ᠦᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠦᠰᠦᠯ ︵ᠲᠣᠷᠰᠢᠨ ᠬᠡᠷᠡᠭᠵᠢᠭᠦᠯᠬᠦ︶᠎ ᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠭᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2016/12/21
                   ᠥᠪᠥᠷ ᠵᠠᠰᠠᠭ ᠠᠯᠪᠠᠨ ᠲᠠᠷᠬᠠᠭᠠᠭᠰᠠᠨ ﹇2016﹈ 42 ᠳ᠋ᠤᠭᠠᠷ ᠲᠤᠭᠠᠳᠤ                           2016 ᠤᠨ ᠤ 7 ᠳ᠋ᠤᠭᠠᠷ ᠰᠠᠷ᠎ᠠ ᠶᠢᠨ 7᠎ ᠤ ᠡᠳᠥᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠦᠰᠦᠯ ︵ᠲᠣᠷᠰᠢᠨ ᠬᠡᠷᠡᠭᠵᠢᠭᠦᠯᠬᠦ︶︾᠎ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                           ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ                           ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ                             ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠦᠰᠦᠯ                                    ︵ᠲᠣᠷᠰᠢᠨ ᠬᠡᠷᠡᠭᠵᠢᠭᠦᠯᠬᠦ︶      ︽ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠲᠦᠰᠦᠯ ᠢ ᠳᠠᠷᠤᠮᠠᠯᠯᠠᠨ ᠶᠠᠪᠤᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2015﹈ 56 ᠳ᠋ᠤᠭᠠᠷ ᠲᠣᠭᠠᠲᠤ︶︾᠎ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠦᠨᠡᠨᠬᠦ ᠲᠦᠷᠭᠡᠳᠭᠡᠬᠦ ᠶᠢᠨ ᠲᠤᠰᠠᠳᠠ᠂ ᠲᠤᠰ ᠲᠦᠰᠦᠯ ᠢ ᠣᠨᠴᠤᠭᠤᠶᠢᠯᠠᠨ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠲᠣᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ︽ᠪᠦᠬᠦ ᠲᠠᠯ᠎ᠠ ᠪᠠᠷ ᠴᠢᠬ ᠭᠠᠷᠭᠠᠬᠤ᠂ ᠪᠦᠬᠦ ᠣᠷᠣᠨ ᠢ ᠰᠦᠯᠵᠢᠶᠡᠵᠢᠭᠦᠯᠬᠦ᠂ ᠠᠦ᠋ᠲ᠋ᠣ᠋ ᠪᠠᠷ ᠰᠡᠷᠡᠮᠵᠢᠯᠡᠭᠦᠯᠬᠦ᠂ ᠬᠠᠤᠯᠢ ᠶᠤᠰᠤᠭᠠᠷ ᠬᠠᠷᠢᠭᠤᠴᠠᠯᠭ᠎ᠠ ᠨᠡᠬᠡᠮᠵᠢᠯᠡᠬᠦ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ ᠵᠠᠰᠠᠭ ᠤᠨ ᠣᠷᠳᠤᠨ ᠢᠶᠠᠷ ᠭᠤᠣᠯᠯᠠᠭᠤᠯᠬᠤ᠂ ᠰᠠᠯᠠᠭ᠎ᠠ ᠮᠦᠴᠢᠷ ᠬᠠᠮᠵᠢᠯᠴᠠᠬᠤ᠂ ᠨᠡᠶᠢᠭᠡᠮ ᠳᠠᠶᠠᠭᠠᠷ ᠣᠷᠤᠯᠴᠠᠬᠤ᠂ ᠣᠯᠠᠨ ᠨᠡᠶᠢᠲᠡ ᠬᠢᠨᠠᠯᠲᠠ ᠲᠠᠯᠪᠢᠭᠰᠠᠨ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠵᠤ ᠬᠢᠨᠠᠨ ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ᠂ ᠪᠦᠬᠦ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠭᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠦᠷ ᠲᠥᠪᠰᠢᠨ ᠤ ᠬᠠᠯᠬᠠᠪᠴᠢ ᠶᠢ ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃      ᠬᠤᠶᠠᠷ᠂ ᠭᠤᠣᠯ ᠬᠠᠷᠠᠯᠲᠠ      2020 ᠣᠨ ᠪᠣᠯᠲᠠᠯ᠎ᠠ᠂ ᠪᠦᠬᠦ ᠣᠷᠣᠨ ᠳᠤ ᠣᠷᠴᠢᠨ ᠲᠣᠭᠤᠷᠢᠨ ᠤ ᠶᠠᠰᠤ ᠴᠢᠨᠠᠷ᠂ ᠭᠤᠣᠯᠳᠠᠯᠭ᠎ᠠ ᠲᠠᠢ ᠪᠣᠬᠢᠷᠳᠤᠯ ᠭᠠᠳᠠᠭᠰᠢᠯᠠᠭᠤᠯᠬᠤ ᠨᠢᠭᠡᠴᠡ ᠵᠢᠴᠢ ᠠᠮᠢ ᠠᠬᠤᠢ ᠶᠢᠨ ᠪᠠᠶᠢᠳᠠᠯ ᠢ ᠬᠢᠨᠠᠨ ᠰᠢᠨᠵᠢᠬᠦ ᠪᠠᠨ ᠪᠦᠷᠢᠨ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ᠤᠯᠤᠰ — ᠦᠪᠡᠷᠲᠡᠭᠡᠨ ᠵᠠᠰᠠᠬᠤ ᠣᠷᠣᠨ — ᠠᠶᠢᠮᠠᠭ ᠬᠤᠲᠠ — ᠬᠤᠰᠢᠭᠤ ᠰᠢᠶᠠᠨ ︵ᠬᠤᠲᠠ᠂ ᠲᠣᠭᠤᠷᠢᠭ︶ ᠳᠥᠷᠪᠡᠨ ᠱᠠᠲᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢ ᠬᠠᠷᠢᠯᠴᠠᠨ ᠬᠤᠯᠪᠣᠭᠠᠯᠠᠵᠤ ᠬᠠᠷᠢᠯᠴᠠᠨ ᠡᠳ᠋ᠯᠡᠬᠦ ᠶᠢ ᠪᠡᠶᠡᠯᠡᠭᠦᠯᠦᠨ᠂ ᠬᠢᠨᠠᠨ ᠰᠢᠨᠵᠢᠭᠰᠡᠨ ᠮᠡᠳᠡᠭᠡ ᠵᠠᠩᠭᠢ ᠶᠢ ᠨᠢᠭᠡᠲᠦᠯᠲᠡᠢ ᠵᠢᠷᠤᠮᠵᠢᠯ ᠲᠠᠢ ᠨᠡᠶᠢᠲᠡᠯᠡᠨ᠎ᠡ︔ ᠬᠢᠨᠠᠨ ᠰᠢᠨᠵᠢᠬᠦ ᠶᠢ ᠤᠷᠢᠳᠴᠢᠯᠠᠨ ᠮᠡᠳᠡᠭᠦᠯᠵᠦ ᠰᠡᠷᠡᠮᠵᠢᠯᠡᠭᠦᠯᠬᠦ᠂ ᠮᠡᠳᠡᠭᠡ ᠵᠠᠩᠬᠢᠵᠢᠯᠲᠠ ᠶᠢᠨ ᠴᠢᠳᠠᠪᠤᠷᠢ ᠪᠠ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ︔ ᠬᠢᠨᠠᠨ ᠰᠢᠨᠵᠢᠬᠦ ᠪᠠ ᠬᠢᠨᠠᠨ ᠬᠠᠮᠢᠶᠠᠷᠬᠤ ᠶᠢ ᠵᠣᠬᠢᠴᠠᠭᠤᠯᠤᠨ ᠬᠠᠮᠲᠤᠷᠠᠨ ᠬᠦᠳᠡᠯᠦᠯᠴᠡᠭᠦᠯᠦᠨ᠎ᠡ︔ ᠤᠰᠤ ᠬᠠᠭᠤᠷᠠᠢ ᠶᠢ ᠨᠢᠭᠡᠲᠦᠯᠲᠡᠢ ᠲᠦᠯᠦᠪᠯᠡᠵᠦ᠂ ᠤᠭᠲᠠᠷᠭᠤᠢ ᠭᠠᠵᠠᠷ ᠢ ᠨᠢᠭᠡ ᠴᠤᠭᠴᠠᠵᠢᠭᠤᠯᠤᠨ᠂ ᠲᠡᠬᠡᠳᠤ ᠲᠤᠤᠷᠠᠳᠤ ᠱᠠᠳᠤ ᠬᠠᠮᠵᠢᠯᠴᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠭᠰᠡᠨ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠰᠦᠯᠵᠢᠶ᠎ᠡ ᠶᠢ ᠦᠨᠳᠦᠰᠦᠨ ᠳᠡᠭᠡᠨ ᠪᠣᠢ ᠪᠣᠯᠭᠠᠨ᠎ᠠ᠃      ᠭᠤᠷᠪᠠ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠰᠦᠯᠵᠢᠶ᠎ᠡ ᠶᠢ ᠪᠦᠷᠢᠨᠰᠢᠭᠦᠯᠦᠨ᠎ᠡ      ︵ᠨᠢᠭᠡ︶ ᠪᠦᠬᠦ ᠣᠷᠣᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃      ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠴᠢᠬ ᠣᠷᠣᠨ ᠢ ᠨᠢᠭᠡᠲᠦᠯᠲᠡᠢ ᠲᠦᠯᠦᠪᠵᠢᠭᠦᠯᠬᠦ ᠪᠠ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ᠂ ᠠᠭᠠᠷ ᠮᠠᠨᠳᠠᠯ᠂ ᠤᠰᠤ᠂ ᠬᠦᠷᠦᠰᠦ ᠰᠢᠷᠤᠢ᠂ ᠲᠠᠭᠤ ᠱᠤᠤᠬᠢᠶᠠᠨ᠂ ᠰᠠᠴᠤᠷᠠᠯᠲᠠ ᠵᠡᠷᠭᠡ ᠣᠷᠴᠢᠨ ᠲᠣᠭᠤᠷᠢᠨ ᠤ ᠬᠦᠴᠦᠨ ᠵᠦᠢᠯ ᠢ ᠪᠠᠭᠲᠠᠭᠠᠨ ᠠᠭᠤᠯᠤᠭᠰᠠᠨ᠂ ᠪᠦᠬᠦ ᠣᠷᠣᠨ ᠢ ᠬᠠᠮᠤᠷᠴᠤ᠂ ᠪᠠᠶᠢᠷᠢᠰᠢᠭᠤᠯᠤᠯ ᠵᠦᠢ ᠵᠣᠬᠢᠰᠲᠠᠢ᠂ ᠠᠵᠢᠯ ᠤᠨ ᠬᠤᠪᠢᠶᠠᠷᠢᠯᠠᠯ ᠲᠤᠳᠤᠷᠬᠠᠢ᠂ ᠭᠤᠣᠯᠳᠠᠯᠭ᠎ᠠ ᠳᠤᠪᠤᠶᠢᠮ᠎ᠠ ᠪᠣᠯᠬᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠰᠦᠯᠵᠢᠶ᠎ᠡ ᠶᠢ ᠪᠠᠶᠢᠭᠤᠯᠵᠤ᠂ ᠨᠢᠭᠡᠲᠦᠯᠲᠡᠢ ᠵᠢᠷᠤᠮᠵᠢᠭᠰᠠᠨ ᠪᠠᠷᠢᠮᠵᠢᠶ᠎ᠠ ᠶᠣᠰᠤᠭᠠᠷ ᠬᠢᠨᠠᠨ ᠰᠢᠨᠵᠢᠬᠦ ᠪᠠ ᠦᠨᠡᠯᠡᠯᠲᠡ ᠬᠢᠵᠦ᠂ ᠪᠦᠬᠦ ᠣᠷᠣᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠢ ᠪᠤᠰᠤᠳᠴᠢ᠂ ᠵᠥᠪ ᠣᠨᠣᠪᠴᠢᠲᠠᠢ ᠪᠠᠷ ᠲᠤᠰᠬᠠᠨ᠎ᠠ᠃      1. ᠠᠭᠠᠷ ᠤᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠰᠦᠯᠵᠢᠶ᠎ᠡ᠃ ᠬᠤᠰᠢᠭᠤ ᠰᠢᠶᠠᠨ ᠤ ᠲᠡᠭᠦᠷᠭᠡ ᠪᠠᠯᠭᠠᠰᠤ᠂ ᠪᠠᠶᠢᠭᠤᠯᠤᠮᠵᠢᠲᠦ ᠪᠠᠯᠭᠠᠰᠤ ᠵᠢᠴᠢ ᠲᠡᠭᠦᠨ ᠠᠴᠠ ᠳᠡᠭᠡᠭᠰᠢᠬᠢ ᠬᠤᠳᠠ ᠶᠢᠨ ᠪᠠᠶᠢᠭᠤᠯᠤᠬᠰᠠᠨ ᠲᠤᠭᠤᠷᠢᠭ᠂ ᠣᠷᠴᠢᠨ ᠲᠣᠭᠤᠷᠢᠨ ᠤ ᠠᠬᠤᠢ ᠪᠠᠶᠢᠳᠠᠯ᠂ ᠪᠣᠬᠢᠷᠳᠤᠭᠰᠠᠨ ᠨᠡᠪᠲᠡᠷᠡᠯ ᠵᠠᠮ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠴᠢᠬᠤᠯᠠ ᠵᠠᠮ ᠬᠠᠷᠢᠯᠴᠠᠭ᠎ᠠ ᠶᠢᠨ ᠰᠠᠭᠤᠷᠢ ᠪᠡᠯᠡᠳᠭᠡᠮᠵᠢ ᠵᠡᠷᠭᠡ ᠣᠷᠣᠨ ᠪᠦᠰᠡ ᠳᠤ ᠠᠭᠠᠷ ᠤᠨ ᠶᠠᠰᠤ ᠴᠢᠨᠠᠷ ᠢ ᠬᠢᠨᠠᠨ ᠰᠢᠨᠵᠢᠬᠦ ᠴᠢᠬ ᠣᠷᠣᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠬᠤᠲᠠ᠂ ᠣᠷᠣᠨ ᠪᠦᠰᠡ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ ᠰᠢᠨᠵᠢᠬᠦ ᠪᠠ ᠤᠷᠢᠳᠴᠢᠯᠠᠨ ᠮᠡᠳᠡᠭᠦᠯᠵᠦ ᠰᠡᠷᠡᠮᠵᠢᠯᠡᠭᠦᠯᠬᠦ ᠠᠵᠢᠯ ᠢ ᠦᠷᠨᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠦᠪᠦᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶      2. ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠰᠦᠯᠵᠢᠶ᠎ᠡ᠃ ᠭᠤᠣᠯ ᠮᠦᠷᠡᠨ᠂ ᠨᠠᠭᠤᠷ ᠴᠦᠬᠦᠷᠦᠮ᠂ ᠲᠦᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ᠂ ᠬᠦᠷᠦᠰᠦᠨ ᠳᠣᠣᠷᠠᠬᠢ ᠤᠰᠤᠨ ᠤ ᠪᠣᠬᠢᠷᠳᠤᠯ ᠤᠨ ᠶᠡᠭᠡ ᠲᠥᠭᠰᠢᠭᠦᠷᠢ ᠶᠢᠨ ᠣᠷᠣᠨ ᠵᠡᠷᠭᠡ ᠣᠷᠣᠨ ᠪᠦᠰᠡ ᠳᠤ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠴᠢᠬ ᠣᠷᠣᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠪᠣᠬᠢᠷᠳᠤᠯ ᠤᠨ ᠣᠨᠴᠠᠯᠢᠭ ᠲᠤ ᠴᠢᠭᠯᠡᠭᠦᠯᠦᠨ ᠬᠢᠨᠠᠨ ᠰᠢᠨᠵᠢᠬᠦ ᠡᠯᠧᠮᠧᠨ᠋ᠲ ᠢ ᠨᠡᠮᠡᠭᠳᠡᠭᠦᠯᠦᠨ᠂ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ᠂ ᠲᠦᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠵᠡᠷᠭᠡ ᠶᠢ ᠬᠢᠨᠠᠨ ᠰᠢᠨᠵᠢᠬᠦ ᠵᠢᠴᠢ ᠤᠰᠤᠨ ᠤ ᠣᠷᠴᠢᠨ ᠲᠣᠭᠤᠷᠢᠨ ᠯᠤᠭ᠎ᠠ ᠬᠠᠮᠢᠶ᠎ᠠ ᠪᠦᠬᠦᠢ ᠠᠮᠢ ᠠᠬᠤᠢ ᠶᠢᠨ ᠭᠦᠢᠴᠡᠳᠭᠡᠯ ᠲᠤᠭ᠎ᠠ ᠶᠢ ᠦᠨᠡᠯᠡᠨ ᠵᠢᠱᠢᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠭᠢᠮ᠂ ᠣᠢ ᠰᠢᠭᠤᠢ ᠶᠢᠨ ᠲᠢᠩᠭᠢᠮ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶      3. ᠬᠦᠷᠦᠰᠦ ᠰᠢᠷᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠰᠦᠯᠵᠢᠶ᠎ᠡ᠃ ᠲᠠᠷᠢᠶᠠᠨ ᠭᠠᠵᠠᠷ᠂ ᠵᠦᠯᠭᠡ᠂ ᠵᠢᠮᠢᠰ ᠢᠳᠡᠰᠢᠨ ᠨᠣᠭᠤᠭ᠎ᠠ ᠲᠠᠷᠢᠬᠤ ᠰᠠᠭᠤᠷᠢᠨ ᠭᠠᠵᠠᠷ᠂ ᠲᠦᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ᠂ ᠤᠯᠤᠰ ᠠᠴᠠ ᠭᠤᠣᠯᠳᠠᠯᠭ᠎ᠠ ᠲᠠᠢ ᠬᠢᠨᠠᠨ ᠡᠵᠡᠮᠰᠢᠵᠦ ᠪᠦᠬᠦᠢ ᠠᠵᠤ ᠠᠬᠤᠶᠢᠯᠠᠯ ᠤᠨ ᠣᠶᠢᠷ᠎ᠠ ᠬᠠᠪᠢ᠂ ᠬᠠᠲᠠᠭᠤ ᠪᠡᠶᠡᠲᠦ ᠬᠠᠶᠠᠭᠳᠠᠮᠠᠯ ᠪᠤᠳᠠᠰ ᠠᠶᠤᠯᠲᠠᠢ ᠬᠠᠶᠠᠭᠳᠠᠮᠠᠯ ᠪᠤᠳᠠᠰ ᠢ ᠲᠦᠪᠯᠡᠷᠡᠭᠦᠯᠦᠨ ᠰᠢᠢᠳᠪᠦᠷᠢᠯᠡᠬᠦ ᠲᠠᠯᠠᠪᠠᠢ ᠭᠠᠵᠠᠷ ᠤᠨ ᠣᠶᠢᠷ᠎ᠠ ᠬᠠᠪᠢ᠂ ᠬᠡᠪᠴᠢᠶᠡᠵᠢᠭᠰᠡᠨ ᠮᠠᠯ ᠵᠢᠬᠦᠷᠳᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠣᠶᠢᠷ᠎ᠠ ᠬᠠᠪᠢ᠂ ᠴᠢᠯᠠᠭᠤᠨ ᠲᠤᠰᠤᠨ ᠤ ᠠᠢ ᠰᠠᠪᠠ ᠠᠭᠤᠷᠬᠠᠢ ᠶᠢᠨ ᠣᠷᠣᠨ ᠵᠢᠴᠢ ᠦᠩᠭᠡᠷᠡᠭᠰᠡᠨ ᠤ ᠪᠤᠬᠢᠷᠳᠤᠯ ᠤᠨ ᠣᠷᠣᠨ ᠵᠡᠷᠭᠡ ᠣᠷᠣᠨ ᠪᠦᠰᠡ ᠳᠤ ᠬᠢᠨᠠᠨ ᠰᠢᠨᠵᠢᠬᠦ ᠴᠢᠬ ᠣᠷᠣᠨ ᠢ ᠪᠠᠶᠢᠷᠢᠰᠢᠭᠤᠯᠵᠤ᠂ ᠬᠦᠷᠦᠰᠦ ᠰᠢᠷᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠪᠣᠯᠣᠨ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠤᠨ ᠪᠠᠶᠢᠳᠠᠯ ᠳᠤ ᠬᠦᠷᠦᠰᠦ ᠰᠢᠷᠤᠢ ᠶᠢ ᠬᠢᠨᠠᠨ ᠰᠢᠨᠵᠢᠬᠦ ᠵᠢᠴᠢ ᠬᠦᠷᠦᠰᠦ ᠰᠢᠷᠤᠢ ᠶᠢᠨ ᠣᠷᠴᠢᠨ ᠲᠣᠭᠤᠷᠢᠨ ᠯᠤᠭ᠎ᠠ ᠬᠠᠮᠢᠶ᠎ᠠ ᠪᠦᠬᠦᠢ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠡᠯᠡᠨ ᠵᠢᠱᠢᠬᠦ ᠶᠢ ᠪᠦᠬᠦ ᠲᠠᠯ᠎ᠠ ᠪᠠᠷ ᠦᠷᠨᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠣᠢ ᠰᠢᠭᠤᠢ ᠶᠢᠨ ᠲᠢᠩᠭᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶      4. ᠲᠠᠭᠤ ᠱᠤᠤᠬᠢᠶᠠᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠰᠦᠯᠵᠢᠶ᠎ᠡ᠃ ᠬᠤᠳᠠ ᠶᠢᠨ ᠪᠠᠶᠢᠭᠤᠯᠤᠬᠰᠠᠨ ᠲᠤᠭᠤᠷᠢᠭ ᠢ ᠪᠦᠷᠢᠨ ᠪᠦᠷᠬᠦᠭᠰᠡᠨ ᠣᠷᠣᠨ ᠪᠦᠰᠡ ᠳᠠᠬᠢ ᠲᠠᠭᠤ ᠶᠢᠨ ᠣᠷᠴᠢᠨ ᠲᠣᠭᠤᠷᠢᠨ᠂ ᠴᠢᠳᠠᠮᠵᠢᠲᠦ ᠣᠷᠣᠨ ᠳᠠᠬᠢ ᠲᠠᠭᠤ ᠶᠢᠨ ᠣᠷᠴᠢᠨ ᠲᠣᠭᠤᠷᠢᠨ᠂ ᠵᠠᠮ ᠬᠠᠷᠢᠯᠴᠠᠭ᠎ᠠ ᠳᠠᠬᠢ ᠲᠠᠭᠤ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠴᠡᠭ ᠢ ᠪᠠᠶᠢᠭᠤᠯᠵᠤ᠂ ᠣᠷᠣᠨ ᠪᠦᠰᠡ ᠳᠠᠬᠢ ᠲᠠᠭᠤ ᠶᠢᠨ ᠣᠷᠴᠢᠨ ᠲᠣᠭᠤᠷᠢᠨ᠂ ᠴᠢᠳᠠᠮᠵᠢᠲᠦ ᠣᠷᠣᠨ ᠳᠠᠬᠢ ᠲᠠᠭᠤ ᠶᠢᠨ ᠣᠷᠴᠢᠨ ᠲᠣᠭᠤᠷᠢᠨ᠂ ᠵᠠᠮ ᠬᠠᠷᠢᠯᠴᠠᠭ᠎ᠠ ᠳᠠᠬᠢ ᠲᠠᠭᠤ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠪᠠ ᠦᠨᠡᠯᠡᠨ ᠵᠢᠱᠢᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠳᠤᠲᠤᠭᠠᠲᠤ ᠶᠢ ᠬᠠᠮᠠᠭᠠᠯᠠᠬᠤ ᠲᠢᠩᠭᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠬᠠᠮᠵᠢᠯᠴᠠᠨ᠎ᠠ︶      5. ᠰᠠᠴᠤᠷᠠᠯᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠰᠦᠯᠵᠢᠶ᠎ᠡ᠃ ᠬᠤᠰᠢᠭᠤ ᠰᠢᠶᠠᠨ ᠬᠤᠲᠠ ᠪᠠᠯᠭᠠᠰᠤ ᠵᠢᠴᠢ ᠲᠡᠭᠦᠨ ᠠᠴᠠ ᠳᠡᠭᠡᠭᠰᠢᠬᠢ ᠬᠤᠳᠠ ᠶᠢᠨ ᠪᠠᠶᠢᠭᠤᠯᠤᠬᠰᠠᠨ ᠲᠤᠭᠤᠷᠢᠭ᠂ ᠭᠤᠣᠯᠳᠠᠯᠭ᠎ᠠ ᠲᠠᠢ ᠰᠠᠪᠠ ᠭᠠᠵᠠᠷ᠂ ᠲᠦᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ᠂ ᠴᠦᠮ᠎ᠡ ᠶᠢᠨ ᠲᠦᠯᠡᠰᠢ ᠶᠢᠨ ᠰᠠᠭᠤᠷᠢᠨ ᠭᠠᠵᠠᠷ᠂ ᠳᠠᠭᠠᠯᠲᠠ ᠠᠭᠤᠷᠬᠠᠢ᠂ ᠦᠷᠠᠨ ᠤ ᠠᠭᠤᠷᠬᠠᠢ᠂ ᠴᠢᠬᠤᠯᠠ ᠬᠢᠯᠢ ᠶᠢᠨ ᠪᠤᠭᠤᠮᠲᠠ ᠵᠡᠷᠭᠡ ᠣᠷᠣᠨ ᠪᠦᠰᠡ ᠳᠤ ᠬᠢᠨᠠᠨ ᠰᠢᠨᠵᠢᠬᠦ ᠴᠢᠬ ᠣᠷᠣᠨ ᠢ ᠪᠠᠶᠢᠷᠢᠰᠢᠭᠤᠯᠵᠤ᠂ ᠠᠭᠠᠷ᠂ ᠬᠦᠷᠦᠰᠦ ᠰᠢᠷᠤᠢ᠂ ᠭᠠᠵᠠᠷ ᠳᠡᠭᠡᠷᠡᠬᠢ ᠤᠰᠤ᠂ ᠬᠦᠷᠦᠰᠦᠨ ᠳᠣᠣᠷᠠᠬᠢ ᠤᠰᠤ᠂ ᠠᠮᠢᠳᠤ ᠪᠤᠳᠠᠰ ᠵᠡᠷᠭᠡ ᠣᠷᠴᠢᠨ ᠲᠣᠭᠤᠷᠢᠨ ᠤ ᠬᠦᠴᠦᠨ ᠵᠦᠢᠯ ᠤᠨ ᠰᠠᠴᠤᠷᠠᠯᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠪᠠ ᠦᠨᠡᠯᠡᠨ ᠵᠢᠱᠢᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠤᠰᠤᠨ ᠠᠰᠢᠭᠯᠠᠯᠲᠠ ᠶᠢᠨ ᠲᠢᠩᠭᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶      ︵ᠬᠤᠶᠠᠷ︶ ᠣᠭᠲᠠᠷᠭᠤᠢ ᠭᠠᠵᠠᠷ ᠢ ᠨᠢᠭᠡ ᠴᠣᠭᠴᠠᠵᠢᠭᠤᠯᠤᠭᠰᠠᠨ ᠠᠮᠢ ᠠᠬᠤᠢ ᠶᠢ ᠬᠢᠨᠠᠨ ᠰᠢᠨᠵᠢᠬᠦ ᠰᠢᠰᠲ᠋ᠧᠮ ᠢ ᠪᠠᠶᠢᠭᠤᠯᠤᠨ᠎ᠠ᠃      ᠣᠳᠣ ᠶᠢᠨ ᠪᠠᠶᠢᠭ᠎ᠠ ᠭᠠᠵᠠᠷ ᠳᠡᠭᠡᠷᠡᠬᠢ ᠬᠢᠨᠠᠨ ᠰᠢᠨᠵᠢᠬᠦ ᠬᠤᠪᠢᠶᠠᠷᠢ ᠥᠷᠲᠡᠭᠡ ᠶᠢᠨ ᠰᠠᠭᠤᠷᠢᠨ ᠳᠡᠭᠡᠷ᠎ᠡ᠂ ᠬᠢᠨᠠᠨ ᠰᠢᠨᠵᠢᠬᠦ ᠴᠢᠬ ᠣᠷᠣᠨ ᠢ ᠲᠣᠬᠢᠷᠠᠭᠤᠯᠤᠨ ᠨᠦᠬᠦᠪᠦᠷᠢᠯᠡᠵᠦ᠂ ᠠᠮᠢ ᠠᠬᠤᠢ ᠶᠢᠨ ᠭᠠᠵᠠᠷ ᠳᠡᠭᠡᠷᠡᠬᠢ ᠬᠢᠨᠠᠨ ᠰᠢᠨᠵᠢᠬᠦ ᠬᠡᠪᠴᠢᠶ᠎ᠡ ᠶᠢ ᠥᠷᠭᠡᠳᠭᠡᠨ᠂ ᠦᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠰᠢᠰᠲ᠋ᠧᠮ ᠤᠨ ᠬᠢᠨᠠᠨ ᠰᠢᠨᠵᠢᠬᠦ ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠳᠠᠭᠠᠭᠤᠯᠢ ᠤᠳᠤᠨ ᠤ ᠠᠯᠤᠰ ᠮᠡᠳᠡᠷᠡᠮᠵᠢ᠂ ᠵᠢᠯᠤᠭᠤᠴᠢ ᠦᠭᠡᠢ ᠨᠢᠰᠬᠡᠯ ᠪᠠ ᠬᠠᠷᠠᠭᠠᠨ ᠳᠠᠪᠳᠠᠮᠵᠢ ᠪᠠᠷ ᠬᠢᠨᠠᠨ ᠡᠵᠡᠮᠳᠡᠬᠦ ᠵᠡᠷᠭᠡ ᠮᠡᠷᠭᠡᠵᠢᠯ ᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠳᠤᠮᠳᠠᠬᠢ ᠬᠡᠷᠡᠭᠯᠡᠬᠦ ᠶᠢ ᠴᠢᠩᠭᠠᠳᠬᠠᠵᠤ᠂ ᠣᠭᠲᠠᠷᠭᠤᠢ ᠭᠠᠵᠠᠷ ᠢ ᠨᠢᠭᠡ ᠴᠤᠭᠴᠠᠵᠢᠭᠤᠯᠭ᠍ᠰᠠᠨ ᠠᠮᠢ ᠠᠬᠤᠢ ᠶᠢᠨ ᠠᠯᠤᠰ ᠮᠡᠳᠡᠷᠡᠮᠵᠢ ᠪᠠᠷ ᠬᠢᠨᠠᠨ ᠰᠢᠨᠵᠢᠬᠦ ᠰᠢᠰᠲ᠋ᠧᠮ ᠢ ᠪᠠᠶᠢᠭᠤᠯᠬᠤ ᠬᠡᠷᠡᠭᠲᠡᠢ᠃ ᠴᠢᠬᠤᠯᠠ ᠠᠮᠢ ᠠᠬᠤᠢ ᠶᠢᠨ ᠴᠢᠳᠠᠮᠵᠢᠲᠦ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠶᠡᠭᠡ ᠬᠡᠪᠴᠢᠶ᠎ᠡ ᠪᠠᠷ᠂ ᠡᠳᠦᠷ ᠲᠣᠵᠢ ᠬᠢᠨᠠᠨ ᠰᠢᠨᠵᠢᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠴᠢᠬᠤᠯᠠ ᠠᠮᠢ ᠠᠬᠤᠢ ᠶᠢᠨ ᠴᠢᠳᠠᠮᠵᠢᠲᠦ ᠣᠷᠣᠨ ᠤ ᠠᠮᠢ ᠠᠬᠤᠢ ᠶᠢᠨ ᠪᠠᠶᠢᠳᠠᠯ ᠵᠢᠴᠢ ᠬᠤᠪᠢᠷᠠᠯᠲᠠ ᠶᠢᠨ ᠬᠠᠨᠳᠤᠰᠢ ᠶᠢ ᠨᠢ ᠣᠨᠣᠪᠴᠢᠲᠠᠢ ᠡᠵᠡᠮᠰᠢᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠣᠢ ᠰᠢᠭᠤᠢ ᠶᠢᠨ ᠲᠢᠩᠭᠢᠮ᠂ ᠤᠰᠤᠨ ᠠᠰᠢᠭᠯᠠᠯᠲᠠ ᠶᠢᠨ ᠲᠢᠩᠭᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ᠂ ᠦᠪᠦᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶      ︵ᠭᠤᠷᠪᠠ︶ ᠰᠢᠨᠵᠢᠯᠲᠡ ᠬᠠᠮᠢᠶᠠᠷᠤᠯᠲᠠ ᠶᠢ ᠬᠠᠮᠵᠢᠯᠴᠠᠭᠤᠯᠤᠭᠰᠠᠨ ᠪᠣᠬᠢᠷᠳᠤᠯ ᠤᠨ ᠢᠷᠡᠯᠲᠡ ᠶᠢ ᠬᠢᠨᠠᠨ ᠰᠢᠨᠵᠢᠬᠦ ᠳᠦᠷᠢᠮ ᠢ ᠪᠠᠶᠢᠭᠤᠯᠤᠨ᠎ᠠ᠃      ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠤᠨ ᠲᠣᠭᠲᠠᠭᠠᠭᠰᠠᠨ ᠭᠤᠣᠯᠳᠠᠯᠭ᠎ᠠ ᠲᠠᠢ ᠪᠤᠬᠢᠷᠳᠤᠯ ᠭᠠᠳᠠᠭᠰᠢᠯᠠᠭᠤᠯᠬᠤ ᠨᠢᠭᠡᠴᠡ ᠨᠢ ᠪᠤᠬᠢᠷᠳᠤᠯ ᠪᠤᠳᠠᠰ ᠭᠠᠳᠠᠭᠰᠢᠯᠠᠭᠤᠯᠬᠤ ᠶᠢ ᠦᠪᠡᠰᠦᠪᠡᠨ ᠬᠢᠨᠠᠨ ᠰᠢᠨᠵᠢᠬᠦ ᠪᠠ ᠮᠡᠳᠡᠭᠡ ᠵᠠᠩᠭᠢ ᠶᠢ ᠢᠯᠡ ᠪᠣᠯᠭᠠᠬᠤ ᠶᠢᠨ ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ ᠪᠠᠨ ᠬᠠᠤᠯᠢ ᠶᠤᠰᠤᠭᠠᠷ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠰᠢᠯᠠᠭᠤᠯᠬᠤ ᠪᠠᠷᠢᠮᠵᠢᠶ᠎ᠠ ᠪᠣᠯᠣᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠢᠨᠠᠨ ᠰᠢᠨᠵᠢᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ᠦᠪᠡᠰᠦᠪᠡᠨ ᠬᠢᠨᠠᠨ ᠰᠢᠨᠵᠢᠭᠰᠡᠨ ᠮᠡᠳᠡᠭᠡ ᠵᠠᠩᠭᠢ ᠶᠢ ᠴᠠᠭ ᠲᠣᠬᠠᠢ ᠳᠤᠨᠢ ᠢᠯᠡ ᠪᠣᠯᠭᠠᠬᠤ ᠬᠡᠷᠡᠭᠲᠡᠢ᠃ ᠭᠤᠣᠯᠳᠠᠯᠭ᠎ᠠ ᠲᠠᠢ ᠪᠤᠬᠢᠷᠳᠤᠯ ᠭᠠᠳᠠᠭᠰᠢᠯᠠᠭᠤᠯᠬᠤ ᠨᠢᠭᠡᠴᠡ ᠨᠢ ᠤᠯᠤᠰ ᠪᠠ ᠦᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠤᠰᠤᠭᠠᠷ ᠪᠤᠬᠢᠷᠳᠤᠯ ᠪᠤᠳᠠᠰ ᠭᠠᠳᠠᠭᠰᠢᠯᠠᠭᠤᠯᠬᠤ ᠶᠢ ᠰᠦᠯᠵᠢᠶ᠎ᠡ ᠪᠠᠷ ᠬᠢᠨᠠᠨ ᠰᠢᠨᠵᠢᠬᠦ ᠲᠥᠭᠦᠭᠡᠷᠦᠮᠵᠢ ᠶᠢ ᠤᠭᠰᠠᠷᠠᠬᠤ ᠶᠢᠨ ᠬᠠᠮᠲᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠲᠠᠢ ᠰᠦᠯᠵᠢᠶ᠎ᠡ ᠨᠡᠪᠲᠡᠷᠡᠵᠦ᠂ ᠠᠦ᠋ᠲ᠋ᠣ᠋ ᠪᠠᠷ ᠬᠢᠨᠠᠨ ᠰᠢᠨᠵᠢᠬᠦ ᠲᠦᠭᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠪᠠ ᠠᠦ᠋ᠲ᠋ᠣ᠋ ᠪᠠᠷ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢᠨ ᠦᠨᠡᠨ ᠪᠣᠲᠠᠲᠠᠢ ᠪᠠᠶᠢᠬᠤ ᠶᠢ ᠦᠨᠡᠨᠬᠦ ᠪᠠᠲᠤᠯᠠᠨ᠎ᠠ᠃ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠤᠳ ᠭᠤᠣᠯᠳᠠᠯᠭ᠎ᠠ ᠲᠠᠢ ᠪᠤᠬᠢᠷᠳᠤᠯ ᠭᠠᠳᠠᠭᠰᠢᠯᠠᠭᠤᠯᠬᠤ ᠨᠢᠭᠡᠴᠡ ᠶᠢᠨ ᠬᠢᠨᠠᠯᠲᠠ ᠲᠠᠯᠪᠢᠬᠤ ᠴᠢᠨᠠᠷᠲᠠᠢ ᠪᠠᠷ ᠬᠢᠨᠠᠨ ᠰᠢᠨᠵᠢᠬᠦ ᠪᠠ ᠬᠠᠷᠢᠴᠠᠭᠤᠯᠤᠨ ᠬᠢᠨᠠᠨ ᠰᠢᠨᠵᠢᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠪᠤᠬᠢᠷᠳᠤᠯ ᠭᠠᠳᠠᠭᠰᠢᠯᠠᠭᠤᠯᠬᠤ ᠨᠢᠭᠡᠴᠡ ᠶᠢᠨ ᠬᠢᠨᠠᠯᠲᠠ ᠲᠠᠯᠪᠢᠬᠤ ᠴᠢᠨᠠᠷᠲᠠᠢ ᠪᠠᠷ ᠬᠢᠨᠠᠨ ᠰᠢᠨᠵᠢᠬᠦ᠂ ᠬᠠᠷᠢᠴᠠᠭᠤᠯᠤᠨ ᠬᠢᠨᠠᠨ ᠰᠢᠨᠵᠢᠬᠦ ᠪᠠ ᠬᠢᠨᠠᠨ ᠰᠢᠨᠵᠢᠭᠰᠡᠨ ᠮᠡᠳᠡᠭᠡ ᠵᠠᠩᠭᠢ ᠶᠢ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠡᠪᠵᠢᠭᠦᠯᠦᠭᠰᠡᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠣᠯᠠᠨ ᠡᠬᠢᠲᠦ᠂ ᠨᠡᠭᠦᠳᠡᠯ ᠢᠷᠡᠯᠲᠡ ᠵᠡᠷᠭᠡ ᠶᠢ ᠨᠢ ᠬᠢᠨᠠᠨ ᠰᠢᠨᠵᠢᠬᠦ ᠪᠠ ᠪᠦᠷᠢᠳᠭᠡᠬᠦ ᠠᠵᠢᠯ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠬᠠᠷᠢᠭᠤᠴᠠᠨ᠎ᠠ︶      ᠳᠥᠷᠪᠡ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢ ᠪᠦᠬᠦ ᠣᠷᠣᠨ ᠳᠤ ᠰᠦᠯᠵᠢᠶᠡᠵᠢᠭᠦᠯᠦᠨ ᠨᠢᠭᠡᠳᠭᠡᠨ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ      ︵ᠨᠢᠭᠡ︶ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠲᠤᠮᠤ ᠳ᠋ᠠᠶᠢᠲ᠋ᠠ ᠶᠢᠨ ᠪᠦᠬᠦ ᠣᠷᠣᠨ ᠤ ᠨᠢᠭᠡᠲᠦᠯᠲᠡᠢ ᠬᠠᠮᠢᠶᠠᠷᠤᠯᠲᠠ ᠶᠢᠨ ᠬᠡᠷᠡᠭᠯᠡᠭᠡᠨ ᠤ ᠲᠡᠪᠴᠡᠩ ᠢ ᠪᠠᠶᠢᠭᠤᠯᠤᠨ᠎ᠠ᠃      ︽ᠪᠠᠷᠢᠮᠵᠢᠶ᠎ᠠ ᠶᠢ ᠨᠢᠭᠡᠳᠭᠡᠬᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠳᠣᠲᠤᠭᠠᠲᠤ ᠳᠠᠭᠠᠨ ᠡᠮᠬᠢᠯᠡᠨ ᠨᠡᠶᠢᠯᠡᠬᠦᠯᠵᠦ ᠭᠠᠳᠠᠬᠰᠢ ᠪᠠᠨ ᠬᠤᠯᠪᠣᠭᠠᠯᠠᠬᠤ︾ ᠵᠠᠷᠴᠢᠮ ᠶᠣᠰᠤᠭᠠᠷ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠭᠰᠡᠨ ᠮᠡᠳᠡᠭᠡ ᠵᠠᠩᠭᠢ ᠶᠢ ᠳᠠᠮᠵᠢᠭᠤᠯᠬᠤ ᠰᠦᠯᠵᠢᠶᠡᠨ ᠤ ᠪᠠᠶᠢᠭᠤᠯᠤᠯᠲᠠ ᠶᠢ ᠲᠦᠷᠭᠡᠳᠭᠡᠵᠦ᠂ ᠲᠤᠮᠤ ᠳ᠋ᠠᠶᠢᠲ᠋ᠠ᠂ ᠡᠭᠦᠯᠡᠨ ᠪᠤᠳᠤᠯᠲᠠ᠂ ᠢᠨᠲ᠋ᠧᠷ ᠰᠦᠯᠵᠢᠶ᠎ᠡ + ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠣᠯᠣᠭᠰᠠᠨ ᠣᠷᠴᠢᠨ ᠲᠣᠭᠤᠷᠢᠨ ᠤ ᠶᠠᠰᠤ ᠴᠢᠨᠠᠷ᠂ ᠪᠤᠷᠬᠢᠳᠤᠯ ᠤᠨ ᠢᠷᠡᠯᠲᠡ᠂ ᠠᠮᠢ ᠠᠬᠤᠢ ᠶᠢᠨ ᠪᠠᠶᠢᠳᠠᠯ ᠵᠡᠷᠭᠡ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠪᠠ ᠨᠢᠭᠡᠳᠭᠡᠵᠦ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠲᠤᠮᠤ ᠳ᠋ᠠᠶᠢᠲ᠋ᠠ ᠶᠢᠨ ᠪᠦᠬᠦ ᠣᠷᠣᠨ ᠤ ᠨᠢᠭᠡᠲᠦᠯᠲᠡᠢ ᠬᠠᠮᠢᠶᠠᠷᠤᠯᠲᠠ ᠶᠢᠨ ᠬᠡᠷᠡᠭᠯᠡᠭᠡᠨ ᠤ ᠲᠡᠪᠴᠡᠩ ᠢ ᠪᠠᠶᠢᠭᠤᠯᠬᠤ ᠶᠢᠨ ᠬᠠᠮᠲᠤ᠂ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠲᠤᠮᠤ ᠳ᠋ᠠᠶᠢᠲ᠋ᠠ ᠶᠢᠨ ᠲᠡᠪᠴᠡᠩ ᠯᠦᠭᠡ ᠵᠠᠯᠭᠠᠯᠳᠤᠭᠤᠯᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠬᠡᠷᠡᠭᠯᠡᠬᠦ ᠶᠢ ᠴᠢᠩᠭᠠᠳᠬᠠᠵᠤ᠂ ᠲᠤᠮᠤ ᠳ᠋ᠠᠶᠢᠲ᠋ᠠ ᠶᠢ ᠬᠤᠯᠪᠣᠭᠳᠠᠭᠤᠯᠤᠨ ᠵᠠᠳᠠᠯᠬᠤ ᠶᠢ ᠦᠷᠨᠢᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠢᠳᠪᠦᠷᠢᠲᠦ ᠪᠣᠳᠤᠯᠭ᠎ᠠ ᠲᠣᠭᠲᠠᠭᠠᠬᠤ᠂ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠨ᠎ᠠ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠭᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ᠂ ᠤᠰᠤᠨ ᠠᠰᠢᠭᠯᠠᠯᠲᠠ ᠶᠢᠨ ᠲᠢᠩᠭᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠣᠢ ᠰᠢᠭᠤᠢ ᠶᠢᠨ ᠲᠢᠩᠭᠢᠮ᠂ ᠳᠣᠲᠤᠭᠠᠲᠤ ᠶᠢ ᠬᠠᠮᠠᠭᠠᠯᠠᠬᠤ ᠲᠢᠩᠭᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠦᠪᠦᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶      ︵ᠬᠤᠶᠠᠷ︶ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢ ᠨᠢᠭᠡᠳᠭᠡᠨ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠎ᠠ᠃      ᠦᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠲᠤᠮᠤ ᠳ᠋ᠠᠶᠢᠲ᠋ᠠ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠲᠡᠪᠴᠡᠩ ᠳᠤ ᠲᠦᠰᠢᠭᠯᠡᠵᠦ᠂ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠭᠰᠡᠨ ᠲᠤᠭ᠎ᠠ ᠪᠠᠷᠢᠮᠲᠠ ᠪᠠᠨ ᠪᠦᠲᠦᠮᠵᠢᠲᠡᠢ ᠬᠤᠷᠢᠶᠠᠩᠭᠤᠶᠢᠯᠠᠬᠤ ᠪᠠ ᠬᠠᠮᠲᠤᠪᠠᠷ ᠬᠤᠯᠪᠤᠭᠠᠯᠠᠨ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠎ᠠ᠃ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠠᠰᠢᠭᠯᠠᠯᠲᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠢ᠂ ᠣᠢ ᠰᠢᠭᠤᠢ᠂ ᠴᠠᠭ ᠠᠭᠤᠷ ᠵᠡᠷᠭᠡ ᠰᠠᠯᠠᠭ᠎ᠠ ᠮᠦᠴᠢᠷ ᠨᠢ ᠣᠯᠣᠭᠰᠠᠨ ᠣᠷᠴᠢᠨ ᠲᠣᠭᠤᠷᠢᠨ ᠤ ᠶᠠᠰᠤ ᠴᠢᠨᠠᠷ᠂ ᠪᠤᠬᠢᠷᠳᠤᠯ ᠤᠨ ᠢᠷᠡᠯᠲᠡ᠂ ᠠᠮᠢ ᠠᠬᠤᠢ ᠶᠢᠨ ᠪᠠᠶᠢᠳᠠᠯ ᠢ ᠬᠢᠨᠠᠨ ᠰᠢᠨᠵᠢᠭᠰᠡᠨ ᠲᠤᠭ᠎ᠠ ᠪᠠᠷᠢᠮᠲᠠ ᠪᠠᠨ ᠪᠦᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠰᠢᠨᠵᠢᠬᠦ ᠲᠤᠮᠤ ᠳ᠋ᠠᠶᠢᠲ᠋ᠠ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠲᠡᠪᠴᠡᠩ ᠳᠡᠭᠡᠷ᠎ᠡ ᠨᠢᠭᠡᠲᠦᠯᠲᠡᠢ ᠭᠠᠷᠭᠠᠵᠤ᠂ ᠪᠦᠬᠦ ᠤᠷᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠭᠰᠡᠨ ᠮᠡᠳᠡᠭᠡ ᠵᠠᠩᠭᠢ ᠶᠢ ᠬᠤᠷᠢᠶᠠᠩᠭᠤᠢᠢᠯᠠᠨ ᠨᠡᠶᠢᠯᠡᠭᠦᠯᠵᠦ᠂ ᠨᠢᠭᠡᠲᠦᠯᠲᠡᠢ ᠪᠣᠯᠭᠠᠬᠤ ᠪᠠ ᠬᠠᠮᠲᠤᠪᠠᠷ ᠡᠳ᠋ᠯᠡᠨ ᠬᠡᠷᠡᠭᠯᠡᠬᠦ ᠶᠢ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠪᠤᠬᠢᠷᠳᠤᠯ ᠭᠠᠳᠠᠭᠰᠢᠯᠠᠭᠤᠯᠬᠤ ᠨᠢᠭᠡᠴᠡ ᠨᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠤᠨ ᠱᠠᠭᠠᠷᠳᠠᠯᠭ᠎ᠠ ᠶᠤᠰᠤᠭᠠᠷ ᠦᠪᠡᠰᠦᠪᠡᠨ ᠬᠢᠨᠠᠨ ᠰᠢᠨᠵᠢᠭᠰᠡᠨ ᠦᠷ᠎ᠡ ᠳ᠋ᠦᠩ ᠢᠶᠠᠨ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠲᠡᠪᠴᠡᠩ ᠳᠡᠭᠡᠷ᠎ᠡ ᠴᠠᠭ ᠲᠣᠬᠠᠢ ᠳᠤᠨᠢ ᠭᠠᠷᠭᠠᠨ᠎ᠠ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠭᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ᠂ ᠤᠰᠤᠨ ᠠᠰᠢᠭᠯᠠᠯᠲᠠ ᠶᠢᠨ ᠲᠢᠩᠭᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠣᠢ ᠰᠢᠭᠤᠢ ᠶᠢᠨ ᠲᠢᠩᠭᠢᠮ᠂ ᠳᠣᠲᠤᠭᠠᠲᠤ ᠶᠢ ᠬᠠᠮᠠᠭᠠᠯᠠᠬᠤ ᠲᠢᠩᠭᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠦᠪᠦᠷ ᠮᠤᠩᠭᠤᠯ ᠤᠨ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶      ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠭᠰᠡᠨ ᠮᠡᠳᠡᠭᠡ ᠵᠠᠩᠭᠢ ᠶᠢ ᠨᠢᠭᠡᠲᠦᠯᠲᠡᠢ ᠨᠡᠶᠢᠲᠡᠯᠡᠨ᠎ᠡ᠃      ᠤᠯᠤᠰ ᠤᠨ ᠱᠠᠭᠠᠷᠳᠠᠯᠭ᠎ᠠ ᠶᠤᠰᠤᠭᠠᠷ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠭᠰᠡᠨ ᠮᠡᠳᠡᠭᠡ ᠵᠠᠩᠭᠢ ᠶᠢ ᠨᠡᠶᠢᠲᠡᠯᠡᠬᠦ ᠨᠢᠭᠡᠲᠦᠯᠲᠡᠢ ᠲᠣᠭᠲᠠᠴᠠ ᠶᠢ ᠪᠠᠶᠢᠭᠤᠯᠵᠤ᠂ ᠨᠡᠶᠢᠲᠡᠯᠡᠬᠦ ᠠᠭᠤᠯᠭ᠎ᠠ᠂ ᠴᠤᠪᠤᠷᠠᠯ᠂ ᠡᠷᠬᠡ ᠮᠡᠳᠡᠯ ᠂ ᠵᠠᠮ ᠮᠥᠷ ᠵᠡᠷᠭᠡ ᠶᠢ ᠵᠢᠷᠤᠮᠵᠢᠭᠤᠯᠤᠨ᠂ ᠣᠷᠴᠢᠨ ᠲᠣᠭᠤᠷᠢᠨ ᠤ ᠶᠠᠰᠤ ᠴᠢᠨᠠᠷ᠂ ᠭᠤᠣᠯᠳᠠᠯᠭ᠎ᠠ ᠲᠠᠢ ᠪᠤᠬᠢᠷᠳᠤᠯ ᠭᠠᠳᠠᠭᠰᠢᠯᠠᠭᠤᠯᠬᠤ ᠨᠢᠭᠡᠴᠡ ᠪᠠ ᠠᠮᠢ ᠠᠬᠤᠢ ᠶᠢᠨ ᠪᠠᠶᠢᠳᠠᠯ ᠤᠨ ᠬᠢᠨᠠᠨ ᠰᠢᠨᠵᠢᠭᠰᠡᠨ ᠮᠡᠳᠡᠭᠡ ᠵᠠᠩᠭᠢ ᠶᠢ ᠴᠠᠭ ᠲᠣᠬᠠᠢ ᠳᠤᠨᠢ ᠣᠨᠣᠪᠴᠢᠲᠠᠢ ᠨᠡᠶᠢᠲᠡᠯᠡᠵᠦ᠂ ᠵᠠᠰᠠᠭ ᠤᠨ ᠣᠷᠳᠤᠨ ᠤ ᠣᠷᠴᠢᠨ ᠲᠣᠭᠤᠷᠢᠨ ᠤ ᠮᠡᠳᠡᠭᠡ ᠵᠠᠩᠭᠢ ᠨᠡᠶᠢᠲᠡᠯᠡᠬᠦ ᠡᠷᠬᠡ ᠰᠦᠷᠲᠦ ᠴᠢᠨᠠᠷ ᠪᠠ ᠣᠯᠠᠨ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠨ᠎ᠠ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠭᠢᠮ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠭᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ᠂ ᠣᠢ ᠰᠢᠭᠤᠢ ᠶᠢᠨ ᠲᠢᠩᠭᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠦᠪᠦᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶      ᠲᠠᠪᠤ᠂ ᠠᠮᠢ ᠠᠬᠤᠢ ᠶᠢᠨ ᠣᠷᠴᠢᠨ ᠲᠣᠭᠤᠷᠢᠨ ᠤ ᠤᠷᠢᠳᠴᠢᠯᠠᠨ ᠮᠡᠳᠡᠭᠦᠯᠵᠦ ᠰᠡᠷᠡᠮᠵᠢᠯᠡᠭᠦᠯᠬᠦ ᠪᠠ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ      ︵ᠨᠢᠭᠡ︶ ᠣᠷᠴᠢᠨ ᠲᠣᠭᠤᠷᠢᠨ ᠤ ᠶᠠᠰᠤ ᠴᠢᠨᠠᠷ ᠢ ᠤᠷᠢᠳᠴᠢᠯᠡᠨ ᠮᠡᠳᠡᠭᠦᠯᠵᠦ ᠰᠡᠷᠡᠮᠵᠢᠯᠡᠭᠦᠯᠬᠦ ᠶᠢ ᠴᠢᠩᠭᠠᠳᠬᠠᠨ᠎ᠠ᠃      ᠬᠤᠲᠠ ᠶᠢᠨ ᠠᠭᠠᠷ ᠤᠨ ᠣᠷᠴᠢᠨ ᠲᠣᠭᠤᠷᠢᠨ ᠤ ᠶᠠᠰᠤ ᠴᠢᠨᠠᠷ ᠢ ᠤᠷᠢᠳᠴᠢᠯᠠᠨ ᠮᠡᠳᠡᠭᠦᠯᠵᠦ ᠰᠡᠷᠡᠮᠵᠢᠯᠡᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠪᠡᠷᠲᠡᠭᠡᠨ ᠵᠠᠰᠠᠬᠤ ᠣᠷᠣᠨ ᠢᠶᠠᠷ ᠶᠡᠷᠦᠩᠬᠡᠶᠢᠯᠡᠨ ᠵᠠᠬᠢᠷᠤᠭᠴᠢ᠂ ᠠᠶᠢᠮᠠᠭ ᠬᠤᠲᠠ ᠪᠠᠷ ᠨᠢᠷᠤᠭᠤᠪᠴᠢ ᠪᠤᠯᠭᠠᠭᠰᠠᠨ ᠠᠭᠠᠷ ᠤᠨ ᠣᠷᠴᠢᠨ ᠲᠣᠭᠤᠷᠢᠨ ᠤ ᠶᠠᠰᠤ ᠴᠢᠨᠠᠷ ᠢ ᠤᠷᠢᠳᠴᠢᠯᠡᠨ ᠮᠡᠳᠡᠭᠦᠯᠵᠦ ᠰᠡᠷᠡᠮᠵᠢᠯᠡᠭᠦᠯᠬᠦ ᠰᠢᠰᠲ᠋ᠧᠮᠵᠢ ᠶᠢ ᠠᠯᠬᠤᠮ ᠠᠯᠬᠤᠮ ᠢᠶᠠᠷ ᠪᠣᠢ ᠪᠣᠯᠭᠠᠨ᠎ᠠ᠃ ᠭᠤᠣᠯᠳᠠᠯᠭ᠎ᠠ ᠲᠠᠢ ᠭᠠᠵᠠᠷ ᠣᠷᠣᠨ ᠳᠤ ᠠᠭᠠᠷ ᠮᠠᠨᠳᠠᠯ ᠤᠨ ᠣᠯᠠᠨ ᠴᠢᠳᠠᠮᠵᠢᠲᠦ ᠣᠯᠠᠨ ᠪᠣᠯᠵᠣᠯᠲᠤ ᠲᠣᠭᠠᠨ ᠤ ᠬᠢᠨᠠᠨ ᠰᠢᠨᠵᠢᠬᠦ ᠥᠷᠲᠡᠭᠡ ᠶᠢ ᠪᠠᠶᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠪᠣᠬᠢᠷᠳᠤᠯ ᠤᠨ ᠢᠷᠡᠯᠲᠡ ᠶᠢ ᠮᠦᠷᠳᠡᠬᠦ ᠪᠠ ᠵᠠᠳᠠᠯᠤᠨ ᠰᠢᠨᠵᠢᠯᠡᠵᠦ᠂ ᠪᠣᠬᠢᠷᠳᠤᠯ ᠢ ᠰᠡᠷᠭᠡᠶᠢᠯᠡᠨ ᠵᠠᠰᠠᠬᠤ ᠶᠢᠨ ᠴᠢᠭᠯᠡᠭᠦᠯᠬᠦ ᠴᠢᠨᠠᠷ ᠢ ᠳᠡᠭᠡᠭᠰᠢᠯᠡᠭᠦᠯᠦᠨ᠎ᠡ᠃ ᠪᠤᠬᠢᠷᠳᠤᠯ ᠤᠨ ᠢᠷᠡᠯᠲᠡ ᠶᠢᠨ ᠲᠠᠷᠬᠠᠯᠲᠠ ᠪᠠ ᠰᠠᠪᠠ ᠭᠠᠵᠠᠷ ᠤᠨ ᠤᠰᠤᠨ ᠤ ᠴᠢᠨᠠᠷ ᠤᠨ ᠲᠥᠭᠰᠢᠭᠦᠷᠢ ᠲᠠᠢ ᠤᠶᠠᠯᠳᠤᠭᠤᠯᠤᠨ᠂ ᠤᠰᠤᠨ ᠤ ᠴᠢᠨᠠᠷ ᠢ ᠲᠦᠰᠦᠭᠡᠯᠡᠨ ᠰᠡᠷᠡᠮᠵᠢᠯᠡᠭᠦᠯᠬᠦ ᠵᠠᠭᠪᠤᠷ ᠢ ᠰᠤᠳᠤᠯᠤᠨ ᠪᠠᠶᠢᠭᠤᠯᠵᠤ᠂ ᠤᠰᠤᠨ ᠤ ᠴᠢᠨᠠᠷ ᠤᠨ ᠬᠤᠪᠢᠷᠠᠯᠲᠠ ᠶᠢᠨ ᠬᠠᠨᠳᠤᠰᠢ ᠶᠢ ᠲᠦᠰᠦᠭᠡᠯᠡᠬᠦ ᠪᠠ ᠲᠥᠭᠰᠢᠭᠦᠷᠢ ᠶᠢ ᠰᠡᠷᠡᠮᠵᠢᠯᠡᠭᠦᠯᠬᠦ ᠶᠢ ᠦᠷᠨᠢᠭᠦᠯᠦᠨ᠎ᠡ᠃ ᠭᠤᠣᠯᠳᠠᠯᠭ᠎ᠠ ᠲᠠᠢ ᠰᠠᠪᠠ ᠭᠠᠵᠠᠷ᠂ ᠴᠢᠬᠤᠯᠠ ᠲᠦᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ᠂ ᠭᠤᠣᠯᠳᠠᠯᠭ᠎ᠠ ᠲᠠᠢ ᠨᠠᠭᠤᠷ ᠴᠦᠬᠦᠷᠦᠮ ᠵᠡᠷᠭᠡ ᠴᠢᠬᠤᠯᠠ ᠠᠮᠢ ᠠᠬᠤᠢ ᠶᠢᠨ ᠴᠢᠳᠠᠮᠵᠢᠲᠦ ᠣᠷᠣᠨ ᠳᠤ ᠣᠯᠠᠨ ᠰᠠᠯᠠᠭ᠎ᠠ ᠮᠦᠴᠢᠷ ᠠᠴᠠ ᠣᠯᠠᠨ ᠪᠣᠯᠵᠤᠯᠲᠤ ᠲᠤᠭ᠎ᠠ᠂ ᠣᠯᠠᠨ ᠴᠢᠳᠠᠮᠵᠢ ᠲᠠᠢ ᠠᠦ᠋ᠲ᠋ᠣ᠋ ᠪᠠᠷ ᠬᠢᠨᠠᠨ ᠰᠢᠨᠵᠢᠬᠦ ᠥᠷᠲᠡᠭᠡ ᠴᠢᠬ ᠢ ᠬᠠᠮᠲᠤᠷᠠᠨ ᠪᠠᠶᠢᠭᠤᠯᠵᠤ᠂ ᠬᠢᠨᠠᠨ ᠰᠢᠨᠵᠢᠬᠦ ᠪᠠ ᠤᠷᠢᠳᠴᠢᠯᠡᠨ ᠮᠡᠳᠡᠭᠦᠯᠵᠦ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠤᠯᠤᠰ ᠤᠨ ᠬᠦᠷᠦᠰᠦ ᠰᠢᠷᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠥᠭᠰᠢᠭᠦᠷᠢ ᠶᠢ ᠦᠨᠡᠯᠡᠬᠦ ᠭᠦᠢᠴᠡᠳᠭᠡᠯ ᠲᠤᠭ᠎ᠠ ᠶᠢᠨ ᠰᠢᠰᠲ᠋ᠧᠮᠵᠢ ᠪᠣᠯᠣᠨ ᠬᠦᠷᠦᠰᠦ ᠰᠢᠷᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠥᠭᠰᠢᠭᠦᠷᠢ ᠶᠢ ᠢᠯᠭᠠᠬᠤ ᠰᠢᠰᠲ᠋ᠧᠮ ᠢ ᠦᠨᠳᠦᠰᠦᠯᠡᠨ᠂ ᠭᠤᠣᠯᠳᠠᠯᠭ᠎ᠠ ᠲᠠᠢ ᠬᠦᠷᠦᠰᠦ ᠰᠢᠷᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠥᠭᠰᠢᠭᠦᠷᠢ ᠶᠢᠨ ᠣᠷᠣᠨ ᠢ ᠲᠤᠳᠤᠯᠤᠨ ᠢᠯᠭᠠᠵᠤ᠂ ᠭᠤᠣᠯ ᠪᠣᠯᠬᠤ ᠪᠣᠬᠢᠷᠳᠤᠯ ᠤᠨ ᠭᠦᠢᠴᠡᠳᠭᠡᠯ ᠲᠤᠭ᠎ᠠ ᠶᠢ ᠲᠣᠭᠲᠠᠭᠠᠨ᠂ ᠬᠦᠷᠦᠰᠦ ᠰᠢᠷᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠥᠭᠰᠢᠭᠦᠷᠢ ᠶᠢ ᠰᠡᠷᠭᠡᠶᠢᠯᠡᠨ᠎ᠡ᠃ ᠭᠤᠣᠯᠳᠠᠯᠭ᠎ᠠ ᠲᠠᠢ ᠬᠢᠨᠠᠨ ᠬᠠᠮᠢᠶᠠᠷᠴᠤ ᠪᠦᠬᠦᠢ ᠴᠦᠮ᠎ᠡ ᠶᠢᠨ ᠪᠡᠯᠡᠳᠭᠡᠮᠵᠢ ᠶᠢᠨ ᠣᠶᠢᠷ᠎ᠠ ᠬᠠᠪᠢ ᠶᠢᠨ ᠭᠠᠵᠠᠷ ᠣᠷᠣᠨ ᠳᠤ ᠰᠠᠴᠤᠷᠠᠯᠲᠠ ᠶᠢᠨ ᠣᠷᠴᠢᠨ ᠲᠣᠭᠤᠷᠢᠨ ᠢ ᠠᠦ᠋ᠲ᠋ᠣ᠋ ᠪᠠᠷ ᠬᠢᠨᠠᠨ ᠰᠢᠨᠵᠢᠬᠦ ᠥᠷᠲᠡᠭᠡ ᠶᠢ ᠪᠠᠶᠢᠭᠤᠯᠵᠤ᠂ Ⅲ ᠲᠦᠷᠦᠯ ᠠᠴᠠ ᠳᠡᠭᠡᠭᠰᠢᠬᠢ ᠨᠡᠭᠦᠳᠡᠯ ᠰᠠᠴᠤᠷᠠᠭ ᠡᠭᠦᠰᠭᠡᠭᠴᠢ ᠶᠢᠨ ᠢᠷᠡᠯᠲᠡ ᠶᠢ ᠰᠦᠯᠵᠢᠶ᠎ᠡ ᠪᠠᠷ ᠬᠢᠨᠠᠨ ᠡᠵᠡᠮᠳᠡᠬᠦ ᠶᠢ ᠦᠷᠨᠢᠭᠦᠯᠦᠨ᠂ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠴᠦᠮ᠎ᠡ ᠬᠢᠭᠡᠳ ᠰᠠᠴᠤᠷᠠᠯᠲᠠ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠬᠢᠨᠠᠨ ᠰᠢᠨᠵᠢᠬᠦ ᠶᠢᠨ ᠰᠡᠷᠡᠮᠵᠢᠯᠡᠭᠦᠯᠬᠦ ᠵᠢᠯᠤᠭᠤᠳᠤᠯᠭ᠎ᠠ ᠶᠢᠨ ᠲᠡᠪᠴᠡᠩ ᠢ ᠪᠠᠶᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠤᠰᠤᠨ ᠠᠰᠢᠭᠯᠠᠯᠲᠠ ᠶᠢᠨ ᠲᠢᠩᠭᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠂ ᠣᠢ ᠰᠢᠭᠤᠢ ᠶᠢᠨ ᠲᠢᠩᠭᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠦᠪᠦᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶      ︵ᠬᠤᠶᠠᠷ︶ ᠪᠣᠬᠢᠷᠳᠤᠯ ᠤᠨ ᠢᠷᠡᠯᠲᠡ ᠶᠢᠨ ᠪᠤᠬᠢᠷᠳᠤᠯ ᠪᠤᠳᠠᠰ ᠭᠠᠳᠠᠭᠰᠢᠯᠠᠭᠤᠯᠬᠤ ᠲᠥᠭᠰᠢᠭᠦᠷᠢ ᠶᠢ ᠨᠢᠭᠲᠠ ᠬᠢᠨᠠᠨ ᠡᠵᠡᠮᠳᠡᠨ᠎ᠡ᠃      ᠭᠤᠣᠯᠳᠠᠯᠭ᠎ᠠ ᠲᠠᠢ ᠪᠣᠬᠢᠷᠳᠤᠯ ᠭᠠᠳᠠᠭᠰᠢᠯᠠᠭᠤᠯᠬᠤ ᠨᠢᠭᠡᠴᠡ ᠶᠢᠨ ᠪᠣᠬᠢᠷᠳᠤᠯ ᠭᠠᠳᠠᠭᠰᠢᠯᠠᠭᠤᠯᠬᠤ ᠶᠢ ᠠᠦ᠋ᠲ᠋ᠣ᠋ ᠪᠠᠷ ᠬᠢᠨᠠᠨ ᠰᠢᠨᠵᠢᠬᠦ ᠪᠠ ᠬᠡᠪ ᠤᠨ ᠪᠤᠰᠤ ᠪᠠᠶᠢᠳᠠᠯ ᠳᠤ ᠲᠥᠭᠰᠢᠭᠦᠷᠢ ᠮᠡᠳᠡᠭᠦᠯᠦᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠪᠤᠬᠢᠷᠳᠤᠯ ᠪᠤᠳᠠᠰ ᠢ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ᠂ ᠰᠦᠯᠵᠢᠶ᠎ᠡ ᠪᠠᠷ ᠬᠢᠨᠠᠨ ᠰᠢᠨᠵᠢᠬᠦ ᠲᠥᠭᠦᠭᠡᠷᠦᠮᠵᠢ ᠶᠢ ᠠᠵᠢᠯᠯᠠᠭᠤᠯᠬᠤ ᠪᠠ ᠴᠦᠮ᠎ᠡ ᠶᠢᠨ ᠴᠢᠬᠤᠯᠠ ᠪᠡᠯᠡᠳᠭᠡᠮᠵᠢ ᠶᠢᠨ ᠠᠰᠬᠠᠷᠠᠭᠰᠠᠨ ᠪᠤᠳᠠᠰ ᠨᠢ ᠬᠡᠪ ᠤᠨ ᠪᠤᠰᠤ ᠪᠠᠶᠢᠬᠤ ᠵᠡᠷᠭᠡ ᠮᠡᠳᠡᠭᠡ ᠵᠠᠩᠭᠢ ᠶᠢ ᠮᠦᠷᠳᠡᠬᠦ᠂ ᠡᠵᠡᠮᠰᠢᠬᠦ ᠪᠠ ᠲᠥᠭᠰᠢᠭᠦᠷᠢ ᠮᠡᠳᠡᠭᠦᠯᠦᠨ ᠰᠡᠷᠡᠮᠵᠢᠯᠡᠭᠦᠯᠬᠦ ᠴᠢᠳᠠᠪᠤᠷᠢ ᠵᠢᠴᠢ ᠠᠵᠤ ᠠᠬᠤᠶᠢᠯᠠᠯ ᠤᠨ ᠪᠤᠬᠢᠷᠳᠤᠯ ᠭᠠᠳᠠᠭᠰᠢᠯᠠᠭᠤᠯᠬᠤ ᠪᠠᠶᠢᠳᠠᠯ ᠢ ᠣᠶᠣᠨᠴᠢ ᠪᠠᠷ ᠬᠢᠨᠠᠨ ᠡᠵᠡᠮᠳᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠣᠬᠢᠷᠳᠤᠯ ᠤᠨ ᠢᠷᠡᠯᠲᠡ ᠶᠢᠨ ᠭᠠᠳᠠᠭᠰᠢᠯᠠᠭᠤᠯᠬᠤ ᠲᠥᠭᠰᠢᠭᠦᠷᠢ ᠶᠢ ᠴᠢᠩᠭ᠎ᠠ ᠬᠢᠨᠠᠨ ᠡᠵᠡᠮᠳᠡᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠦ᠋ᠲ᠋ᠣ᠋ ᠪᠠᠷ ᠬᠢᠨᠠᠨ ᠰᠢᠨᠵᠢᠬᠦ ᠪᠠ ᠰᠡᠷᠡᠮᠵᠢᠯᠡᠭᠦᠯᠵᠤ ᠤᠷᠢᠳᠴᠢᠯᠠᠨ ᠮᠡᠳᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠲᠥᠭᠰᠢᠭᠦᠷᠢ ᠶᠢ ᠰᠡᠷᠡᠮᠵᠢᠯᠡᠭᠦᠯᠬᠦ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠬᠠᠷᠢᠭᠤᠴᠠᠨ᠎ᠠ︶      ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠤ ᠲᠥᠭᠰᠢᠭᠦᠷᠢ ᠶᠢ ᠦᠨᠡᠯᠡᠨ ᠵᠢᠱᠢᠬᠦ ᠪᠠ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠦᠪᠡᠷᠲᠡᠭᠡᠨ ᠵᠠᠰᠠᠬᠤ ᠣᠷᠣᠨ ᠪᠠ ᠰᠢᠶᠠᠨ ᠤ ᠬᠡᠪᠴᠢᠶᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠣᠳᠣ ᠶᠢᠨ ᠪᠠᠶᠢᠳᠠᠯ ᠢ ᠪᠠᠶᠢᠴᠠᠭᠠᠬᠤ ᠪᠠ ᠦᠨᠡᠯᠡᠨ ᠵᠢᠱᠢᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠵᠦ᠂ ᠦᠪᠡᠷᠲᠡᠭᠡᠨ ᠵᠠᠰᠠᠬᠤ ᠣᠷᠣᠨ ᠪᠠ ᠰᠢᠶᠠᠨ ᠤ ᠬᠡᠪᠴᠢᠶᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠪᠠᠶᠢᠳᠠᠯ ᠵᠢᠴᠢ ᠬᠤᠪᠢᠷᠠᠯᠲᠠ ᠶᠢᠨ ᠬᠠᠨᠳᠤᠰᠢ ᠶᠢ ᠡᠵᠡᠮᠰᠢᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢᠨ ᠲᠡᠪᠴᠡᠩ ᠢ ᠪᠠᠶᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠴᠢᠬᠤᠯᠠ ᠠᠮᠢ ᠠᠬᠤᠢ ᠶᠢᠨ ᠴᠢᠳᠠᠮᠵᠢᠲᠦ ᠣᠷᠣᠨ ᠤ ᠳᠤᠲᠤᠷᠠᠬᠢ ᠬᠦᠮᠦᠨ ᠲᠦᠷᠦᠯᠬᠢᠲᠡᠨ ᠤ ᠬᠠᠷᠰᠢᠯᠠᠬᠤ᠂ ᠠᠮᠢ ᠠᠬᠤᠢ ᠶᠢ ᠡᠪᠳᠡᠬᠦ ᠵᠡᠷᠭᠡ ᠠᠵᠢᠯᠯᠠᠭ᠎ᠠ ᠶᠢ ᠬᠢᠨᠠᠨ ᠰᠢᠨᠵᠢᠬᠦ᠂ ᠦᠨᠡᠯᠡᠨ ᠵᠢᠱᠢᠬᠦ ᠪᠠ ᠰᠡᠷᠡᠮᠵᠢᠯᠡᠭᠦᠯᠦᠨ᠎ᠡ᠃ ᠬᠢᠮᠢ ᠶᠢᠨ ᠪᠤᠳᠠᠰ᠂ ᠳᠠᠭᠠᠭᠠᠮᠠᠭᠠᠢ ᠴᠢᠨᠠᠷᠲᠠᠢ ᠤᠷᠭᠠᠨᠢᠭ ᠪᠤᠬᠢᠷᠳᠤᠯ ᠪᠤᠳᠠᠰ᠂ ᠰᠢᠨ᠎ᠡ ᠬᠡᠯᠪᠡᠷᠢ ᠶᠢᠨ ᠣᠨᠴᠠᠯᠢᠭᠲᠤ ᠪᠤᠬᠢᠷᠳᠤᠯ ᠪᠤᠳᠠᠰ ᠵᠢᠴᠢ ᠠᠶᠤᠯᠲᠠᠢ ᠬᠠᠶᠠᠭᠳᠠᠮᠠᠯ ᠪᠤᠳᠠᠰ ᠵᠡᠷᠭᠡ ᠣᠷᠴᠢᠨ ᠲᠣᠭᠤᠷᠢᠨ ᠤ ᠲᠥᠭᠰᠢᠭᠦᠷᠢ ᠶᠢ ᠬᠢᠨᠠᠨ ᠰᠢᠨᠵᠢᠬᠦ ᠪᠠ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠡᠨᠡᠳᠲᠡ ᠶᠢᠨ ᠣᠷᠴᠢᠨ ᠲᠣᠭᠤᠷᠢᠨ ᠤ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠬᠢᠨᠠᠨ ᠰᠢᠨᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠤᠰᠤᠨ ᠠᠰᠢᠭᠯᠠᠯᠲᠠ ᠶᠢᠨ ᠲᠢᠩᠭᠢᠮ᠂ ᠣᠢ ᠰᠢᠭᠤᠢ ᠶᠢᠨ ᠲᠢᠩᠭᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶      ᠵᠢᠷᠭᠤᠭ᠎ᠠ᠂ ᠬᠠᠤᠯᠢ ᠶᠤᠰᠤᠭᠠᠷ ᠬᠠᠷᠢᠭᠤᠴᠠᠯᠭ᠎ᠠ ᠨᠡᠬᠡᠮᠵᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠪᠠ ᠬᠢᠨᠠᠨ ᠬᠠᠮᠢᠶᠠᠷᠬᠤ ᠶᠢᠨ ᠬᠠᠮᠲᠤᠷᠠᠨ ᠬᠦᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ      ︵ᠨᠢᠭᠡ︶ ᠠᠮᠢ ᠠᠬᠤᠢ ᠶᠢᠨ ᠣᠷᠴᠢᠨ ᠲᠣᠭᠤᠷᠢᠨ ᠢ ᠵᠡᠷᠭᠡᠪᠡᠷ ᠬᠢᠨᠠᠨ ᠰᠢᠨᠵᠢᠬᠦ ᠪᠠ ᠬᠠᠤᠯᠢ ᠬᠡᠷᠡᠭᠵᠢᠭᠦᠯᠬᠦ ᠶᠢ ᠦᠷᠨᠢᠭᠦᠯᠦᠨ᠎ᠡ᠃      ᠠᠭᠠᠷ ᠮᠠᠨᠳᠠᠯ᠂ ᠤᠰᠤ᠂ ᠬᠦᠷᠦᠰᠦ ᠰᠢᠷᠣᠢ ᠵᠢᠴᠢ ᠰᠠᠴᠤᠷᠠᠯᠲᠠ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠪᠠ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠤᠰᠤᠭᠠᠷ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠰᠦᠯᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠵᠦ᠂ ᠣᠷᠴᠢᠨ ᠲᠣᠭᠤᠷᠢᠨ ᠢ ᠬᠢᠨᠠᠨ ᠰᠢᠨᠵᠢᠬᠦ ᠶᠢᠨ ᠴᠢᠭᠯᠡᠭᠦᠯᠬᠦ ᠴᠢᠨᠠᠷ ᠪᠠ ᠪᠦᠲᠦᠮᠵᠢᠲᠦ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠣᠷᠴᠢᠨ ᠲᠣᠭᠤᠷᠢᠨ ᠤ ᠶᠠᠰᠤ ᠴᠢᠨᠠᠷ ᠪᠣᠯᠣᠨ ᠪᠤᠬᠢᠷᠳᠤᠯ ᠤᠨ ᠢᠷᠡᠯᠲᠡ ᠶᠢ ᠬᠢᠨᠠᠨ ᠰᠢᠨᠵᠢᠭᠰᠡᠨ ᠲᠤᠭ᠎ᠠ ᠪᠠᠷᠢᠮᠲᠠ ᠳᠤ ᠲᠦᠰᠢᠭᠯᠡᠨ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠶᠢ ᠦᠷᠨᠢᠭᠦᠯᠵᠦ᠂ ᠠᠳᠠᠯᠢ ᠱᠠᠲᠤᠨ ᠤ ᠬᠢᠨᠠᠨ ᠰᠢᠨᠵᠢᠬᠦ ᠪᠠᠶᠢᠭᠤᠯᠤᠮᠵᠢ ᠳᠤ ᠬᠠᠤᠯᠢ ᠬᠡᠷᠡᠭᠵᠢᠭᠦᠯᠦᠨ ᠪᠠᠶᠢᠴᠠᠭᠠᠯᠲᠠ ᠬᠢᠬᠦ ᠲᠦᠯᠦᠪᠯᠡᠭᠡ ᠪᠠᠨ ᠮᠡᠳᠡᠭᠡᠯᠡᠬᠦ ᠶᠢᠨ ᠬᠠᠮᠲᠤ᠂ ᠬᠠᠤᠯᠢ ᠬᠡᠷᠡᠭᠵᠢᠭᠦᠯᠦᠨ ᠪᠠᠶᠢᠴᠠᠭᠠᠯᠲᠠ ᠬᠢᠬᠦ ᠪᠠ ᠬᠢᠨᠠᠨ ᠰᠢᠨᠵᠢᠬᠦ ᠶᠢ ᠬᠠᠮᠲᠤᠷᠠᠨ ᠦᠷᠨᠢᠭᠦᠯᠦᠨ᠎ᠡ᠃ ᠬᠢᠨᠠᠨ ᠰᠢᠨᠵᠢᠬᠦ ᠪᠠ ᠬᠢᠨᠠᠨ ᠬᠠᠮᠢᠶᠠᠷᠤᠨ ᠬᠠᠤᠯᠢ ᠬᠡᠷᠡᠭᠵᠢᠭᠦᠯᠬᠦ ᠶᠢᠨ ᠬᠠᠮᠲᠤᠷᠠᠨ ᠬᠦᠳᠡᠯᠦᠯᠴᠡᠵᠦ ᠲᠥᠷᠭᠡᠨ ᠤᠷᠢᠶᠠᠯᠠᠨ ᠳᠠᠭᠠᠬᠤ ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠰᠢᠨᠵᠢᠭᠰᠡᠨ ᠲᠤᠭ᠎ᠠ ᠪᠠᠷᠢᠮᠲᠠ ᠨᠢ ᠬᠡᠪ ᠤᠨ ᠪᠤᠰᠤ ᠪᠠᠶᠢᠬᠤ ᠣᠷᠣᠨ ᠪᠦᠰᠡ ᠪᠠ ᠪᠣᠬᠢᠷᠳᠤᠯ ᠤᠨ ᠢᠷᠡᠯᠲᠡ ᠶᠢ ᠬᠢᠨᠠᠨ ᠰᠢᠨᠵᠢᠬᠦ ᠪᠠ ᠬᠠᠤᠯᠢ ᠬᠡᠷᠡᠭᠵᠢᠭᠦᠯᠬᠦ ᠤᠳᠠᠭ᠎ᠠ ᠲᠠᠷᠠᠭ᠎ᠠ ᠶᠢ ᠨᠡᠮᠡᠭᠳᠡᠭᠦᠯᠦᠨ᠂ ᠬᠡᠪ ᠤᠨ ᠪᠤᠰᠤ ᠪᠠᠶᠢᠳᠠᠯ ᠲᠠᠢ ᠬᠢᠨᠠᠨ ᠰᠢᠨᠵᠢᠭᠰᠡᠨ ᠲᠤᠭ᠎ᠠ ᠪᠠᠷᠢᠮᠲᠠ ᠪᠠ ᠠᠦ᠋ᠲ᠋ᠣ᠋ ᠪᠠᠷ ᠲᠥᠭᠰᠢᠭᠦᠷᠢ ᠮᠡᠳᠡᠭᠡᠯᠡᠭᠰᠡᠨ ᠮᠡᠳᠡᠭᠡ ᠵᠠᠩᠭᠢ ᠶᠢ ᠦᠨᠳᠦᠰᠦᠯᠡᠨ᠂ ᠲᠣᠬᠠᠢ ᠶᠢᠨ ᠭᠠᠵᠠᠷ ᠲᠤᠨᠢ ᠵᠡᠷᠭᠡᠪᠡᠷ ᠬᠢᠨᠠᠨ ᠰᠢᠨᠵᠢᠬᠦ ᠪᠠ ᠬᠠᠤᠯᠢ ᠬᠡᠷᠡᠭᠵᠢᠭᠦᠯᠬᠦ ᠶᠢ ᠪᠡᠶᠡᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠳᠤᠲᠤᠭᠠᠲᠤ ᠶᠢ ᠬᠠᠮᠠᠭᠠᠯᠠᠬᠤ ᠲᠢᠩᠭᠢᠮ ᠬᠠᠮᠵᠢᠯᠴᠠᠨ᠎ᠠ︶      ︵ᠬᠤᠶᠠᠷ︶ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃      ᠣᠷᠴᠢᠨ ᠲᠣᠭᠤᠷᠢᠨ ᠢ ᠬᠢᠨᠠᠨ ᠰᠢᠨᠵᠢᠬᠦ ᠪᠠᠶᠢᠭᠤᠯᠤᠮᠵᠢ ᠵᠢᠴᠢ ᠲᠥᠭᠦᠭᠡᠷᠦᠮᠵᠢ ᠶᠢᠨ ᠠᠵᠢᠯᠯᠠᠭᠤᠯᠵᠦ ᠬᠠᠮᠠᠭᠠᠯᠠᠬᠤ ᠪᠠᠶᠢᠭᠤᠯᠤᠮᠵᠢ ᠨᠢ ᠤᠯᠤᠰ ᠤᠨ ᠣᠷᠴᠢᠨ ᠲᠣᠭᠤᠷᠢᠨ ᠢ ᠬᠢᠨᠠᠨ ᠰᠢᠨᠵᠢᠬᠦ ᠨᠢᠭᠡᠲᠦᠯᠲᠡᠢ ᠬᠠᠤᠯᠢ ᠴᠠᠭᠠᠵᠠ᠂ ᠬᠠᠤᠯᠢ ᠲᠣᠭᠲᠠᠭᠠᠯ᠂ ᠮᠡᠷᠭᠡᠵᠢᠯ ᠤᠨ ᠵᠢᠷᠤᠮᠯᠡᠯ ᠪᠠ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠡᠵᠡᠮᠳᠡᠯ ᠪᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ ᠨᠠᠶᠢᠳᠠᠪᠤᠷᠢᠵᠢᠭᠤᠯᠬᠤ ᠶᠢᠨ ᠬᠠᠮᠲᠤ᠂ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢᠨ ᠦᠨᠡᠨ ᠪᠤᠳᠠᠳᠤ ᠴᠢᠨᠠᠷ ᠪᠣᠯᠣᠨ ᠣᠨᠣᠪᠴᠢᠲᠦ ᠴᠢᠨᠠᠷ ᠢ ᠬᠠᠷᠢᠭᠤᠴᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠯ᠎ᠡ ᠱᠠᠲᠤᠨ ᠤ᠂ ᠡᠯ᠎ᠡ ᠲᠦᠷᠦᠯ ᠤᠨ ᠬᠢᠨᠠᠨ ᠰᠢᠨᠵᠢᠬᠦ ᠪᠠᠶᠢᠭᠤᠯᠤᠮᠵᠢ ᠳᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠣᠷᠴᠢᠨ ᠲᠣᠭᠤᠷᠢᠨ ᠢ ᠬᠢᠨᠠᠨ ᠰᠢᠨᠵᠢᠬᠦ ᠦᠢᠯᠡᠴᠢᠯᠡᠭᠡᠨ ᠤ ᠶᠠᠰᠤ ᠴᠢᠨᠠᠷ ᠢ ᠬᠢᠨᠠᠨ ᠬᠠᠮᠢᠶᠠᠷᠬᠤ ᠪᠠ ᠦᠨᠡᠯᠡᠬᠦ ᠲᠣᠭᠲᠠᠴᠠ ᠶᠢ ᠪᠠᠶᠢᠭᠤᠯᠤᠨ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠮᠡᠷᠭᠡᠵᠢᠯ ᠤᠨ ᠵᠢᠷᠤᠮᠯᠡᠯ ᠠᠴᠠ ᠵᠦᠷᠢᠴᠡᠭᠰᠡᠨ᠂ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢ ᠦᠭᠡᠷᠡᠲᠦᠭᠦᠯᠦᠭᠰᠡᠨ ᠪᠣᠶᠣ ᠬᠠᠭᠤᠷᠮᠠᠭ ᠢᠶᠠᠷ ᠵᠣᠬᠢᠶᠠᠭᠰᠠᠨ ᠵᠡᠷᠭᠡ ᠦᠢᠯᠡ ᠠᠵᠢᠯᠯᠠᠭ᠎ᠠ ᠲᠠᠢ ᠪᠠᠶᠢᠭᠤᠯᠤᠮᠵᠢ ᠪᠠ ᠬᠦᠮᠦᠨ ᠤ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠨ᠂ ᠣᠷᠴᠢᠨ ᠲᠣᠭᠤᠷᠢᠨ ᠢ ᠬᠢᠨᠠᠨ ᠰᠢᠨᠵᠢᠬᠦ ᠮᠡᠷᠭᠡᠵᠢᠯ ᠤᠨ ᠵᠢᠷᠤᠮᠯᠡᠯ ᠠᠴᠠ ᠵᠦᠷᠢᠴᠡᠭᠰᠡᠨ ᠪᠠᠶᠢᠭᠤᠯᠤᠮᠵᠢ ᠶᠢ ᠨᠡᠷ᠎ᠡ ᠶᠢᠨ ᠬᠠᠷ᠎ᠠ ᠳᠠᠩᠰᠠ ᠳᠤ ᠵᠢᠭᠰᠠᠭᠠᠨ ᠣᠷᠤᠭᠤᠯᠤᠨ᠎ᠠ᠃ ᠤᠳᠤᠷᠢᠳᠬᠤ ᠺᠠᠳ᠋ᠷ ᠤᠳ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢ ᠦᠭᠡᠷᠡᠲᠦᠭᠦᠯᠬᠦ᠂ ᠬᠠᠭᠤᠷᠮᠠᠭ ᠢᠶᠠᠷ ᠵᠣᠬᠢᠶᠠᠬᠤ ᠪᠣᠶᠣ ᠦᠭᠡᠷᠡᠲᠦᠭᠦᠯᠬᠦ᠂ ᠬᠠᠭᠤᠷᠮᠠᠭ ᠢᠶᠠᠷ ᠵᠣᠬᠢᠶᠠᠬᠤ ᠪᠠᠷ ᠵᠢᠭᠠᠵᠤ ᠳᠣᠬᠢᠭᠰᠠᠨ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠨᠠᠮ ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠬᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠠᠷᠭ᠎ᠠ ︵ᠲᠣᠷᠰᠢᠨ ᠬᠡᠷᠡᠭᠵᠢᠭᠦᠯᠬᠦ︶︾ ᠪᠠ ︽ᠨᠠᠮ ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠬᠰᠠᠨ ᠬᠠᠷᠢᠭᠤᠴᠠᠯᠭ᠎ᠠ ᠶᠢᠨ ᠨᠡᠬᠡᠮᠵᠢᠯᠡᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠣᠷᠰᠢᠨ ᠬᠡᠷᠡᠭᠵᠢᠭᠦᠯᠬᠦ︶︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠴᠢᠩᠭ᠎ᠠ ᠰᠢᠢᠳᠪᠦᠷᠢᠯᠡᠨ᠎ᠡ᠃ ︵ᠦᠪᠡᠷᠲᠡᠭᠡᠨ ᠵᠠᠰᠬᠠᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠲᠢᠩᠭᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠬᠠᠮᠵᠢᠯᠴᠠᠨ᠎ᠠ︶      ︵ᠭᠤᠷᠪᠠ︶ ᠰᠢᠯᠭᠠᠨ ᠬᠢᠨᠠᠵᠤ ᠬᠠᠷᠢᠭᠤᠴᠠᠯᠭ᠎ᠠ ᠬᠡᠯᠡᠯᠴᠡᠬᠦ ᠳᠤ ᠮᠡᠷᠭᠡᠵᠢᠯ ᠤᠨ ᠲᠤᠯᠭᠠᠭᠤᠷᠢᠯᠠᠯ ᠢ ᠬᠠᠩᠭᠠᠨ᠎ᠠ      ᠪᠦᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠪᠠ ᠦᠨᠡᠯᠡᠨ ᠵᠢᠱᠢᠬᠦ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠪᠠ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠬᠢᠨᠠᠨ ᠰᠢᠨᠵᠢᠭᠰᠡᠨ ᠪᠠ ᠦᠨᠡᠯᠡᠨ ᠵᠢᠱᠢᠭᠰᠡᠨ ᠦᠷ᠎ᠡ ᠳ᠋ᠦᠩ ᠢ ᠭᠦᠢᠴᠡᠳ ᠬᠡᠷᠡᠭᠯᠡᠨ᠂ ᠤᠳᠤᠷᠢᠳᠬᠤ ᠺᠠᠳ᠋ᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢ ᠰᠢᠯᠭᠠᠨ ᠬᠢᠨᠠᠬᠤ ᠪᠠ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠶᠢ ᠬᠢᠨᠠᠨ ᠪᠤᠳᠤᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠪᠠ ᠮᠡᠷᠭᠡᠵᠢᠯ ᠤᠨ ᠲᠤᠯᠭᠠᠭᠤᠷᠢᠯᠠᠯ ᠢ ᠬᠠᠩᠭᠠᠨ᠎ᠠ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠯᠲᠠ ᠶᠢᠨ ᠲᠢᠩᠭᠢᠮ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ᠂ ᠤᠰᠤᠨ ᠠᠰᠢᠭᠯᠠᠯᠲᠠ ᠶᠢᠨ ᠲᠢᠩᠭᠢᠮ᠂ ᠣᠢ ᠰᠢᠭᠤᠢ ᠶᠢᠨ ᠲᠢᠩᠭᠢᠮ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶      ᠳᠤᠯᠤᠭ᠎ᠠ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠪᠠᠶᠢᠭᠤᠯᠤᠯ ᠤᠨ ᠦᠭᠡᠷᠡᠴᠢᠯᠡᠯᠲᠡ ᠶᠢ ᠠᠬᠢᠭᠤᠯᠤᠨ᠎ᠠ      ︵ᠨᠢᠭᠡ︶ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠶᠢᠨ ᠠᠵᠢᠯ ᠬᠡᠷᠡᠭ ᠬᠠᠮᠢᠶᠠᠷᠬᠤ ᠡᠷᠬᠡ ᠶᠢ ᠲᠤᠳᠤᠷᠬᠠᠶᠢᠯᠠᠨ᠎ᠠ᠃      ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠨᠢ ᠭᠤᠣᠯᠳᠠᠭᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ᠂ ᠭᠤᠣᠯᠳᠠᠯᠭ᠎ᠠ ᠲᠠᠢ ᠪᠣᠬᠢᠷᠳᠤᠯ ᠭᠠᠳᠠᠭᠰᠢᠯᠠᠭᠤᠯᠬᠤ ᠨᠢᠭᠡᠴᠡ ᠶᠢ ᠬᠢᠨᠠᠯᠲᠠ ᠲᠠᠯᠪᠢᠬᠤ ᠴᠢᠨᠠᠷᠲᠠᠢ ᠪᠠᠷ ᠬᠢᠨᠠᠨ ᠰᠢᠨᠵᠢᠬᠦ᠂ ᠣᠷᠴᠢᠨ ᠲᠣᠭᠤᠷᠢᠨ ᠤ ᠬᠠᠤᠯᠢ ᠬᠡᠷᠡᠭᠵᠢᠬᠦᠯᠦᠨ ᠬᠢᠨᠠᠨ ᠰᠢᠨᠵᠢᠬᠦ᠂ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠵᠤ ᠬᠢᠨᠠᠨ ᠰᠢᠨᠵᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠡᠭᠦᠷᠭᠡ ᠴᠢᠳᠠᠪᠤᠷᠢ ᠶᠢ ᠡᠭᠦᠷᠭᠡᠯᠡᠨ᠎ᠡ᠃ ᠠᠮᠢ ᠠᠬᠤᠢ ᠶᠢᠨ ᠪᠣᠯᠪᠠᠰᠤᠨ ᠤ ᠦᠭᠡᠷᠡᠴᠢᠯᠡᠯᠲᠡ ᠶᠢᠨ ᠤᠯᠤᠰ ᠤᠨ ᠨᠢᠭᠡᠲᠦᠯᠲᠡᠢ ᠪᠠᠶᠢᠷᠢᠯᠠᠭᠤᠯᠤᠯᠲᠠ ᠶᠤᠰᠤᠭᠠᠷ᠂ ᠦᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠶᠢᠨ ᠠᠵᠢᠯ ᠬᠡᠷᠡᠭ ᠬᠠᠮᠢᠶᠠᠷᠬᠤ ᠡᠷᠬᠡ ᠪᠠᠨ ᠠᠯᠬᠤᠮ ᠠᠯᠬᠤᠮ ᠢᠶᠠᠷ ᠪᠤᠴᠠᠭᠠᠨ ᠠᠪᠴᠤ᠂ ᠪᠦᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠶᠡᠷᠦᠩᠬᠡᠶᠢᠯᠡᠭᠰᠡᠨ ᠪᠠᠶᠢᠳᠠᠯ ᠢ ᠣᠨᠣᠪᠴᠢᠲᠠᠢ ᠡᠵᠡᠮᠰᠢᠬᠦ ᠪᠠ ᠪᠤᠰᠤᠳᠴᠢ ᠪᠠᠷ ᠦᠨᠡᠯᠡᠨ᠎ᠡ᠃ ᠭᠤᠣᠯᠳᠠᠯᠭ᠎ᠠ ᠲᠠᠢ ᠪᠣᠬᠢᠷᠳᠤᠯ ᠭᠠᠳᠠᠭᠰᠢᠯᠠᠭᠤᠯᠬᠤ ᠨᠢᠭᠡᠴᠡ ᠶᠢᠨ ᠬᠢᠨᠠᠯᠲᠠ ᠲᠠᠯᠪᠢᠬᠤ ᠴᠢᠨᠠᠷᠲᠠᠢ ᠪᠠᠷ ᠬᠢᠨᠠᠨ ᠰᠢᠨᠵᠢᠬᠦ ᠪᠠ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠵᠤ ᠬᠢᠨᠠᠨ ᠰᠢᠨᠵᠢᠬᠦ ᠶᠢ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠱᠠᠲᠤ ᠳᠠᠷᠠᠭᠠᠯᠠᠨ ᠡᠭᠦᠷᠭᠡᠯᠡᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠬᠠᠷᠢᠭᠤᠴᠠᠨ᠎ᠠ︶      ︵ᠬᠤᠶᠠᠷ︶ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠬᠠᠮᠢᠶᠠᠷᠤᠯᠲᠠ ᠶᠢᠨ ᠪᠠᠶᠢᠭᠤᠯᠤᠯ ᠢ ᠦᠭᠡᠷᠡᠴᠢᠯᠡᠨ᠎ᠡ᠃      ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠤᠨ ᠬᠢᠨᠠᠨ ᠰᠢᠨᠵᠢᠬᠦ ᠪᠠᠶᠢᠭᠤᠯᠤᠮᠵᠢ ᠨᠢ ᠮᠤᠵᠢ ᠠᠴᠠ ᠳᠤᠷᠤᠭᠰᠢᠬᠢ ᠡᠭᠴᠡ ᠬᠠᠮᠢᠶᠠᠷᠤᠯᠲᠠ ᠶᠢ ᠬᠡᠷᠡᠭᠵᠢᠭᠦᠯᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠤᠰᠤᠭᠠᠷ᠂ ᠮᠠᠨ ᠤ ᠣᠷᠣᠨ ᠤ ᠦᠪᠡᠷᠲᠡᠭᠡᠨ ᠵᠠᠰᠠᠬᠤ ᠣᠷᠣᠨ ᠠᠴᠠ ᠳᠤᠷᠤᠭᠰᠢᠬᠢ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠤᠨ ᠣᠷᠴᠢᠨ ᠲᠣᠭᠤᠷᠢᠨ ᠢ ᠬᠢᠨᠠᠨ ᠰᠢᠨᠵᠢᠬᠦ ᠪᠠᠶᠢᠭᠤᠯᠤᠮᠵᠢ ᠶᠢᠨ ᠡᠭᠴᠡ ᠬᠠᠮᠢᠶᠠᠷᠤᠯᠲᠠ ᠶᠢ ᠵᠢᠷᠤᠮᠵᠢᠭᠤᠯᠬᠤ ᠦᠭᠡᠷᠡᠴᠢᠯᠡᠯᠲᠡ ᠶᠢᠨ ᠰᠠᠨᠠᠯ ᠢ ᠰᠤᠳᠤᠯᠤᠨ ᠳᠤᠷᠠᠳᠴᠤ᠂ ᠪᠠᠶᠢᠭᠤᠯᠤᠮᠵᠢ᠂ ᠠᠵᠢᠯᠲᠠᠨ ᠤ ᠣᠷᠣᠨ ᠲᠤᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠷᠴᠢᠨ ᠲᠣᠭᠤᠷᠢᠨ ᠢ ᠬᠢᠨᠠᠨ ᠰᠢᠨᠵᠢᠬᠦ ᠡᠭᠦᠷᠭᠡ ᠴᠢᠳᠠᠪᠤᠷᠢ ᠪᠠᠨ ᠪᠦᠲᠦᠮᠵᠢᠲᠡᠢ ᠪᠠᠳᠠᠷᠠᠭᠤᠯᠬᠤ ᠶᠢ ᠦᠨᠡᠨᠬᠦ ᠪᠠᠲᠤᠯᠠᠨ᠎ᠠ᠃ ᠣᠷᠴᠢᠨ ᠲᠣᠭᠤᠷᠢᠨ ᠢ ᠬᠢᠨᠠᠨ ᠰᠢᠨᠵᠢᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠠᠵᠢᠯᠲᠠᠨ ᠤ ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠠᠵᠢᠯᠲᠠᠳ ᠤᠨ ᠶᠡᠷᠦᠩᠬᠡᠶᠢᠯᠡᠭᠰᠡᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠭᠢᠮ ᠬᠠᠮᠵᠢᠯᠴᠠᠨ᠎ᠠ︶      ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠤᠶᠢᠵᠢᠭᠤᠯᠤᠨ᠎ᠠ᠃      ᠦᠢᠯᠡᠴᠢᠯᠡᠭᠡᠨ ᠤ ᠴᠢᠨᠠᠷᠲᠠᠢ ᠬᠢᠨᠠᠨ ᠰᠢᠨᠵᠢᠬᠦ ᠵᠠᠬ᠎ᠠ ᠳᠡᠯᠭᠡᠭᠦᠷ ᠢ ᠴᠢᠯᠦᠭᠡᠲᠡᠢ ᠨᠡᠭᠡᠭᠡᠵᠦ᠂ ᠪᠤᠬᠢᠷᠳᠤᠯ ᠭᠠᠳᠠᠭᠰᠢᠯᠠᠭᠤᠯᠬᠤ ᠨᠢᠭᠡᠴᠡ ᠶᠢᠨ ᠪᠣᠬᠢᠷᠳᠤᠯ ᠤᠨ ᠢᠷᠡᠯᠲᠡ ᠶᠢ ᠦᠪᠡᠰᠦᠪᠡᠨ ᠬᠢᠨᠠᠨ ᠰᠢᠨᠵᠢᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠦᠨᠡᠯᠡᠨ ᠵᠢᠱᠢᠵᠦ ᠬᠢᠨᠠᠨ ᠰᠢᠨᠵᠢᠬᠦ᠂ ᠪᠣᠬᠢᠷᠳᠤᠯ ᠤᠨ ᠢᠷᠡᠯᠲᠡ ᠶᠢ ᠠᠦ᠋ᠲ᠋ᠣ᠋ ᠪᠠᠷ ᠬᠢᠨᠠᠨ ᠰᠢᠨᠵᠢᠬᠦ ᠪᠡᠯᠡᠳᠭᠡᠮᠵᠢ ᠶᠢᠨ ᠠᠵᠢᠯᠯᠠᠭᠠᠨ ᠢ ᠬᠠᠮᠠᠭᠠᠯᠠᠬᠤ᠂ ᠣᠷᠴᠢᠨ ᠲᠣᠭᠤᠷᠢᠨ ᠤ ᠨᠦᠯᠦᠭᠡᠯᠡᠯ ᠢ ᠦᠨᠡᠯᠡᠭᠰᠡᠨ ᠣᠳᠣ ᠶᠢᠨ ᠪᠠᠶᠢᠳᠠᠯ ᠢ ᠬᠢᠨᠠᠨ ᠰᠢᠨᠵᠢᠬᠦ᠂ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠬᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠡᠶ᠎ᠡ ᠪᠠᠨ ᠳᠠᠭᠠᠭᠠᠨ ᠪᠠᠶᠢᠴᠠᠭᠠᠬᠤ᠂ ᠬᠠᠲᠠᠭᠤ ᠪᠡᠶᠡᠲᠦ ᠬᠠᠶᠠᠭᠳᠠᠮᠠᠯ ᠪᠤᠳᠠᠰ ᠪᠠ ᠠᠶᠤᠯᠲᠠᠢ ᠬᠠᠶᠠᠭᠳᠠᠮᠠᠯ ᠪᠤᠳᠠᠰ ᠢ ᠢᠯᠭᠠᠨ ᠲᠤᠳᠤᠯᠠᠵᠤ ᠬᠢᠨᠠᠨ ᠰᠢᠨᠵᠢᠬᠦ ᠵᠡᠷᠭᠡ ᠣᠷᠴᠢᠨ ᠲᠣᠭᠤᠷᠢᠨ ᠢ ᠬᠢᠨᠠᠨ ᠰᠢᠨᠵᠢᠬᠦ ᠠᠵᠢᠯᠯᠠᠭ᠎ᠠ ᠳᠤ ᠨᠡᠶᠢᠭᠡᠮ ᠤᠨ ᠣᠷᠴᠢᠨ ᠲᠣᠭᠤᠷᠢᠨ ᠢ ᠬᠢᠨᠠᠨ ᠰᠢᠨᠵᠢᠬᠦ ᠪᠠᠶᠢᠭᠤᠯᠤᠮᠵᠢ ᠶᠢᠨ ᠣᠷᠤᠯᠴᠠᠬᠤ ᠶᠢ ᠵᠣᠷᠢᠬᠵᠢᠭᠤᠯᠤᠨ᠎ᠠ᠃ ᠣᠷᠴᠢᠨ ᠲᠣᠭᠤᠷᠢᠨ ᠢ ᠠᠦ᠋ᠲ᠋ᠣ᠋ ᠪᠠᠷ ᠬᠢᠨᠠᠨ ᠰᠢᠨᠵᠢᠬᠦ ᠥᠷᠲᠡᠭᠡ ᠶᠢᠨ ᠠᠵᠢᠯᠯᠠᠭᠠᠨ ᠢ ᠬᠠᠮᠠᠭᠠᠯᠠᠬᠤ᠂ ᠠᠮᠢ ᠠᠬᠤᠢ ᠶᠢᠨ ᠴᠢᠬᠤᠯᠠ ᠴᠢᠳᠠᠮᠵᠢᠲᠦ ᠣᠷᠣᠨ ᠤ ᠠᠮᠢ ᠠᠬᠤᠢ ᠶᠢᠨ ᠪᠠᠶᠢᠳᠠᠯ ᠢ ᠦᠨᠡᠯᠡᠨ ᠵᠢᠱᠢᠬᠦ ᠵᠡᠷᠭᠡ ᠰᠠᠭᠤᠷᠢ ᠪᠣᠯᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠬᠡᠪᠴᠢᠶᠡᠨ ᠳᠤ ᠵᠠᠰᠠᠭ ᠤᠨ ᠣᠷᠳᠤᠨ ᠤ ᠦᠢᠯᠡᠴᠢᠯᠡᠭᠡ ᠬᠤᠳᠠᠯᠳᠤᠨ ᠠᠪᠬᠤ ᠶᠢ ᠢᠳᠡᠪᠬᠢᠲᠡᠢ ᠠᠬᠢᠭᠤᠯᠤᠨ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ᠂ ᠵᠠᠳᠠᠯᠬᠤ ᠪᠠ ᠬᠡᠷᠡᠭᠯᠡᠬᠦ ᠵᠠᠬ᠎ᠠ ᠳᠡᠯᠭᠡᠭᠦᠷ ᠢ ᠪᠣᠢ ᠪᠣᠯᠭᠠᠨ᠎ᠠ᠃ ᠮᠠᠨ ᠤ ᠣᠷᠣᠨ ᠤ ᠨᠡᠶᠢᠭᠡᠮᠴᠢᠯᠡᠭᠰᠡᠨ ᠣᠷᠴᠢᠨ ᠲᠣᠭᠤᠷᠢᠨ ᠢ ᠬᠢᠨᠠᠨ ᠰᠢᠨᠵᠢᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ ᠢ ᠰᠤᠳᠤᠯᠤᠨ ᠲᠣᠭᠲᠠᠭᠠᠵᠤ᠂ ᠨᠡᠶᠢᠭᠡᠮ ᠤᠨ ᠣᠷᠴᠢᠨ ᠲᠣᠭᠤᠷᠢᠨ ᠢ ᠬᠢᠨᠠᠨ ᠰᠢᠨᠵᠢᠬᠦ ᠪᠠᠶᠢᠭᠤᠯᠤᠮᠵᠢ ᠵᠢᠴᠢ ᠲᠡᠳᠡᠨ ᠤ ᠬᠢᠨᠠᠨ ᠰᠢᠨᠵᠢᠬᠦ ᠠᠵᠢᠯᠯᠠᠭ᠎ᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠥᠪ ᠭᠤᠣᠯᠴᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠠᠶᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠬᠠᠮᠵᠢᠯᠴᠠᠨ᠎ᠠ︶      ᠨᠠᠢᠮᠠ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠰᠦᠯᠵᠢᠶ᠎ᠡ ᠶᠢᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ      ︵ᠨᠢᠭᠡ︶ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠳᠠᠬᠢ ᠣᠷᠤᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃      ᠣᠷᠴᠢᠨ ᠲᠣᠭᠤᠷᠢᠨ ᠢ ᠬᠢᠨᠠᠨ ᠰᠢᠨᠵᠢᠬᠦ ᠪᠠᠶᠢᠭᠤᠯᠤᠯ ᠤᠨ ᠦᠭᠡᠷᠡᠴᠢᠯᠡᠯᠲᠡ ᠪᠠ ᠬᠠᠮᠢᠶᠠᠷᠤᠯᠲᠠ ᠶᠢᠨ ᠱᠠᠭᠠᠷᠳᠠᠯᠭ᠎ᠠ ᠶᠤᠰᠤᠭᠠᠷ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠯᠤᠭ᠎ᠠ ᠵᠣᠬᠢᠴᠠᠭᠰᠠᠨ ᠡᠳ᠋ ᠤᠨ ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠢ ᠬᠢᠨᠠᠨ ᠰᠢᠨᠵᠢᠬᠦ ᠠᠵᠢᠯ ᠵᠢᠴᠢ ᠠᠵᠢᠯᠯᠠᠭᠤᠯᠵᠦ ᠬᠠᠮᠠᠭᠠᠯᠠᠬᠤ ᠵᠠᠷᠤᠳᠠᠯ ᠢ ᠪᠦᠬᠦᠨ ᠢᠶᠠᠷ ᠨᠢ ᠡᠳ᠋ ᠤᠨ ᠵᠠᠰᠠᠭ ᠤᠨ ᠲᠦᠰᠦᠪ ᠲᠤ ᠣᠷᠤᠭᠤᠯᠤᠨ᠂ ᠤᠯᠤᠰ ᠤᠨ ᠲᠣᠭᠲᠠᠭᠠᠯ ᠢᠶᠠᠷ ᠯᠠᠪᠯᠠᠯᠲᠠ ᠪᠣᠯᠭᠠᠨ ᠣᠷᠴᠢᠨ ᠲᠣᠭᠤᠷᠢᠨ ᠢ ᠬᠢᠨᠠᠨ ᠰᠢᠨᠵᠢᠬᠦ ᠠᠵᠢᠯ ᠤᠨ ᠪᠠᠶᠢᠷᠢ ᠶᠢᠨ ᠨᠡᠮᠡᠯᠲᠡ ᠮᠦᠩᠭᠦ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ᠂ ᠭᠤᠣᠯᠳᠠᠯᠭ᠎ᠠ ᠲᠠᠢ ᠪᠤᠬᠢᠷᠳᠤᠯ ᠭᠠᠳᠠᠭᠰᠢᠯᠠᠭᠤᠯᠬᠤ ᠨᠢᠭᠡᠴᠡ ᠶᠢᠨ ᠠᠦ᠋ᠲ᠋ᠣ᠋ ᠪᠠᠷ ᠬᠢᠨᠠᠨ ᠰᠢᠨᠵᠢᠬᠦ ᠴᠢᠳᠠᠪᠤᠷᠢ ᠶᠢᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠲᠤᠮᠤ ᠳ᠋ᠠᠶᠢᠲ᠋ᠠ ᠶᠢᠨ ᠲᠡᠪᠴᠡᠩ ᠤᠨ ᠪᠠᠶᠢᠭᠤᠯᠤᠯᠲᠠ᠂ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠪᠠ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠵᠤ ᠬᠢᠨᠠᠨ ᠰᠢᠨᠵᠢᠬᠦ ᠵᠡᠷᠭᠡ ᠴᠢᠳᠠᠪᠤᠷᠢ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠨ᠂ ᠦᠯᠢᠭᠡᠷ ᠴᠤᠭᠯᠠᠭᠤᠯᠬᠤ᠂ ᠲᠣᠷᠰᠢᠯᠲᠠ ᠶᠢᠨ ᠲᠠᠰᠤᠭ ᠤᠨ ᠰᠤᠷᠢᠯᠲᠠ ᠵᠠᠳᠠᠯᠤᠯᠲᠠ ᠵᠢᠴᠢ ᠲᠣᠬᠠᠢ ᠶᠢᠨ ᠲᠠᠯᠠᠪᠠᠢ ᠳᠤ ᠲᠥᠷᠭᠡᠨ ᠵᠠᠳᠠᠯᠤᠨ ᠰᠤᠷᠢᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠭᠢᠮ᠂ ᠡᠳ᠋ ᠤᠨ ᠵᠠᠰᠠᠭ ᠤᠨ ᠲᠢᠩᠭᠢᠮ ᠬᠠᠮᠵᠢᠯᠴᠠᠨ᠎ᠠ︶      ︵ᠬᠤᠶᠠᠷ︶ ᠬᠢᠨᠠᠨ ᠰᠢᠨᠵᠢᠬᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠤᠨ᠎ᠠ᠃      ᠣᠷᠴᠢᠨ ᠲᠣᠭᠤᠷᠢᠨ ᠢ ᠬᠢᠨᠠᠨ ᠰᠢᠨᠵᠢᠬᠦ ᠰᠢᠨ᠎ᠡ ᠮᠡᠷᠭᠡᠵᠢᠯ ᠪᠠ ᠰᠢᠨ᠎ᠡ ᠠᠷᠭ᠎ᠠ ᠶᠢᠨ ᠰᠤᠳᠤᠯᠭᠠᠨ ᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠮᠡᠷᠭᠡᠵᠢᠯ ᠤᠨ ᠰᠢᠰᠲ᠋ᠧᠮᠵᠢ ᠶᠢ ᠪᠦᠷᠢᠨᠰᠢᠭᠦᠯᠦᠨ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠭᠳᠡᠭᠦᠨ ᠬᠢᠭᠡᠳ ᠮᠡᠷᠭᠡᠵᠢᠯ ᠤᠨ ᠠᠷᠭ᠎ᠠ ᠮᠠᠶ᠋ᠢᠭ ᠢᠶᠠᠨ ᠣᠷᠴᠢᠨ ᠲᠣᠭᠤᠷᠢᠨ ᠢ ᠬᠢᠨᠠᠨ ᠰᠢᠨᠵᠢᠬᠦ ᠬᠡᠪᠴᠢᠶᠡᠨ ᠳᠤ ᠳᠡᠯᠭᠡᠷᠡᠭᠦᠯᠦᠨ ᠬᠡᠷᠡᠭᠯᠡᠬᠦ ᠶᠢ ᠵᠣᠷᠢᠬᠵᠢᠭᠤᠯᠤᠨ᠎ᠠ᠃ ᠣᠷᠣᠨ ᠤ ᠳᠤᠲᠤᠷ᠎ᠠ ᠭᠠᠳᠠᠨᠠᠬᠢ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠭᠠᠨ ᠤ ᠬᠦᠷᠢᠶᠡᠯᠡᠩ ᠭᠠᠵᠠᠷ ᠪᠠ ᠬᠠᠮᠢᠶ᠎ᠠ ᠪᠦᠬᠦᠢ ᠠᠵᠤ ᠠᠬᠤᠶᠢᠯᠠᠯ ᠢ ᠵᠤᠷᠢᠬᠵᠢᠭᠤᠯᠵᠦ ᠮᠡᠳᠡᠯᠭᠡ ᠶᠢᠨ ᠪᠦᠲᠦᠭᠡᠭᠳᠡᠭᠦᠨ ᠤ ᠡᠵᠡᠨ ᠮᠡᠳᠡᠭᠰᠡᠨ ᠦᠮᠴᠢᠯᠡᠬᠦ ᠡᠷᠬᠡ ᠲᠠᠢ ᠣᠷᠴᠢᠨ ᠲᠣᠭᠤᠷᠢᠨ ᠢ ᠬᠢᠨᠠᠨ ᠰᠢᠨᠵᠢᠬᠦ ᠪᠠᠭᠠᠵᠢ ᠬᠡᠷᠡᠭᠰᠡᠯ ᠲᠥᠭᠦᠭᠡᠷᠦᠮᠵᠢ ᠪᠠ ᠭᠤᠣᠯ ᠪᠤᠯᠬᠤ ᠪᠤᠬᠢᠷᠳᠤᠯ ᠪᠤᠳᠠᠰ ᠢ ᠵᠠᠰᠠᠬᠤ ᠮᠡᠷᠭᠡᠵᠢᠯ ᠢ ᠰᠤᠳᠤᠯᠤᠨ ᠬᠥᠭᠵᠢᠭᠦᠯᠦᠨ᠎ᠠ᠃ ᠣᠯᠠᠨ ᠤᠯᠤᠰ ᠤᠨ ᠪᠠ ᠮᠤᠵᠢ ᠶᠢᠨ ᠬᠤᠭᠤᠷᠤᠨᠳᠤᠬᠢ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠦᠷᠨᠢᠭᠦᠯᠵᠦ᠂ ᠮᠠᠨ ᠤ ᠣᠷᠣᠨ ᠤ ᠬᠢᠨᠠᠨ ᠰᠢᠨᠵᠢᠬᠦ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠭᠢᠮ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ᠂ ᠤᠰᠤᠨ ᠠᠰᠢᠭᠯᠠᠯᠲᠠ ᠶᠢᠨ ᠲᠢᠩᠭᠢᠮ᠂ ᠣᠢ ᠰᠢᠭᠤᠢ ᠶᠢᠨ ᠲᠢᠩᠭᠢᠮ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶      ︵ᠭᠤᠷᠪᠠ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃      ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠲᠦᠷᠦᠭᠦᠯᠡᠨ ᠬᠠᠷᠢᠭᠤᠴᠠᠵᠤ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠲᠦᠰᠦᠯ ᠤᠨ ᠬᠡᠷᠡᠭᠵᠢᠭᠦᠯᠬᠦ ᠲᠦᠯᠦᠪᠯᠡᠭᠡ ︵2016 — 2020 ᠣᠨ︶︾᠎ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠡᠯ᠎ᠡ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠠᠮᠢ ᠠᠬᠤᠢ ᠶᠢᠨ ᠣᠷᠴᠢᠨ ᠲᠣᠭᠤᠷᠢᠨ ᠤ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠳᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号