤᠨ ᠠᠵᠢᠯᠯᠠᠭᠠᠨ ᠢ ᠵᠣᠬᠢᠶᠠᠨ ᠪᠠᠶᠢᠭᠤᠯᠵᠤ ᠳᠠᠭᠠᠭᠠᠨ ᠠᠪᠴᠤ ᠡᠷᠬᠢᠯᠡᠬᠦ᠂ ᠣᠯᠠᠨ ᠨᠡᠶᠢᠲᠡ ᠶᠢᠨ ᠰᠤᠶᠤᠯ ᠤᠨ ᠪᠡᠯᠡᠳᠭᠡᠮᠵᠢ ᠶᠢ ᠡᠵᠡᠩᠨᠡᠨ ᠬᠠᠮᠢᠶᠠᠷᠬᠤ᠂ ᠠᠷᠠᠳ ᠤᠨ ᠡᠷᠬᠢᠯᠡᠭᠰᠡᠨ ᠰᠤᠶᠤᠯ ᠤᠨ ᠪᠠᠶᠢᠭᠤᠯᠤᠮᠵᠢ ᠠᠴᠠ ᠰᠦᠢᠳᠭᠡᠯ ᠦᠯᠦ ᠬᠤᠷᠢᠶᠠᠬᠤ ᠪᠣᠶᠣ ᠰᠦᠢᠳᠭᠡᠯ ᠪᠠᠭ᠎ᠠ ᠬᠤᠷᠢᠶᠠᠬᠤ ᠦᠢᠯᠡᠴᠢᠯᠡᠭᠡ ᠬᠠᠩᠭᠠᠬᠤ ᠪᠠᠷ ᠠᠭᠤᠯᠭ᠎ᠠ ᠪᠣᠯᠭᠠᠵᠤ᠂ ᠡᠳ᠋ ᠤᠨ ᠵᠠᠰᠠᠭ ᠤᠨ ᠪᠡᠯᠡ ᠮᠦᠩᠭᠦ ᠪᠠᠷ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠠᠯᠬᠤᠮ ᠠᠯᠬᠤᠮ ᠢᠶᠠᠷ ᠴᠢᠩᠭᠠᠷᠠᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠤᠨ ᠬᠦᠲᠦᠯᠦᠨ ᠵᠢᠯᠤᠭᠤᠳᠴᠤ ᠪᠠᠶᠢᠭᠠᠳ ᠡᠷᠡᠭᠦᠯ ᠢᠶᠠᠷ ᠬᠥᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢᠨ ᠨᠡᠶᠢᠬᠡᠮᠴᠢᠯᠡᠯᠳᠡ ᠶᠢ ᠠᠬᠢᠭᠤᠯᠤᠨ᠎ᠠ᠃      2. ᠰᠤᠶᠤᠯ ᠤᠨ ᠬᠡᠷᠡᠭᠯᠡᠭᠡ ᠪᠠ ᠨᠡᠶᠢᠭᠡᠮ ᠤᠨ ᠬᠦᠴᠦᠨ ᠤ ᠣᠷᠤᠯᠴᠠᠬᠤ ᠶᠢ ᠠᠬᠢᠭᠤᠯᠤᠨ᠎ᠠ᠃ ᠰᠤᠶᠤᠯ ᠤᠨ ᠬᠡᠷᠡᠭᠯᠡᠭᠡ ᠳᠤ ᠨᠦᠬᠦᠪᠦᠷᠢ ᠥᠭᠬᠦ ᠳᠦᠷᠢᠮ ᠢ ᠪᠠᠶᠢᠭᠤᠯᠵᠤ᠂ ᠨᠠᠰᠤᠲᠠᠶᠢᠴᠤᠳ᠂ ᠲᠠᠷᠢᠶᠠᠴᠢᠨ ᠬᠦᠴᠦ ᠶᠠᠪᠤᠭᠰᠠᠳ᠂ ᠵᠡᠮᠳᠡᠭᠴᠦᠳ ᠵᠡᠷᠭᠡ ᠣᠨᠴᠤᠭᠤᠢ ᠬᠦᠮᠦᠰ ᠲᠤ ᠲᠣᠭᠲᠠᠮᠠᠯ ᠬᠤᠭᠤᠴᠠᠭ᠎ᠠ ᠲᠠᠢ ᠪᠠᠷ ᠰᠤᠶᠤᠯ ᠤᠨ ᠬᠡᠷᠡᠭᠯᠡᠭᠡ ᠶᠢᠨ ᠺᠠᠷᠲ ᠪᠡᠯᠡᠭᠯᠡᠨ ᠬᠦᠷᠭᠡᠬᠦ᠂ ︽ᠰᠤᠶᠤᠯ ᠤᠨ ᠨᠠᠭᠠᠲᠤ ᠵᠠᠬ᠎ᠠ ᠶᠢᠨ ᠪᠠᠲᠤᠯᠠᠭ᠎ᠠ︾᠎ ᠶᠢ ᠬᠡᠷᠡᠭᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠰᠤᠶᠤᠯ ᠤᠨ ᠡᠵᠡᠩᠨᠡᠯᠲᠡ ᠶᠢᠨ ᠨᠢᠭᠡᠴᠡ᠂ ᠰᠤᠶᠤᠯ ᠤᠨ ᠬᠡᠷᠡᠭᠯᠡᠭᠡ ᠶᠢᠨ ᠣᠯᠠᠨ ᠲᠦᠮᠡᠨ ᠳᠤ ᠲᠦᠭᠡᠮᠡᠯ ᠬᠠᠷᠠᠭᠠᠯᠵᠠᠯ ᠤᠨ ᠬᠡᠯᠪᠡᠷᠢ ᠪᠦᠬᠦᠢ ᠰᠤᠶᠤᠯ ᠤᠨ ᠨᠦᠬᠦᠪᠦᠷᠢ ᠣᠯᠭᠤᠨ᠎ᠠ᠃ ᠪᠡᠯᠡ ᠮᠦᠩᠭᠦ ᠨᠦᠬᠦᠪᠦᠷᠢᠯᠡᠬᠦ᠂ ᠤᠳᠤᠨ ᠳᠡᠰ ᠢ ᠦᠨᠡᠯᠡᠨ ᠲᠣᠭᠲᠠᠭᠠᠬᠤ᠂ ᠪᠣᠯᠪᠠᠰᠤᠷᠠᠭᠤᠯᠤᠨ ᠵᠢᠯᠤᠭᠤᠳᠬᠤ᠂ ᠨᠡᠷᠡᠲᠦ ᠲᠦᠷᠦᠯ ᠲᠡᠮᠲᠡᠭᠲᠦ ᠶᠢ ᠪᠤᠶᠢᠵᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠦᠨᠳᠦᠰᠦᠨ ᠱᠠᠲᠤᠨ ᠤ ᠠᠵᠢᠯ ᠤᠨ ᠴᠢᠯᠦᠭᠡᠨ ᠤ ᠤᠳᠬ᠎ᠠ ᠤᠷᠠᠯᠢᠭ ᠤᠨ ᠪᠦᠯᠬᠦᠮ ᠠᠩᠬᠢ ᠶᠢ ᠲᠡᠳᠭᠦᠨ ᠬᠥᠭᠵᠢᠭᠦᠯᠦᠨ᠎ᠡ᠃ ᠭᠠᠵᠠᠷ ᠰᠢᠷᠤᠢ ᠬᠡᠷᠡᠭᠯᠡᠬᠦ ᠳᠤ ᠬᠠᠷᠠᠭᠠᠯᠵᠠᠬᠤ᠂ ᠲᠦᠷᠦᠯ ᠵᠦᠢᠯ ᠤᠨ ᠨᠦᠬᠦᠪᠦᠷᠢ ᠥᠭᠬᠦ᠂ ᠬᠠᠨᠳᠤᠯᠭ᠎ᠠ ᠲᠠᠢ ᠪᠠᠷ ᠵᠤᠭᠤᠰ ᠢᠶᠠᠷ ᠲᠤᠰᠠᠯᠠᠬᠤ᠂ ᠵᠢᠭᠡᠯᠡᠯᠭᠡ ᠳᠤ ᠳᠠᠮ ᠬᠦᠦ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠨᠡᠶᠢᠭᠡᠮ ᠤᠨ ᠬᠦᠴᠦᠨ ᠢ ᠵᠣᠷᠢᠬᠵᠢᠭᠤᠯᠬᠤ ᠪᠠ ᠬᠦᠲᠦᠯᠦᠨ ᠵᠢᠯᠤᠭᠤᠳᠴᠤ ᠪᠠᠶᠢᠭᠠᠳ ᠪᠡᠯᠡ ᠣᠷᠤᠭᠤᠯᠬᠤ᠂ ᠪᠡᠯᠡᠳᠭᠡᠮᠵᠢ ᠲᠦᠭᠦᠭᠡᠷᠦᠮᠵᠢ ᠪᠠᠷ ᠲᠤᠰᠠᠯᠠᠬᠤ᠂ ᠪᠤᠳᠠᠳᠤ ᠴᠤᠭᠴᠠ ᠡᠷᠬᠢᠯᠡᠬᠦ᠂ ᠪᠦᠲᠦᠭᠡᠭᠳᠡᠭᠦᠨ ᠪᠣᠶᠣ ᠦᠢᠯᠡᠴᠢᠯᠡᠭᠡ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠰᠤᠶᠤᠯ ᠤᠨ ᠪᠠᠶᠢᠭᠤᠯᠤᠯᠲᠠ ᠳᠤ ᠣᠷᠤᠯᠴᠠᠭᠤᠯᠤᠨ᠎ᠠ᠃ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠳᠤ ᠺᠢᠨᠣ᠋ ᠶᠢᠨ ᠠᠵᠤ ᠠᠬᠤᠶᠢᠯᠠᠯ ᠤᠨ ᠬᠤᠲᠠ ᠬᠦᠳᠡᠭᠡ ᠶᠢᠨ ᠦᠨᠳᠦᠰᠦᠨ ᠱᠠᠲᠤᠨ ᠳᠤ ᠭᠦᠨᠵᠡᠭᠡᠶᠢᠷᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠠᠷ ᠺᠢᠨᠣ᠋ ᠭᠠᠷᠭᠠᠬᠤ ᠶᠢ ᠳᠡᠮᠵᠢᠵᠦ᠂ ᠬᠤᠳᠠᠯᠳᠤᠭᠠᠨ ᠤ ᠺᠢᠨᠤ᠋ ᠭᠠᠷᠭᠠᠬᠤ ᠳᠤ ᠬᠢᠮᠳᠠ ᠦᠨ᠎ᠠ ᠲᠠᠢ ᠲᠠᠯᠠᠪᠠᠢ ᠤᠳᠠᠭ᠎ᠠ ᠪᠤᠶᠤ ᠬᠢᠮᠳᠠ ᠦᠨ᠎ᠠ ᠲᠠᠢ ᠺᠢᠨᠣ᠋ ᠶᠢᠨ ᠪᠢᠯᠧᠲ ᠲᠣᠬᠢᠷᠠᠭᠤᠯᠬᠤ ᠶᠢ ᠵᠣᠷᠢᠬᠵᠢᠭᠤᠯᠤᠨ᠎ᠠ᠃      3. ᠮᠠᠯᠴᠢᠨ ᠲᠠᠷᠢᠶᠠᠴᠢᠳ ᠤᠨ ᠦᠪᠡᠷ ᠢᠶᠠᠨ ᠰᠤᠶᠤᠯ ᠡᠷᠬᠢᠯᠡᠬᠦ ᠶᠢ ᠶᠡᠬᠡᠪᠡᠷ ᠲᠡᠳᠭᠦᠨ᠎ᠡ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠮᠠᠯᠵᠢᠬᠤ ᠲᠠᠷᠢᠶᠠᠯᠠᠬᠤ ᠬᠦᠮᠦᠨ ᠠᠮᠠ ᠶᠢᠨ ᠬᠡᠪᠴᠢᠶᠡᠵᠢᠯ᠂ ᠦᠢᠯᠡᠴᠢᠯᠡᠭᠡᠨ ᠤ ᠵᠠᠢ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠦᠪᠡᠷ ᠢᠶᠠᠨ ᠰᠤᠶᠤᠯ ᠡᠷᠬᠢᠯᠡᠬᠦ ᠶᠢ ᠲᠡᠳᠭᠦᠬᠦ ᠢᠨᠵᠧᠨᠧᠷᠢᠩ ᠢ ᠬᠡᠷᠡᠭᠵᠢᠭᠦᠯᠵᠦ᠂ ᠣᠨ ᠵᠢᠯ ᠬᠤᠪᠢᠶᠠᠨ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠨᠢᠭᠡ ᠪᠦᠯᠦᠭ ᠵᠢᠱᠢᠶ᠎ᠡ ᠦᠵᠡᠭᠦᠯᠬᠦ ᠴᠢᠨᠠᠷᠲᠠᠢ ᠣᠯᠠᠨ ᠲᠦᠮᠡᠨ ᠤ ᠰᠤᠶᠤᠯ ᠤᠨ ᠵᠣᠬᠢᠶᠠᠨ ᠪᠠᠶᠢᠭᠤᠯᠤᠯᠲᠠ ᠶᠢ ᠲᠡᠳᠭᠦᠨ᠎ᠡ᠂ ᠵᠢᠱᠢᠶᠡᠯᠡᠪᠡᠯ ᠮᠠᠯᠴᠢᠨ ᠲᠠᠷᠢᠶᠠᠴᠢᠳ ᠤᠨ ᠰᠤᠶᠤᠯ ᠤᠨ ᠲᠤᠮᠤ ᠬᠦᠷᠢᠶᠡᠯᠡᠩ᠂ ᠰᠤᠶᠤᠯ ᠤᠨ ᠭᠤᠣᠯᠳᠠᠯᠭᠠᠲᠤ ᠡᠷᠦᠬᠡ᠂ ᠨᠣᠮ ᠪᠢᠴᠢᠭ ᠤᠨ ᠬᠤᠷᠢᠶ᠎ᠠ᠂ ᠺᠢᠨᠣ᠋ ᠭᠠᠷᠭᠠᠬᠤ ᠠᠩᠭᠢ᠂ ᠠᠷᠠᠳ ᠤᠨ ᠵᠦᠴᠦᠭᠡ ᠶᠢᠨ ᠪᠦᠯᠬᠦᠮ ᠭᠡᠬᠦ ᠮᠡᠲᠦ᠃ ᠦᠢᠯᠡᠴᠢᠯᠡᠭᠡᠨ ᠤ ᠵᠠᠢ ᠨᠢ ᠲᠠᠷᠢᠶᠠᠯᠠᠬᠤ ᠣᠷᠣᠨ ᠳᠤ 5 ᠺᠢᠯᠣᠮᠧᠲᠷ᠂ ᠮᠠᠯᠵᠢᠬᠤ ᠣᠷᠣᠨ ᠳᠤ 10 ᠺᠢᠯᠣᠮᠧᠲᠷ ᠤᠨ ᠰᠤᠶᠤᠯ ᠤᠨ ᠬᠦᠷᠢᠶ᠎ᠠ ᠶᠢ ᠪᠣᠢ ᠪᠣᠯᠭᠠᠨ᠎ᠠ᠃ ᠲᠠᠯᠠᠪᠠᠢ ᠶᠢᠨ ᠰᠤᠶᠤᠯ᠂ ᠲᠤᠰᠬᠤᠨ ᠪᠠᠯᠭᠠᠰᠤ ᠶᠢᠨ ᠰᠤᠶᠤᠯ ᠤᠨ ᠠᠵᠢᠯᠯᠠᠭ᠎ᠠ ᠶᠢ ᠬᠦᠲᠦᠯᠦᠨ ᠵᠢᠯᠤᠭᠤᠳᠴᠤ ᠪᠠᠶᠢᠭᠠᠳ ᠡᠷᠡᠭᠦᠯ᠂ ᠵᠢᠷᠤᠮᠵᠢᠭᠤᠨ᠂ ᠡᠮᠬᠢ ᠵᠢᠷᠤᠮ ᠲᠠᠢ ᠬᠥᠭᠵᠢᠭᠦᠯᠦᠨ᠎ᠡ᠃ ᠢᠯᠡ ᠲᠤᠳᠤ ᠣᠷᠣᠨ ᠪᠦᠰᠡ ᠶᠢᠨ ᠣᠨᠴᠠᠯᠢᠭ ᠪᠠ ᠦᠨᠳᠦᠰᠦᠲᠡᠨ ᠤ ᠣᠨᠴᠠᠯᠢᠭ ᠲᠠᠢ ᠠᠷᠠᠳ ᠤᠨ ᠰᠢᠯᠢᠳᠡᠭ ᠰᠤᠶᠤᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠯᠠᠵᠤ᠂ ᠨᠢᠭᠡ ᠪᠦᠯᠦᠭ ᠦᠨᠳᠦᠰᠦᠲᠡᠨ ᠤ ᠪᠠ ᠠᠷᠠᠳ ᠤᠨ ᠰᠤᠶᠤᠯ ᠤᠷᠠᠯᠢᠭ ᠤᠨ ᠦᠯᠦᠬᠡᠢ ᠶᠢ ᠨᠡᠷᠡᠶᠢᠳᠦᠨ᠂ ᠨᠢᠭᠡ ᠪᠦᠯᠦᠭ ᠦᠨᠳᠦᠰᠦᠲᠡᠨ ᠤ ᠪᠠ ᠠᠷᠠᠳ ᠤᠨ ᠰᠤᠶᠤᠯ ᠤᠨ ᠡᠩᠨᠡᠭᠡ ᠵᠢᠴᠢ ᠨᠤᠲᠤᠭ ᠤᠨ ᠰᠤᠶᠤᠯ ᠤᠨ ᠴᠢᠳᠠᠪᠤᠷᠢᠲᠠᠨ ᠢ ᠬᠦᠮᠦᠵᠢᠭᠦᠯᠵᠦ᠂ ᠨᠢᠭᠡ ᠪᠦᠯᠦᠭ ᠦᠨᠳᠦᠰᠦᠲᠡᠨ ᠤ ᠪᠠ ᠠᠷᠠᠳ ᠤᠨ ᠣᠨᠴᠠᠯᠢᠭᠲᠤ ᠰᠤᠶᠤᠯ ᠤᠨ ᠨᠡᠷᠡᠲᠦ ᠲᠦᠷᠦᠯ ᠲᠡᠮᠲᠡᠭᠲᠦ ᠶᠢ ᠪᠤᠶᠢᠵᠢᠭᠤᠯᠤᠨ᠎ᠠ᠃      ︵ᠳᠥᠷᠪᠡ︶ ᠵᠠᠮ ᠮᠥᠷ ᠢ ᠰᠢᠯᠤᠭᠤᠳᠬᠠᠵᠤ᠂ ᠠᠷᠭ᠎ᠠ ᠠᠪᠴᠠᠯ ᠳᠤ ᠰᠢᠨ᠎ᠡ ᠶᠢ ᠡᠭᠦᠳᠦᠨ᠂ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠦᠷ᠎ᠡ ᠴᠢᠳᠠᠮᠵᠢ ᠶᠢ ᠳᠡᠭᠡᠭᠰᠢᠯᠡᠭᠦᠯᠦᠨ᠎ᠡ᠃      1. ᠣᠯᠠᠨ ᠨᠡᠶᠢᠲᠡ ᠶᠢᠨ ᠰᠤᠶᠤᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ ᠪᠠᠷᠢᠮᠵᠢᠶ᠎ᠠ ᠶᠢ ᠪᠦᠷᠢᠨᠰᠢᠭᠦᠯᠵᠦ᠂ ᠦᠢᠯᠡᠴᠢᠯᠡᠭᠡᠨ ᠤ ᠲᠦᠷᠦᠯ ᠵᠦᠢᠯ ᠢ ᠨᠡᠮᠡᠭᠳᠡᠭᠦᠯᠦᠨ᠂ ᠦᠢᠯᠡᠴᠢᠯᠡᠭᠡᠨ ᠤ ᠨᠡᠷᠡᠲᠦ ᠲᠦᠷᠦᠯ ᠲᠡᠮᠲᠡᠭᠲᠦ ᠶᠢ ᠪᠣᠢ ᠪᠣᠯᠭᠠᠵᠤ᠂ ᠴᠠᠭ ᠢ ᠨᠢ ᠵᠦᠷᠢᠭᠦᠯᠦᠨ ᠨᠡᠭᠡᠭᠡᠬᠦ ᠶᠢ ᠨᠠᠶᠢᠳᠠᠪᠤᠷᠢᠵᠢᠭᠤᠯᠬᠤ ᠪᠠᠷ ᠳᠠᠮᠵᠢᠨ᠂ ᠣᠯᠠᠨ ᠨᠡᠶᠢᠲᠡ ᠶᠢᠨ ᠰᠤᠶᠤᠯ ᠤᠨ ᠪᠠᠶᠢᠭᠤᠯᠤᠮᠵᠢ ᠶᠢᠨ ᠰᠦᠢᠳᠭᠡᠯ ᠬᠤᠷᠢᠶᠠᠬᠤ ᠦᠭᠡᠢ ᠪᠠᠷ ᠴᠢᠯᠦᠭᠡᠲᠡᠢ ᠨᠡᠭᠡᠭᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠤᠷᠢᠳᠠᠪᠠᠷ ᠪᠡᠶ᠎ᠡ ᠶᠢᠨ ᠲᠠᠮᠢᠷ ᠤᠨ ᠣᠷᠳᠣᠨ ︵ᠲᠠᠯᠠᠪᠤᠷ︶᠂ ᠵᠠᠯᠠᠭᠤᠴᠤᠳ ᠪᠠᠭᠠᠴᠤᠳ ᠤᠨ ᠣᠷᠳᠣᠨ᠂ ᠡᠮᠡᠭᠲᠡᠶᠢᠴᠦᠳ ᠬᠡᠦᠬᠡᠳ ᠤᠨ ᠠᠵᠢᠯᠯᠠᠭᠠᠨ ᠤ ᠲᠥᠪ᠂ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠠᠯᠠᠪᠤᠷ ᠭᠠᠵᠠᠷ ᠤᠨ ᠰᠦᠢᠳᠭᠡᠯ ᠬᠤᠷᠢᠶᠠᠬᠤ ᠦᠭᠡᠢ ᠪᠠᠷ ᠣᠯᠠᠨ ᠲᠦᠮᠡᠨ ᠳᠤ ᠴᠢᠯᠦᠭᠡᠲᠡᠢ ᠨᠡᠭᠡᠭᠡᠬᠦ ᠶᠢ ᠠᠬᠢᠭᠤᠯᠵᠤ᠂ ᠦᠨᠳᠦᠰᠦᠨ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠲᠦᠷᠦᠯ ᠵᠦᠢᠯ ᠢ ᠬᠠᠩᠭᠠᠨ᠎ᠠ᠃ ᠣᠯᠠᠨ ᠨᠡᠶᠢᠲᠡ ᠶᠢᠨ ᠰᠤᠶᠤᠯ ᠤᠨ ᠪᠠᠶᠢᠭᠤᠯᠤᠮᠵᠢ ᠶᠢᠨ ᠶᠡᠷᠦᠩᠬᠡᠢ ᠪᠠ ᠬᠤᠪᠢᠶᠠᠷᠢ ᠣᠷᠳᠤᠨ ᠤ ᠳᠦᠷᠢᠮ ᠢ ᠠᠬᠢᠭᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠤᠷᠢᠳᠠᠪᠠᠷ ᠬᠤᠰᠢᠭᠤ ᠰᠢᠶᠠᠨ ᠤ ᠣᠯᠠᠨ ᠨᠡᠶᠢᠲᠡ ᠶᠢᠨ ᠨᠣᠮ ᠤᠨ ᠰᠠᠩ᠂ ᠰᠤᠶᠤᠯ ᠤᠨ ᠣᠷᠳᠤᠨ ᠢᠶᠠᠷ ᠶᠡᠷᠦᠩᠬᠡᠢ ᠣᠷᠳᠤᠨ ᠪᠣᠯᠭᠠᠭᠰᠠᠨ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠶᠢᠨ ᠶᠡᠷᠦᠩᠬᠡᠶᠢᠯᠡᠭᠰᠡᠨ ᠰᠤᠶᠤᠯ ᠤᠨ ᠥᠷᠲᠡᠭᠡ ᠪᠠᠷ ᠬᠤᠪᠢᠶᠠᠷᠢ ᠣᠷᠳᠤᠨ ᠪᠣᠯᠭᠠᠭᠰᠠᠨ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶᠎ ᠤ ᠶᠡᠷᠦᠩᠬᠡᠶᠢᠯᠡᠭᠰᠡᠨ ᠴᠢᠨᠠᠷᠲᠠᠢ ᠰᠤᠶᠤᠯ ᠤᠨ ᠦᠢᠯᠡᠴᠢᠯᠡᠭᠡᠨ ᠤ ᠲᠥᠪ ᠢᠶᠠᠷ ᠦᠢᠯᠡᠴᠢᠯᠡᠭᠡᠨ ᠤ ᠴᠢᠬ ᠪᠣᠯᠭᠠᠭᠰᠠᠨ ᠶᠡᠷᠦᠩᠬᠡᠢ ᠪᠠ ᠬᠤᠪᠢᠶᠠᠷᠢ ᠣᠷᠳᠤᠨ ᠤ ᠰᠢᠰᠲ᠋ᠧᠮᠵᠢ ᠶᠢ ᠪᠣᠢ ᠪᠣᠯᠭᠠᠨ᠎ᠠ᠃      2. ᠰᠤᠶᠤᠯ ᠤᠨ ᠨᠡᠭᠦᠳᠡᠯ ᠦᠢᠯᠡᠴᠢᠯᠡᠭᠡ ᠶᠢ ᠶᠡᠬᠡᠪᠡᠷ ᠦᠷᠨᠢᠭᠦᠯᠦᠨ᠎ᠡ᠃ ᠰᠤᠶᠤᠯ ᠤᠨ ᠨᠡᠭᠦᠳᠡᠯ ᠦᠢᠯᠡᠴᠢᠯᠡᠭᠡ ᠶᠢ ᠦᠨᠳᠦᠰᠦᠨ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠲᠦᠷᠦᠯ ᠵᠦᠢᠯ ᠳᠤ ᠣᠷᠤᠭᠤᠯᠤᠨ᠎ᠠ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠰᠤᠶᠤᠯ ᠤᠨ ᠦᠢᠯᠡᠴᠢᠯᠡᠭᠡᠨ ᠤ ᠪᠤᠳᠠᠳᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡ ᠪᠠᠷ ᠬᠤᠭᠤᠰᠤᠨ ᠪᠠᠶᠢᠬᠤ ᠪᠠᠶᠢᠳᠠᠯ ᠢ ᠠᠷᠢᠯᠭᠠᠬᠤ᠂ ᠪᠦᠬᠦ ᠲᠠᠯ᠎ᠠ ᠪᠠᠷ ᠪᠦᠷᠭᠦᠭᠦᠯᠬᠦ ᠪᠠᠷ ᠬᠠᠷᠠᠯᠲᠠ ᠪᠣᠯᠭᠠᠵᠤ᠂ ᠰᠤᠶᠤᠯ ᠤᠨ ᠨᠡᠭᠦᠳᠡᠯ ᠦᠢᠯᠡᠴᠢᠯᠡᠭᠡᠨ ᠤ ᠲᠣᠣᠷ ᠴᠢᠬ ᠤᠨ ᠪᠠᠶᠢᠷᠢᠰᠢᠭᠤᠯᠤᠯ᠂ ᠪᠡᠯᠡᠳᠭᠡᠮᠵᠢ ᠲᠥᠭᠦᠭᠡᠷᠦᠮᠵᠢ᠂ ᠦᠢᠯᠡᠴᠢᠯᠡᠭᠡᠨ ᠤ ᠵᠢᠷᠤᠮᠵᠢᠯ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠲᠣᠭᠲᠠᠴᠠ ᠶᠢ ᠠᠯᠬᠤᠮ ᠠᠯᠬᠤᠮ ᠢᠶᠠᠷ ᠪᠦᠷᠢᠨᠰᠢᠭᠦᠯᠦᠨ᠎ᠡ᠃ ᠣᠯᠠᠨ ᠲᠦᠮᠡᠨ ᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠰᠤᠶᠤᠯ ᠤᠨ ᠨᠡᠭᠦᠳᠡᠯ ᠬᠠᠩᠭᠠᠯᠭ᠎ᠠ ᠶᠢᠨ ᠭᠠᠷᠴᠠᠭ ᠢ ᠪᠠᠶᠢᠭᠤᠯᠤᠨ᠎ᠠ᠃ ᠨᠢᠭᠡ ᠪᠦᠯᠦᠭ ᠠᠳᠠᠯᠢ ᠪᠤᠰᠤ ᠳᠡᠰ ᠳᠠᠪᠬᠤᠷᠭ᠎ᠠ ᠶᠢᠨ᠂ ᠲᠤᠰ ᠲᠤᠰ ᠤᠨ ᠦᠪᠡᠷᠮᠢᠴᠡ ᠣᠨᠴᠠᠯᠢᠭ ᠲᠠᠢ᠂ ᠣᠯᠠᠨ ᠲᠦᠮᠡᠨ ᠲᠠᠭᠠᠰᠢᠶᠠᠬᠤ ᠰᠤᠶᠤᠯ ᠤᠨ ᠨᠡᠭᠦᠳᠡᠯ ᠦᠢᠯᠡᠴᠢᠯᠡᠭᠡᠨ ᠤ ᠨᠡᠷᠡᠲᠦ ᠲᠦᠷᠦᠯ ᠲᠡᠮᠲᠡᠭᠲᠦ ᠶᠢ ᠪᠤᠶᠢᠵᠢᠭᠤᠯᠤᠨ᠎ᠠ᠃ ᠨᠡᠭᠦᠳᠡᠯ ᠮᠦᠽᠧᠢ᠂ ᠨᠡᠭᠦᠳᠡᠯ ᠨᠣᠮ ᠤᠨ ᠰᠠᠩ᠂ ᠰᠤᠶᠤᠯ ᠤᠨ ᠨᠡᠭᠦᠳᠡᠯ ᠣᠷᠳᠤᠨ᠂ ᠲᠣᠭᠯᠠᠯᠲᠠ ᠶᠢᠨ ᠨᠡᠭᠦᠳᠡᠯ ᠲᠡᠪᠴᠡᠩᠲᠦ ᠲᠡᠷᠭᠡ ᠵᠡᠷᠭᠡ ᠰᠤᠶᠤᠯ ᠤᠨ ᠨᠡᠭᠦᠳᠡᠯ ᠦᠢᠯᠡᠴᠢᠯᠡᠭᠡᠨ ᠤ ᠲᠦᠷᠦᠯ ᠵᠦᠢᠯ ᠢ ᠠᠯᠬᠤᠮ ᠠᠯᠬᠤᠮ ᠢᠶᠠᠷ ᠳᠡᠯᠭᠡᠷᠡᠭᠦᠯᠵᠦ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠬᠢᠯᠢ ᠶᠢᠨ ᠮᠠᠯᠵᠢᠬᠤ ᠣᠷᠣᠨ ᠳᠤ ᠰᠤᠶᠤᠯ ᠤᠨ ᠨᠡᠭᠦᠳᠡᠯ ᠦᠢᠯᠡᠴᠢᠯᠡᠭᠡᠨ ᠢ ᠬᠡᠪ ᠤᠨ ᠪᠠᠶᠢᠳᠠᠯᠵᠢᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃      3. ᠣᠯᠠᠨ ᠨᠡᠶᠢᠲᠡ ᠶᠢᠨ ᠲᠣᠭᠠᠴᠠᠯᠠᠬᠰᠠᠨ ᠰᠤᠶᠤᠯ ᠤᠨ ᠦᠢᠯᠡᠴᠢᠯᠡᠭᠡ ᠳᠤ ᠰᠢᠨ᠎ᠡ ᠶᠢ ᠡᠭᠦᠳᠦᠨ ᠬᠥᠭᠵᠢᠭᠦᠯᠦᠨ᠎ᠡ᠃ ︽ᠢᠨᠲ᠋ᠧᠷ ᠰᠦᠯᠵᠢᠶ᠎ᠡ + ᠶᠠᠳᠠᠭᠤ ᠶᠢ ᠲᠡᠳᠭᠦᠬᠦ︾ ᠰᠡᠳᠬᠢᠬᠦᠢ ᠶᠢ ᠬᠡᠷᠡᠭᠯᠡᠨ᠂ ᠣᠯᠠᠨ ᠨᠡᠶᠢᠲᠡ ᠶᠢᠨ ᠲᠣᠭᠠᠴᠠᠯᠠᠬᠰᠠᠨ ᠰᠤᠶᠤᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠠᠴᠠ ᠬᠤᠯᠠ᠂ ᠬᠦᠮᠦᠨ ᠠᠮᠠ ᠴᠦᠬᠡᠨ ᠪᠠᠶᠢᠳᠠᠭ ᠶᠠᠳᠠᠭᠤ ᠬᠦᠴᠢᠷᠳᠡᠯᠲᠡᠢ ᠮᠠᠯᠵᠢᠬᠤ ᠲᠠᠷᠢᠶᠠᠯᠠᠬᠤ ᠣᠷᠣᠨ ︵ᠠᠭᠤᠯᠠᠷᠬᠠᠭ ᠣᠷᠣᠨ︶᠎ ᠳᠤ ︽ᠲᠣᠭᠠᠴᠠᠯᠠᠬᠰᠠᠨ ᠰᠤᠶᠤᠯ ᠢ ᠮᠣᠩᠭᠤᠯ ᠭᠡᠷ ᠲᠤ ᠬᠦᠷᠬᠡᠬᠦ︾ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠵᠤ᠂ ᠨᠡᠩ ᠣᠯᠠᠨ ᠮᠠᠯᠴᠢᠨ ᠲᠠᠷᠢᠶᠠᠴᠢᠳ ᠲᠤ ᠭᠠᠷ ᠤᠲᠠᠰᠤ᠂ ᠺᠣᠮᠫᠢᠦ᠋ᠲ᠋ᠧᠷ᠂ ᠲᠧᠯᠸᠢᠰ ᠵᠡᠷᠭᠡ ᠰᠢᠯᠵᠢᠮᠡᠯ ᠦᠵᠦᠭᠦᠷᠯᠢᠭ ᠢᠶᠠᠷ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠡᠬᠢ ᠪᠠᠶᠠᠯᠢᠭ ᠢ ᠬᠦᠷᠲᠡᠭᠡᠨ᠎ᠡ᠃ ᠴᠢᠬᠤᠯᠠ ᠶᠡᠭᠡ ᠣᠯᠠᠨ ᠨᠡᠶᠢᠲᠡ ᠶᠢᠨ ᠲᠣᠭᠠᠴᠠᠯᠠᠬᠰᠠᠨ ᠰᠤᠶᠤᠯ ᠤᠨ ᠢᠨᠵᠧᠨᠧᠷᠢᠩ ᠳᠤ ᠲᠦᠰᠢᠭᠯᠡᠨ᠂ ᠣᠷᠣᠨ ᠨᠣᠲᠤᠭ ᠤᠨ ᠣᠨᠴᠠᠯᠢᠭ ᠲᠠᠢ ᠰᠢᠯᠢᠳᠡᠭ ᠰᠤᠶᠤᠯ ᠤᠨ ᠡᠬᠢ ᠪᠠᠶᠠᠯᠢᠭ ᠤᠨ ᠬᠦᠮᠦᠷᠭᠡ᠂ ᠴᠦᠬᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠡᠬᠢ ᠪᠠᠶᠠᠯᠢᠭ ᠤᠨ ᠬᠦᠮᠦᠷᠭᠡ ᠶᠢ ᠡᠯᠰᠡᠨ ᠴᠤᠭᠯᠠᠭᠤᠯᠬᠤ᠂ ᠡᠮᠬᠢᠯᠡᠨ ᠨᠡᠶᠢᠯᠡᠭᠦᠯᠬᠦ ᠪᠠ ᠵᠤᠬᠢᠶᠠᠨ ᠦᠢᠯᠡᠳᠴᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠲᠣᠭᠠᠴᠠᠯᠠᠬᠰᠠᠨ ᠰᠦᠯᠵᠢᠶᠡᠵᠢᠭᠰᠡᠨ ᠳᠠᠮᠵᠢᠭᠤᠯᠭ᠎ᠠ ᠶᠢ ᠬᠡᠷᠡᠭᠵᠢᠭᠦᠯᠦᠨ᠂ ᠮᠠᠯᠴᠢᠨ ᠲᠠᠷᠢᠶᠠᠴᠢᠨ ᠣᠯᠠᠨ ᠲᠦᠮᠡᠨ ᠤ ᠣᠯᠠᠨ ᠲᠠᠯ᠎ᠠ ᠶᠢᠨ ᠰᠤᠶᠤᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      4. ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠠᠬᠢᠭᠤᠯᠤᠨ᠎ᠠ᠃ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠲᠤᠮᠤ ᠴᠢᠳᠠᠮᠵᠢ ᠪᠠᠷ ᠪᠦᠷᠭᠦᠭᠦᠯᠬᠦ ᠪᠠᠷ ᠭᠤᠣᠯ ᠪᠣᠯᠭᠠᠵᠤ᠂ ᠪᠠᠭ᠎ᠠ ᠴᠢᠳᠠᠮᠵᠢ ᠪᠠᠷ ᠨᠦᠬᠦᠪᠦᠷᠢᠯᠡᠬᠦ ᠠᠷᠭ᠎ᠠ ᠮᠠᠶ᠋ᠢᠭ ᠢᠶᠠᠷ ᠭᠠᠵᠠᠷ ᠳᠡᠭᠡᠷᠡᠬᠢ ᠲᠣᠭᠠᠴᠠᠯᠠᠭᠰᠠᠨ ᠷᠠᠳᠢᠣ᠋ ᠲᠧᠯᠸᠢᠰ ᠤᠨ ᠫᠷᠦᠭᠷᠡᠮ ᠤᠨ ᠷᠠᠳᠢᠣ᠋ ᠪᠠᠷ ᠪᠦᠷᠬᠦᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠤ ᠲᠤᠰ ᠭᠠᠵᠠᠷ ᠣᠷᠣᠨ ᠤ ᠷᠠᠳᠢᠣ᠋ ᠲᠧᠯᠸᠢᠰ ᠤᠨ ᠫᠷᠦᠭᠷᠡᠮ ᠢ ᠰᠤᠨᠤᠰᠬᠤ ᠪᠠ ᠬᠦᠯᠢᠶᠡᠨ ᠠᠪᠴᠤ ᠦᠵᠡᠬᠦ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠨ᠎ᠠ᠃ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠢᠶᠠᠷ ᠬᠢᠵᠠᠭᠠᠷ ᠣᠷᠣᠨ ᠢᠶᠠᠨ ᠪᠠᠬᠢᠵᠢᠭᠦᠯᠬᠦ ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠦᠪᠡᠷᠲᠡᠭᠡᠨ ᠵᠠᠰᠠᠬᠤ ᠣᠷᠣᠨ ᠤ ᠬᠢᠯᠢ ᠶᠢᠨ ᠬᠤᠰᠢᠭᠤ ︵ᠬᠤᠲᠠ᠂ ᠲᠣᠭᠤᠷᠢᠭ︶ ᠢᠯᠠᠩᠭᠤᠶ᠎ᠠ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠵᠠᠰᠠᠭ ᠵᠠᠬᠢᠷᠭᠠᠨ ᠤ ᠲᠤᠰᠬᠤᠨ᠂ ᠠᠶᠢᠯ ᠲᠤᠰᠬᠤᠨ᠂ ᠪᠤᠭᠤᠮᠲᠠ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ᠂ ᠴᠡᠷᠢᠭ ᠤᠨ ᠬᠤᠸᠠᠷᠠᠨ᠂ ᠮᠠᠯᠵᠢᠬᠤ ᠲᠠᠷᠢᠶᠠᠯᠠᠬᠤ ᠡᠷᠦᠬᠡ ᠳᠤ ᠲᠣᠭᠠᠴᠠᠯᠠᠬᠰᠠᠨ ᠺᠢᠨᠣ᠋ ᠭᠠᠷᠭᠠᠬᠤ᠂ ᠲᠣᠭᠠᠴᠠᠲᠤ ᠪᠢᠴᠢᠭ ᠤᠨ ᠦᠷᠦᠭᠡ᠂ ︽ᠵᠠᠭᠤᠨ ᠰᠣᠳᠣᠨ ᠪᠦᠲᠦᠭᠡᠯ ᠪᠣᠯᠬᠤ ᠮᠣᠩᠭᠤᠯ ᠬᠡᠯᠡᠨ ᠤ ᠬᠡᠷᠡᠭᠯᠡᠭᠡᠨ ᠤ ᠨᠣᠮ ᠪᠢᠴᠢᠭ ᠢ ᠮᠠᠯᠵᠢᠬᠤ ᠡᠷᠦᠬᠡ ᠳᠤ ᠬᠦᠷᠬᠡᠬᠦ︾ ᠵᠡᠷᠭᠡ ᠢᠨᠵᠧᠨᠧᠷᠢᠩ ᠪᠣᠯᠣᠨ ᠲᠦᠷᠦᠯ ᠵᠦᠢᠯ ᠢ ᠬᠡᠷᠡᠭᠵᠢᠭᠦᠯᠵᠦ᠂ ᠬᠢᠯᠢ ᠶᠢᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠳᠤ ᠰᠣᠨᠢᠨ ᠮᠡᠳᠡᠭᠡ ᠬᠡᠪᠯᠡᠯ᠂ ᠷᠠᠳᠢᠣ᠋ ᠺᠢᠨᠣ᠋ ᠲᠧᠯᠸᠢᠰ ᠢᠶᠠᠷ ᠪᠦᠷᠢᠨ ᠪᠦᠷᠭᠦᠬᠦᠯᠬᠦ ᠶᠢ ᠤᠷᠢᠳᠠᠪᠠᠷ ᠪᠡᠶᠡᠯᠡᠭᠦᠯᠦᠨ᠎ᠡ᠃      ︵ᠲᠠᠪᠤ︶ ᠪᠦᠲᠦᠴᠡ ᠶᠢ ᠰᠢᠯᠢᠳᠡᠭᠵᠢᠭᠦᠯᠵᠦ᠂ ᠲᠣᠭᠲᠠᠴᠠ ᠶᠢ ᠪᠦᠷᠢᠨᠰᠢᠭᠦᠯᠦᠨ᠂ ᠣᠯᠠᠨ ᠨᠡᠶᠢᠲᠡ ᠶᠢᠨ ᠰᠤᠶᠤᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃      1. ᠦᠨᠳᠦᠰᠦᠨ ᠱᠠᠲᠤᠨ ᠤ ᠰᠤᠶᠤᠯ ᠤᠨ ᠡᠩᠨᠡᠭᠡ ᠶᠢᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠣᠯᠠᠨ ᠨᠡᠶᠢᠲᠡ ᠶᠢᠨ ᠰᠤᠶᠤᠯ ᠤᠨ ᠪᠠᠶᠢᠭᠤᠯᠤᠯᠲᠠ ᠶᠢᠨ ᠠᠭᠤᠯᠭ᠎ᠠ ᠶᠢ ᠶᠠᠳᠠᠭᠤ ᠬᠦᠴᠢᠷᠳᠡᠯᠲᠡᠢ ᠭᠠᠵᠠᠷ ᠣᠷᠣᠨ ᠤ ᠨᠠᠮ ᠤᠨ ᠰᠤᠷᠭᠠᠭᠤᠯᠢ ᠶᠢᠨ ᠬᠦᠮᠦᠵᠢᠯ᠂ ᠺᠠᠳ᠋ᠷ ᠤᠨ ᠪᠣᠯᠪᠠᠰᠤᠷᠠᠭᠤᠯᠤᠯ ᠤᠨ ᠰᠢᠰᠲ᠋ᠧᠮᠵᠢ ᠳᠤ ᠣᠷᠤᠭᠤᠯᠤᠨ᠎ᠠ᠃ ᠬᠠᠨᠳᠤᠯᠭ᠎ᠠ ᠲᠠᠢ ᠪᠠᠷ ᠬᠦᠮᠦᠵᠢᠭᠦᠯᠬᠦ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠦᠨᠳᠦᠰᠦᠨ ᠱᠠᠲᠤᠨ ᠤ ᠰᠤᠶᠤᠯ ᠤᠨ ᠰᠢᠯᠢᠳᠡᠭ ᠺᠠᠳ᠋ᠷᠴᠤᠳ ᠢ ᠰᠤᠩᠭᠤᠨ ᠲᠣᠮᠢᠯᠠᠵᠤ ᠠᠵᠢᠯ ᠠᠴᠠ ᠪᠠᠨ ᠰᠠᠯᠬᠤ ᠦᠭᠡᠢ ᠪᠠᠷ ᠰᠤᠳᠤᠯᠤᠨ ᠰᠤᠷᠤᠯᠴᠠᠭᠤᠯᠤᠨ᠎ᠠ᠃ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯᠲᠠᠳ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ ᠲᠡᠷᠢᠭᠦᠨ ᠤ ᠭᠠᠵᠠᠷ ᠣᠷᠣᠨ ᠤ ᠲᠣᠷᠰᠢᠯᠭ᠎ᠠ ᠠᠷᠭ᠎ᠠ ᠪᠠᠷᠢᠯ ᠢ ᠰᠤᠷᠤᠯᠴᠠᠨ ᠰᠣᠯᠢᠯᠴᠠᠵᠤ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      2. ᠰᠤᠶᠤᠯ ᠤᠨ ᠴᠢᠳᠠᠪᠤᠷᠢᠲᠠᠨ ᠢ ᠬᠦᠮᠦᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ︽ᠭᠤᠷᠪᠠᠨ ᠣᠷᠣᠨ︾᠎ ᠤ ᠴᠢᠳᠠᠪᠤᠷᠢᠲᠠᠨ ᠢ ᠳᠡᠮᠵᠢᠬᠦ ᠲᠦᠯᠦᠪᠯᠡᠭᠡ ᠶᠢ ᠭᠦᠨᠵᠡᠭᠡᠢ ᠬᠡᠷᠡᠭᠵᠢᠭᠦᠯᠵᠦ᠂ ᠦᠨᠳᠦᠰᠦᠨ ᠱᠠᠲᠤᠨ ᠤ ᠰᠤᠶᠤᠯ ᠤᠨ ᠴᠢᠳᠠᠪᠤᠷᠢᠲᠠᠨ ᠢ ᠬᠦᠮᠦᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠢᠭᠡᠳ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠰᠤᠶᠤᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠣᠯᠣᠨ ᠨᠢᠭᠡᠴᠡ ᠶᠢᠨ ᠺᠠᠳ᠋ᠷᠴᠤᠳ ᠢ ᠰᠢᠯᠵᠢᠭᠦᠯᠦᠨ ᠪᠣᠯᠪᠠᠰᠤᠷᠠᠭᠤᠯᠬᠤ ᠳᠦᠷᠢᠮ ᠢ ᠬᠡᠷᠡᠭᠵᠢᠭᠦᠯᠬᠦ ᠶᠢ ᠠᠬᠢᠭᠤᠯᠤᠨ᠎ᠠ᠃ ᠲᠤᠰᠢᠶᠠᠯ ᠳᠡᠪᠰᠢᠬᠦ᠂ ᠮᠡᠷᠭᠡᠵᠢᠯ ᠤᠨ ᠴᠣᠯᠠ ᠰᠢᠯᠭᠠᠷᠠᠭᠤᠯᠤᠨ ᠲᠣᠭᠲᠠᠭᠠᠬᠤ ᠳᠤ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠠᠵᠢᠯᠯᠠᠭᠰᠠᠨ ᠦᠩᠭᠡᠷᠡᠯᠲᠡ ᠲᠠᠢ ᠺᠠᠳ᠋ᠷ ᠢ ᠤᠷᠢᠳᠠᠪᠠᠷ ᠪᠣᠳᠤᠯᠬᠢᠯᠠᠨ᠎ᠠ᠃ ᠮᠡᠷᠭᠡᠵᠢᠯ ᠤᠨ ᠴᠣᠯᠠ ᠰᠢᠯᠭᠠᠷᠠᠭᠤᠯᠤᠨ ᠲᠣᠭᠲᠠᠭᠠᠬᠤ᠂ ᠬᠦᠳᠡᠯᠮᠦᠷᠢ ᠶᠢᠨ ᠵᠢᠱᠢᠶᠡᠴᠢ᠂ ᠲᠡᠷᠢᠭᠦᠨ ᠤ ᠨᠢᠭᠡᠴᠡ ᠪᠠ ᠬᠤᠪᠢ ᠬᠦᠮᠦᠨ ᠵᠡᠷᠭᠡ ᠶᠢ ᠰᠤᠩᠭᠤᠨ ᠰᠢᠯᠭᠠᠷᠠᠭᠤᠯᠵᠤ ᠰᠠᠶᠢᠰᠢᠶᠠᠨ ᠬᠦᠬᠢᠭᠦᠯᠬᠦ ᠣᠷᠣᠨ ᠲᠤᠭ᠎ᠠ ᠶᠢ ᠶᠠᠳᠠᠭᠤ ᠬᠦᠴᠢᠷᠳᠡᠯᠲᠡᠢ ᠭᠠᠵᠠᠷ ᠣᠷᠣᠨ ᠤ ᠦᠨᠳᠦᠰᠦᠨ ᠱᠠᠲᠤᠨ ᠤ ᠰᠤᠶᠤᠯ ᠤᠨ ᠲᠤᠰᠬᠠᠢ ᠠᠵᠢᠯᠲᠠᠳ ᠲᠡᠰᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠨ᠎ᠡ᠃ ᠠᠵᠢᠯ ᠤᠨ ᠠᠮᠵᠢᠯᠲᠠ ᠪᠦᠲᠦᠮᠵᠢ ᠪᠠᠷ ᠳᠤᠪᠤᠶᠢᠮ᠎ᠠ ᠪᠠᠶᠢᠳᠠᠭ ᠶᠠᠳᠠᠭᠤ ᠬᠦᠴᠢᠷᠳᠡᠯᠲᠡᠢ ᠭᠠᠵᠠᠷ ᠣᠷᠣᠨ ᠤ ᠦᠨᠳᠦᠰᠦᠨ ᠱᠠᠲᠤᠨ ᠤ ᠰᠤᠶᠤᠯ ᠤᠨ ᠲᠤᠰᠬᠠᠢ ᠠᠵᠢᠯᠲᠠᠳ ᠢ ᠰᠠᠶᠢᠰᠢᠶᠠᠨ ᠬᠦᠬᠢᠭᠦᠯᠵᠦ ᠱᠠᠩᠨᠠᠯ ᠣᠯᠭᠤᠨ᠎ᠠ᠃ ᠰᠢᠯᠭᠠᠬᠤ᠂ ᠰᠢᠯᠭᠠᠨ ᠬᠢᠨᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠤᠷᠢᠳᠠᠪᠠᠷ ᠲᠣᠷᠰᠢᠯᠲᠠ ᠬᠢᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠬᠤ᠂ ᠮᠡᠷᠭᠡᠵᠢᠯ ᠤᠨ ᠳᠡᠰ ᠬᠤᠪᠢᠶᠠᠬᠤ᠂ ᠬᠠᠮᠢᠶᠠᠷᠤᠯᠲᠠ ᠵᠢᠷᠤᠮᠵᠢᠯ ᠲᠠᠢ ᠨᠡᠶᠢᠭᠡᠮ ᠤᠨ ᠰᠤᠶᠤᠯ ᠤᠨ ᠬᠠᠪᠰᠤᠷᠤᠨ ᠵᠢᠯᠤᠭᠤᠳᠤᠭᠴᠢ ᠶᠢᠨ ᠳᠦᠷᠢᠮ ᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃      3. ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠶᠡᠬᠡᠪᠡᠷ ᠪᠤᠶᠢᠵᠢᠭᠤᠯᠤᠨ᠎ᠠ᠃ ᠲᠤᠰᠬᠠᠢ ᠮᠡᠷᠭᠡᠵᠢᠯᠲᠡᠨ ᠡᠷᠳᠡᠮᠲᠡᠨ᠂ ᠤᠷᠠᠯᠢᠬᠴᠢᠨ᠂ ᠲᠤᠰᠬᠠᠢ ᠮᠡᠷᠭᠡᠵᠢᠯᠲᠦ ᠴᠢᠳᠠᠪᠤᠷᠢᠲᠠᠨ᠂ ᠠᠵᠢᠯ ᠠᠴᠠ ᠪᠠᠨ ᠪᠠᠭᠤᠭᠰᠠᠳ ᠪᠠ ᠨᠡᠶᠢᠭᠡᠮ ᠤᠨ ᠡᠯ᠎ᠡ ᠡᠲᠡᠭᠡᠳ ᠤᠨ ᠬᠦᠮᠦᠰ ᠤᠨ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠶᠢ ᠵᠣᠷᠢᠬᠵᠢᠭᠤᠯᠤᠨ ᠳᠡᠮᠵᠢᠵᠦ᠂ ᠣᠯᠠᠨ ᠨᠡᠶᠢᠲᠡ ᠶᠢᠨ ᠰᠤᠶᠤᠯ ᠤᠨ ᠨᠢᠭᠡᠴᠡ᠂ ᠤᠷᠠᠯᠢᠭ ᠤᠨ ᠬᠦᠷᠢᠶᠡᠯᠡᠩ ᠪᠦᠯᠬᠦᠮ ᠵᠡᠷᠭᠡ ᠨᠢ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠣᠴᠢᠵᠤ ᠵᠢᠭᠠᠨ ᠰᠤᠷᠭᠠᠬᠤ᠂ ᠰᠤᠷᠤᠯᠴᠠᠬᠤ᠂ ᠬᠠᠪᠰᠤᠷᠬᠤ᠂ ᠳᠠᠭᠠᠭᠤᠯᠬᠤ ᠶᠢ ᠠᠬᠢᠭᠤᠯᠤᠨ᠎ᠠ᠃ ᠶᠠᠳᠠᠭᠤ ᠬᠦᠴᠢᠷᠳᠡᠯᠲᠡᠢ ᠭᠠᠵᠠᠷ ᠣᠷᠣᠨ ᠢ ᠲᠠᠮᠵᠢᠵᠦ ᠪᠠᠶᠢᠭᠠᠳ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠦ᠂ ᠦᠨᠳᠦᠰᠦᠨ ᠱᠠᠲᠤᠨ ᠤ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠦᠷᠨᠢᠭᠦᠯᠦᠨ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠨᠢᠭᠡᠪᠦᠷᠢ ᠳᠤ ᠰᠤᠶᠤᠯ ᠤᠨ ᠰᠠᠶᠢᠨ ᠳᠤᠷᠠᠴᠤᠳ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠬᠠᠮᠢᠶᠠᠷᠤᠯᠲᠠ ᠵᠢᠷᠤᠮᠵᠢᠯ ᠲᠠᠢ᠂ ᠠᠵᠢᠯᠯᠠᠭᠠᠨ ᠦᠷᠭᠦᠯᠵᠢ ᠦᠷᠨᠢᠭᠦᠯᠵᠤ ᠪᠠᠶᠢᠳᠠᠭ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠲᠠᠢ ᠪᠠᠶᠢᠯᠭᠠᠬᠤ ᠶᠢ ᠦᠨᠡᠨᠬᠦ ᠪᠠᠲᠤᠯᠠᠨ᠎ᠠ᠃      4. ᠨᠤᠲᠤᠭ ᠤᠨ ᠰᠤᠶᠤᠯ ᠤᠨ ᠴᠢᠳᠠᠪᠤᠷᠢᠲᠠᠨ ᠢ ᠶᠡᠬᠡᠪᠡᠷ ᠪᠤᠶᠢᠵᠢᠭᠤᠯᠤᠨ᠎ᠠ᠃ ᠦᠨᠳᠦᠰᠦᠨ ᠱᠠᠲᠤᠨ ᠳᠤ ᠨᠤᠲᠤᠭᠰᠢᠭᠰᠠᠨ ᠨᠤᠲᠤᠭ ᠤᠨ ᠰᠤᠶᠤᠯ ᠤᠨ ᠴᠢᠳᠠᠪᠤᠷᠢ ᠲᠠᠢ ᠬᠦᠮᠦᠨ᠂ ᠦᠨᠳᠦᠰᠦᠲᠡᠨ ᠤ ᠪᠠ ᠠᠷᠠᠳ ᠤᠨ ᠰᠤᠶᠤᠯ ᠤᠨ ᠤᠯᠠᠮᠵᠢᠯᠠᠨ ᠵᠠᠯᠭᠠᠮᠵᠢᠯᠠᠭᠴᠢ ᠢᠯᠠᠩᠭᠤᠶ᠎ᠠ ᠪᠤᠳᠠᠰ ᠤᠨ ᠪᠤᠰᠤ ᠰᠤᠶᠤᠯ ᠤᠨ ᠥᠪ ᠤᠨ ᠲᠦᠷᠦᠯ ᠵᠦᠢᠯ ᠤᠨ ᠲᠦᠯᠦᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢ ᠢᠯᠡᠷᠡᠭᠦᠯᠬᠦ ᠪᠠ ᠬᠦᠮᠦᠵᠢᠭᠦᠯᠦᠨ᠎ᠡ᠃ ᠬᠤᠰᠢᠭᠤ ᠰᠢᠶᠠᠨ ᠤ ᠨᠤᠲᠤᠭ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠦᠮᠦᠷᠭᠡ ᠶᠢ ᠪᠠᠶᠢᠭᠤᠯᠵᠤ᠂ ᠲᠡᠪᠴᠡᠩ ᠪᠠᠶᠢᠭᠤᠯᠬᠤ᠂ ᠵᠠᠷᠤᠳᠠᠯ ᠬᠠᠩᠭᠠᠬᠤ᠂ ᠪᠣᠯᠪᠠᠰᠤᠷᠠᠭᠤᠯᠤᠯ ᠢ ᠴᠢᠩᠭᠠᠳᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠨᠤᠲᠤᠭ ᠤᠨ ᠴᠢᠳᠠᠪᠤᠷᠢᠲᠠᠨ ᠤ ᠨᠤᠲᠤᠭ ᠤᠨ ᠰᠤᠶᠤᠯ ᠤᠨ ᠮᠡᠷᠭᠡᠵᠢᠯ ᠴᠢᠳᠠᠪᠤᠷᠢ ᠶᠢ ᠪᠣᠯᠪᠠᠰᠤᠷᠠᠭᠤᠯᠬᠤ ᠪᠠ ᠤᠯᠠᠮᠵᠢᠯᠠᠨ ᠵᠠᠯᠭᠠᠮᠵᠢᠯᠠᠬᠤ ᠶᠢ ᠵᠣᠷᠢᠬᠵᠢᠭᠤᠯᠤᠨ ᠲᠡᠳᠭᠦᠵᠦ᠂ ᠲᠡᠳᠡᠨ ᠤ ᠦᠨᠳᠦᠰᠦᠲᠡᠨ ᠤ ᠤᠯᠠᠮᠵᠢᠯᠠᠯᠲᠤ ᠰᠤᠶᠤᠯ ᠢ ᠤᠯᠠᠮᠵᠢᠯᠠᠨ ᠵᠠᠯᠭᠠᠮᠵᠢᠯᠠᠬᠤ᠂ ᠭᠠᠷ ᠤᠷᠠᠯᠠᠯ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠬᠢᠬᠦ᠂ ᠰᠤᠶᠤᠯ ᠤᠨ ᠥᠪ ᠢ ᠬᠠᠮᠠᠭᠠᠯᠠᠬᠤ ᠵᠡᠷᠭᠡ ᠲᠠᠯ᠎ᠠ ᠪᠠᠷ ᠬᠢ ᠢᠳᠡᠪᠬᠢ ᠦᠢᠯᠡᠳᠦᠯ ᠢ ᠪᠠᠳᠠᠷᠠᠭᠤᠯᠤᠨ᠎ᠠ᠃      ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠨᠤᠭᠤᠳ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠶᠠᠳᠠᠭᠤ ᠶᠢ ᠲᠡᠳᠭᠦᠨ ᠨᠡᠭᠡᠭᠡᠨ ᠬᠥᠭᠵᠢᠭᠦᠯᠬᠦ ᠶᠢᠨ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠣᠷᠤᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠣᠷᠤᠭᠤᠯᠵᠤ᠂ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠤᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢᠨ ᠨᠢᠭᠡᠲᠦᠯᠲᠡᠢ ᠲᠦᠯᠦᠪᠯᠡᠭᠡ ᠳᠣᠣᠷ᠎ᠠ᠂ ᠵᠠᠰᠠᠭ ᠤᠨ ᠣᠷᠳᠣᠨ ᠢᠶᠠᠷ ᠭᠤᠤᠯ ᠤᠳᠤᠷᠢᠳᠤᠮᠵᠢ ᠪᠣᠯᠭᠠᠬᠤ᠂ ᠰᠤᠶᠤᠯ ᠤᠨ ᠰᠠᠯᠠᠭ᠎ᠠ ᠮᠦᠴᠢᠷ ᠤᠳ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ᠂ ᠨᠡᠶᠢᠭᠡᠮ ᠤᠨ ᠬᠦᠴᠦᠨ ᠤ ᠬᠢᠨ ᠢᠳᠡᠪᠬᠢᠲᠡᠢ ᠣᠷᠤᠯᠴᠠᠬᠤ᠂ ᠡᠯ᠎ᠡ ᠲᠦᠷᠦᠯ ᠤᠨ ᠡᠬᠢ ᠪᠠᠶᠠᠯᠢᠭ ᠢ ᠨᠢᠭᠡᠲᠦᠯᠲᠡᠢ ᠲᠦᠯᠦᠪᠯᠡᠵᠦ ᠠᠬᠢᠭᠤᠯᠤᠬᠰᠠᠨ ᠰᠤᠶᠤᠯ ᠢᠶᠠᠷ ᠶᠠᠳᠠᠭᠤ ᠶᠢ ᠲᠡᠳᠭᠦᠬᠦ ᠠᠵᠢᠯ ᠤᠨ ᠪᠠᠶᠢᠷᠢᠰᠢᠯ ᠢ ᠪᠠᠶᠢᠭᠤᠯᠤᠨ ᠲᠡᠭᠦᠯᠳᠡᠷᠵᠢᠭᠦᠯᠦᠨ᠎ᠡ᠃      ︵ᠬᠤᠶᠠᠷ︶ ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠭᠦᠬᠦ ᠶᠢ ᠴᠢᠩᠭᠠᠳᠬᠠᠨ᠎ᠠ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠰᠤᠶᠤᠯ ᠤᠨ ᠰᠠᠭᠤᠷᠢ ᠪᠡᠯᠡᠳᠭᠡᠮᠵᠢ᠂ ᠡᠬᠢ ᠪᠠᠶᠠᠯᠢᠭ ᠤᠨ ᠲᠦᠷᠦᠯ ᠵᠦᠢᠯ᠂ ᠴᠢᠳᠠᠪᠤᠷᠢᠲᠠᠨ ᠤ ᠡᠩᠨᠡᠭᠡ ᠵᠡᠷᠭᠡ ᠶᠢ ᠲᠤᠰᠬᠠᠶᠢᠯᠠᠨ ᠪᠠᠶᠢᠴᠠᠭᠠᠵᠤ᠂ ᠳᠠᠩᠰᠠᠯᠠᠨ ᠺᠠᠷᠲᠯᠠᠵᠤ᠂ ᠦᠨᠡᠨ ᠪᠠᠶᠢᠳᠠᠯ ᠢ ᠣᠶᠢᠯᠠᠭᠠᠨ᠂ ᠠᠰᠠᠭᠤᠳᠠᠯ ᠢ ᠢᠯᠡᠷᠡᠭᠦᠯᠵᠦ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠠᠵᠢᠯᠯᠠᠬᠤ ᠴᠢᠨᠠᠷ ᠢᠶᠠᠷ ᠴᠢᠩᠭ᠎ᠠ᠂ ᠦᠨᠡᠯᠡᠨ ᠵᠢᠱᠢᠬᠦ ᠳᠤ ᠠᠮᠠᠷᠬᠠᠨ ᠲᠠᠪᠤᠨ ᠵᠢᠯ ᠤᠨ ᠠᠵᠢᠯ ᠤᠨ ᠲᠦᠯᠦᠪᠯᠡᠭᠡ ᠲᠣᠭᠲᠠᠭᠠᠨ ᠬᠡᠷᠡᠭᠵᠢᠭᠦᠯᠬᠦ ᠶᠢ ᠵᠢᠯᠤᠭᠤᠳᠴᠤ᠂ ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠭᠦᠬᠦ ᠪᠠ ︽ᠨᠢᠭᠡ ᠰᠢᠶᠠᠨ ᠳᠤ ᠨᠢᠭᠡ ᠠᠷᠭ᠎ᠠ ᠪᠣᠳᠣᠯᠭ᠎ᠠ ᠲᠠᠢ ᠪᠠᠶᠢᠬᠤ︾᠎ ᠶᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠠᠬᠢᠭᠤᠯᠤᠨ᠎ᠠ᠃ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠰᠤᠶᠤᠯ ᠤᠨ ᠨᠢᠭᠡᠴᠡ ᠶᠢᠨ ᠰᠢᠰᠲ᠋ᠧᠮ ᠢᠶᠠᠷ ᠢᠶᠠᠨ ᠬᠠᠪᠰᠤᠷᠤᠨ ᠲᠡᠳᠭᠦᠬᠦ ᠠᠵᠢᠯ ᠤᠨ ᠲᠣᠭᠲᠠᠴᠠ ᠪᠣᠯᠣᠨ ᠡᠯ᠎ᠡ ᠱᠠᠲᠤᠨ ᠤ ᠰᠤᠶᠤᠯ ᠤᠨ ᠨᠢᠭᠡᠴᠡ ᠶᠢᠨ ᠡᠳᠦᠷ ᠲᠤᠳᠤᠮ ᠤᠨ ᠬᠠᠷᠢᠯᠴᠠᠬᠤ᠂ ᠣᠶᠢᠯᠠᠭᠠᠯᠴᠠᠨ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠲᠡᠬᠡᠳᠤ ᠲᠤᠤᠷᠠᠳᠤ ᠱᠠᠳᠤ ᠶᠢᠨ ᠬᠠᠮᠲᠤᠷᠠᠨ ᠬᠦᠳᠡᠯᠦᠯᠴᠡᠬᠦ᠂ ᠬᠠᠮᠲᠤᠷᠠᠯᠴᠠᠨ ᠬᠠᠮᠲᠤᠪᠠᠷ ᠪᠠᠶᠢᠭᠤᠯᠬᠤ᠂ ᠲᠠᠭᠠᠭᠠᠨ ᠠᠪᠴᠤ ᠲᠡᠳᠬᠦᠨ ᠬᠠᠪᠰᠤᠷᠬᠤ᠂ ᠵᠢᠯᠣᠭᠤᠳᠬᠤ ᠪᠠ ᠪᠣᠯᠪᠠᠰᠤᠷᠠᠭᠤᠯᠬᠤ ᠶᠢ ᠬᠠᠷᠢᠯᠴᠠᠨ ᠨᠢᠭᠡᠳᠭᠡᠭᠰᠡᠨ ᠰᠤᠶᠤᠯ ᠢᠶᠠᠷ ᠶᠠᠳᠠᠭᠤ ᠶᠢ ᠲᠡᠳᠭᠦᠬᠦ ᠰᠠᠶᠢᠨ ᠰᠠᠶᠢᠬᠠᠨ ᠲᠣᠭᠲᠠᠴᠠ ᠶᠢ ᠪᠣᠢ ᠪᠣᠯᠭᠠᠨ᠎ᠠ᠃      ︵ᠭᠤᠷᠪᠠ︶ ᠡᠳ᠋ ᠤᠨ ᠵᠠᠰᠠᠭ ᠤᠨ ᠣᠷᠤᠭᠤᠯᠤᠯᠲᠠ ᠶᠢ ᠨᠡᠮᠡᠭᠳᠡᠭᠦᠯᠦᠨ᠎ᠡ᠃ ᠰᠢᠯᠵᠢᠭᠦᠯᠦᠨ ᠥᠭᠬᠦ ᠪᠠᠷ ᠳᠠᠮᠵᠢᠨ ᠶᠠᠳᠠᠭᠤ ᠬᠦᠴᠢᠷᠳᠡᠯᠲᠡᠢ ᠭᠠᠵᠠᠷ ᠣᠷᠣᠨ ᠤ ᠦᠨᠳᠦᠰᠦᠨ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠲᠦᠷᠦᠯ ᠵᠦᠢᠯ ᠳᠤ ᠪᠡᠯᠡ ᠮᠦᠩᠭᠦ ᠶᠢᠨ ᠨᠦᠬᠦᠪᠦᠷᠢ ᠶᠢ ᠣᠯᠭᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠦᠨᠳᠦᠰᠦᠨ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠣᠬᠢᠰᠲᠠᠢ ᠬᠤᠪᠢᠶᠠᠷᠢᠯᠠᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯᠯᠠᠭᠠᠨ ᠢ ᠪᠠᠲᠤᠯᠠᠨ᠎ᠠ᠃ ᠤᠯᠤᠰ ᠠᠴᠠ ᠲᠣᠬᠢᠷᠠᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠤᠶᠤᠯ ᠤᠨ ᠪᠠᠶᠢᠭᠤᠯᠤᠯᠲᠠ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠰᠢᠶᠠᠨ ᠵᠢᠴᠢ ᠰᠢᠶᠠᠨ ᠠᠴᠠ ᠳᠣᠷᠤᠭᠰᠢᠬᠢ ᠪᠠ ᠲᠦᠪᠯᠡᠷᠡᠵᠦ ᠬᠡᠰᠡᠭᠷᠡᠨ ᠵᠠᠯᠭᠠᠯᠳᠤᠭᠰᠠᠨ ᠣᠨᠴᠠ ᠬᠦᠴᠢᠷᠳᠡᠯᠲᠡᠢ ᠭᠠᠵᠠᠷ ᠣᠷᠣᠨ ᠤ ᠪᠡᠯᠡ ᠮᠦᠩᠭᠦ ᠶᠢᠨ ᠳᠦᠬᠦᠷᠵᠢᠭᠦᠯᠬᠦ ᠲᠥᠷᠥ ᠶᠢᠨ ᠪᠣᠳᠣᠯᠭ᠎ᠠ ᠶᠢ ᠬᠦᠴᠦᠨ ᠦᠭᠡᠢ ᠪᠣᠯᠭᠠᠨ᠎ᠠ᠃ ᠲᠤᠰᠬᠤᠨ ᠤ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ ᠰᠤᠶᠤᠯ ᠤᠨ ᠦᠢᠯᠡᠴᠢᠯᠡᠭᠡᠨ ᠤ ᠲᠥᠪ ᠵᠡᠷᠭᠡ ᠣᠯᠠᠨ ᠨᠡᠶᠢᠲᠡ ᠶᠢᠨ ᠰᠤᠶᠤᠯ ᠤᠨ ᠪᠡᠯᠡᠳᠭᠡᠮᠵᠢ ᠶᠢᠨ ᠪᠠᠶᠢᠭᠤᠯᠤᠯᠲᠠ ᠶᠢ ᠠᠰ ᠠᠰ ᠢᠶᠠᠷ ᠨᠢ ᠵᠦᠪᠯᠡᠬᠦ ᠡᠳ᠋ ᠤᠨ ᠵᠠᠰᠠᠭ ᠤᠨ ᠱᠠᠩᠨᠠᠨ ᠨᠦᠬᠦᠪᠦᠷᠢᠯᠡᠬᠦ ᠬᠡᠪᠴᠢᠶ᠎ᠡ ᠳᠤ ᠣᠷᠤᠭᠤᠯᠵᠤ᠂ ᠬᠠᠮᠢᠶ᠎ᠠ ᠪᠦᠬᠦᠢ ᠳᠡᠰ ᠳᠠᠷᠠᠭᠠᠯᠠᠯ ᠢ ᠴᠢᠩᠭ᠎ᠠ ᠵᠢᠷᠤᠮᠯᠠᠵᠦ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠪᠡᠯᠡ ᠮᠦᠩᠭᠦ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃      ︵ᠳᠥᠷᠪᠡ︶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠠᠮᠢᠶ᠎ᠠ ᠪᠦᠬᠦᠢ ᠠᠭᠤᠯᠭ᠎ᠠ ᠶᠢ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠰᠢᠯᠭᠠᠨ ᠬᠢᠨᠠᠬᠤ ᠭᠦᠢᠴᠡᠳᠭᠡᠯ ᠲᠣᠭᠠᠨ ᠤ ᠰᠢᠰᠲ᠋ᠧᠮᠵᠢ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠭᠤᠯᠭ᠎ᠠ ᠪᠠ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠰᠤᠶᠤᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠰᠤᠶᠤᠯ ᠤᠨ ᠠᠵᠢᠯ ᠬᠢᠭᠰᠡᠳ ᠤᠨ ᠵᠢᠯ ᠤᠨ ᠰᠡᠭᠦᠯᠴᠢ ᠶᠢᠨ ᠰᠢᠯᠭᠠᠨ ᠬᠢᠨᠠᠬᠤ ᠰᠢᠯᠭᠠᠨ ᠦᠨᠡᠯᠡᠬᠦ ᠳᠤ ᠣᠷᠤᠭᠤᠯᠤᠨ᠎ᠠ᠃ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠰᠡᠳᠬᠢᠯ ᠬᠠᠨᠤᠮᠵᠢᠲᠠᠢ ᠪᠠᠶᠢᠬᠤ ᠶᠢᠨ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ᠎ᠠ᠃ ᠤᠯᠤᠰ᠂ ᠦᠪᠡᠷᠲᠡᠭᠡᠨ ᠵᠠᠰᠠᠬᠤ ᠣᠷᠣᠨ ᠤ ᠰᠤᠶᠤᠯ ᠢᠶᠠᠷ ᠶᠠᠳᠠᠭᠤ ᠶᠢ ᠲᠡᠳᠭᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠴᠢᠬᠤᠯᠠ ᠶᠡᠭᠡ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠬᠢᠨᠠᠨ ᠪᠤᠳᠤᠬᠤ ᠪᠠ ᠰᠢᠯᠭᠠᠨ ᠬᠢᠨᠠᠬᠤ ᠳᠦᠷᠢᠮ ᠢ ᠪᠠᠶᠢᠭᠤᠯᠵᠤ᠂ ᠦᠪᠡᠷᠲᠡᠭᠡᠨ ᠵᠠᠰᠬᠠᠤ ᠣᠷᠣᠨ ᠤ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠤᠷᠤᠭᠰᠢᠲᠠᠢ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃                                    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号