ᠪᠦᠬᠦ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠵᠤ  ᠯᠢ ᠵᠢᠢ ᠾᠧᠩ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2016-12-21
     ᠪᠦᠬᠦ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠵᠤ      ᠦᠵᠡᠯ ᠰᠠᠨᠠᠭ᠎ᠠ ᠪᠠᠨ ᠴᠢᠯᠦᠭᠡᠯᠡᠨ ᠴᠤᠴᠠᠯᠳᠠ ᠦᠭᠡᠢ ᠤᠷᠤᠭᠰᠢᠯᠠᠵᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠳᠠᠪᠠᠯᠳᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠳᠠᠢ      ᠯᠢ ᠵᠢᠢ ᠾᠧᠩ ᠴᠢᠬᠤᠯᠠ ᠶᠠᠷᠢᠶ᠎ᠠ ᠳᠠᠯᠪᠢᠵᠤ ᠪᠦ᠋ ᠰᠢᠶᠤᠤ ᠯᠢᠨ ᠬᠤᠷᠠᠯ ᠡᠷᠬᠢᠯᠡᠭᠰᠡᠨ ᠪᠦᠭᠡᠳ ᠶᠠᠷᠢᠶ᠎ᠠ ᠳᠠᠯᠪᠢᠵᠤ ᠷᠧᠨ ᠶᠠ ᠫᠢᠩ ᠨᠠᠷ ᠤᠷᠤᠯᠴᠠᠵᠠᠢ      12 ᠳ᠋ᠤᠭᠠᠷ ᠳ᠋ᠤᠭᠠᠷ ᠰᠠᠷ᠎ᠠ ᠶᠢᠨ 20 ᠤ ᠡᠳᠦᠷ᠂ ᠪᠦᠬᠦ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠬᠤᠷᠠᠯ ᠳᠤ ᠤᠷᠤᠯᠴᠠᠨ ᠴᠢᠬᠤᠯᠠ ᠶᠠᠷᠢᠶ᠎ᠠ ᠲᠠᠯᠪᠢᠪᠡ᠃ ᠯᠢ ᠵᠢᠢ ᠾᠧᠩ᠂ ᠶᠡᠷᠦᠩᠬᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠳᠤᠭᠤᠷᠢᠨ ᠳᠤ ᠤᠯᠡᠮ ᠴᠢᠩᠭ᠎ᠠ ᠨᠢᠭᠳᠠᠷᠠᠨ ᠪᠦᠯᠬᠦᠮᠳᠠᠵᠤ᠂ ᠦᠵᠡᠯ ᠰᠠᠨᠠᠭ᠎ᠠ ᠪᠠᠨ ᠴᠢᠨᠠᠭᠰᠢᠳᠠ ᠴᠢᠯᠦᠭᠡᠯᠡᠨ᠂ ᠳᠤᠷᠰᠢᠯᠭ᠎ᠠ ᠪᠠᠨ ᠳ᠋ᠦᠩᠨᠠᠨ᠂ ᠢᠳᠡᠭᠡᠯ ᠢᠶᠠᠨ ᠪᠠᠳᠤᠳᠬᠠᠵᠤ᠂ ᠡᠷᠴᠢ ᠵᠤᠷᠢᠭ ᠢᠶᠠᠨ ᠬᠦᠪᠴᠢᠯᠡᠨ᠂ ᠴᠤᠴᠠᠯᠳᠠ ᠦᠭᠡᠢ ᠤᠷᠤᠭᠰᠢᠯᠠᠵᠤ᠂ ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠳᠠᠪᠠᠯᠳᠠ ᠶᠢ ᠪᠡᠶᠡᠯᠡᠭᠦᠯᠬᠦ ᠶᠢ ᠪᠦᠬᠦ ᠬᠦᠴᠦᠨ ᠢᠶᠠᠷ ᠳᠦᠯᠬᠢᠨ ᠠᠭᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠬᠤ ᠰᠢᠢᠳᠪᠦᠷᠢᠳᠤ ᠳᠠᠶᠢᠯᠠᠯᠳᠤᠭᠠᠨ᠂ ᠤᠳᠤᠬᠢᠴᠢᠯᠠᠭᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ᠂ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢ ᠨᠡᠩ ᠦᠵᠡᠰᠭᠦᠯᠡᠩᠳᠤ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠳᠤ ᠰᠢᠨ᠎ᠠ ᠨᠡᠩ ᠶᠡᠭᠡ ᠵᠢᠳᠭᠦᠯ ᠭᠠᠷᠭᠠᠬᠤ ᠬᠡᠷᠡᠭᠳᠠᠢ ᠭᠡᠵᠦ ᠴᠢᠬᠤᠯᠠᠴᠢᠯᠠᠪᠠ᠃      ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠳᠡ ᠶᠢᠨ ᠡᠮᠦᠨᠡᠬᠢ ᠪᠦᠭᠦᠳᠠ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠳᠠᠯᠪᠢᠪᠠ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠢᠭᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠰᠢᠶᠠ ᠳ᠋ᠦᠩᠨᠡᠯᠳᠡ ᠶᠢᠨ ᠶᠠᠷᠢᠶ᠎ᠠ ᠲᠠᠯᠪᠢᠵᠤ᠂ ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ ᠸᠠᠩ ᠪᠦᠸᠧ ᠦᠳᠡ ᠶᠢᠨ ᠬᠤᠶᠢᠨᠡᠬᠢ ᠬᠤᠷᠠᠯ ᠢ ᠡᠷᠬᠢᠯᠡᠵᠡᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠤᠨᠬᠤ ᠨᠦᠬᠦᠳ ᠬᠤᠷᠠᠯ ᠳᠤ ᠤᠷᠤᠯᠴᠠᠵᠠᠢ᠃      ᠯᠢ ᠵᠢᠢ ᠾᠧᠩ ᠶᠠᠷᠢᠶᠠᠨ ᠳᠠᠭᠠᠨ ᠵᠢᠭᠠᠵᠤ ᠭᠠᠷᠭᠠᠬᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠶᠡᠷᠦᠩᠬᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠨᠢᠭᠡᠨ ᠰᠢᠷᠢᠰ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠲᠤᠭᠳᠠᠭᠠᠨ᠂ ᠮᠠᠨ ᠤ ᠨᠠᠮ ᠤᠨ ᠦᠨᠳᠦᠰᠦᠨ ᠠᠵᠤ ᠠᠬᠤᠢ ᠶᠢᠨ ᠲᠦᠷᠢᠮ ᠢ ᠪᠠᠷᠢᠮᠳᠠᠯᠠᠬᠤ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢ ᠵᠤᠷᠢᠭᠵᠢᠭᠤᠯᠤᠨ ᠳᠡᠮᠵᠢᠭᠦ ᠦᠵᠡᠯᠳᠡ ᠳᠤᠳᠤᠷᠬᠠᠢ ᠪᠦᠭᠡᠳ ᠢᠮᠠᠭᠳᠠ ᠪᠠᠶᠢᠳᠠᠭ ᠢ ᠬᠦᠢᠴᠡᠳ ᠢᠯᠡᠷᠭᠡᠶᠢᠯᠡᠭᠰᠡᠨ ᠪᠦᠭᠡᠳ ᠳᠠᠰᠤᠷᠠᠯᠳᠠ ᠦᠭᠡᠢ ᠬᠦᠨᠵᠡᠭᠡᠶᠢᠷᠡᠭᠦᠯᠵᠤ᠂ ᠭᠤᠶᠢᠪᠢᠰᠢ ᠦᠭᠡᠢ ᠪᠠᠷᠢᠮᠳᠠᠯᠠᠭᠰᠠᠭᠠᠷ ᠢᠷᠡᠵᠡᠢ᠃ ᠪᠢᠳᠡ ᠲᠦᠪ ᠤᠨ ᠵᠤᠷᠢᠭ ᠰᠠᠨᠠᠭ᠎ᠠ ᠶᠢ ᠡᠷᠬᠡᠪᠰᠢ ᠨᠠᠷᠢᠨ ᠬᠢᠨᠠᠮᠠᠭᠠᠢ ᠰᠤᠷᠤᠯᠴᠠᠨ ᠬᠦᠨᠵᠡᠭᠡᠢ ᠤᠢᠢᠯᠠᠭᠠᠵᠤ᠂ ᠳᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠤᠳᠠᠳᠠᠢ ᠲᠠᠢ ᠪᠠᠨ ᠨᠢᠭᠳᠠ ᠤᠶᠠᠯᠳᠤᠭᠤᠯᠬᠤ ᠬᠡᠷᠡᠭᠳᠡᠢ ᠬᠡᠵᠡᠢ᠃      ᠯᠢ ᠵᠢᠢ ᠾᠧᠩ ᠵᠢᠭᠠᠵᠤ ᠭᠠᠷᠭᠠᠬᠰᠠᠨ ᠨᠢ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠳᠤᠷᠠᠳᠤᠭᠰᠠᠨ ᠳᠡᠮᠡᠴᠡᠭᠦ ᠬᠠᠷᠠᠯᠳᠠ ᠶᠢ ᠪᠡᠶᠡᠯᠡᠭᠦᠯᠭᠦ ᠳᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠨᠢ ᠡᠷᠬᠡᠪᠰᠢ ᠲᠤᠯᠭᠠᠭᠤᠷᠢ ᠪᠤᠯᠵᠤ ᠬᠦᠨᠳᠦ ᠳᠠᠷᠤᠭᠠᠰᠤ ᠶᠢ ᠡᠬᠦᠷᠭᠡᠯᠡᠨ ᠵᠢᠳᠭᠦᠯ ᠭᠠᠷᠭᠠᠬᠤ ᠬᠡᠷᠡᠭᠳᠠᠢ᠃ ᠤᠢᠢᠷ᠎ᠠ ᠶᠢᠨ ᠵᠢᠯ ᠤᠨ ᠳᠤᠷᠰᠢ᠂ ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠤᠷᠳᠤ ᠬᠤᠭᠤᠴᠠᠭᠠᠨ ᠤ ᠭᠦᠭᠵᠢᠯᠳᠡ ᠲᠠᠢ ᠪᠤᠯᠤᠭᠰᠠᠨ ᠪᠤᠯᠪᠠᠴᠦ ᠪᠦᠬᠦ ᠤᠯᠤᠰ ᠵᠢᠴᠢ ᠬᠦᠭᠵᠢᠭᠰᠡᠨ ᠮᠤᠵᠢ ᠤᠷᠤᠨ ᠲᠠᠢ ᠠᠳᠠᠯᠢᠳᠬᠠᠪᠠᠯ ᠪᠠᠰᠠ ᠨᠡᠯᠢᠶᠡᠳ ᠶᠡᠭᠡ ᠵᠦᠷᠢᠶ᠎ᠠ ᠲᠠᠢ ᠪᠠᠶᠢᠬᠰᠠᠭᠠᠷ᠃ ᠵᠤᠬᠢᠬᠤ ᠤᠤᠠᠬ᠎ᠠ ᠠᠭᠤᠯᠭ᠎ᠠ ᠠᠴᠠ ᠬᠡᠯᠡᠪᠡᠯ᠂ ᠦᠪᠦᠷ ᠮᠤᠩᠭᠤᠯ ᠤᠨ ᠠᠵᠤ ᠠᠬᠤᠢ ᠶᠢᠨ ᠬᠦᠭᠵᠢᠯᠳᠡ ᠶᠢᠨ ᠢᠷᠡᠭᠡᠳᠦᠢ ᠠᠷᠠᠳ ᠤᠨ ᠳᠤᠮᠳᠠ ᠪᠤᠢ᠂ ᠠᠮᠢᠵᠢᠷᠠᠯ ᠤᠨ ᠬᠦᠴᠤᠨ ᠠᠷᠠᠳ ᠠᠴᠠ ᠡᠷᠭᠢᠯᠡᠭᠦ ᠳᠤ ᠪᠤᠢ᠂ ᠬᠦᠳᠡᠯᠭᠡᠭᠴᠢ ᠬᠦᠴᠦᠨ ᠠᠷᠠᠳ ᠤᠨ ᠪᠡᠯᠠ ᠮᠦᠡᠭᠭᠦ ᠳᠤ ᠪᠤᠢ᠃ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠳᠤᠬᠳᠠᠭᠠᠭᠰᠠᠨ ᠠᠤᠭ᠎ᠠ ᠬᠠᠷᠠᠯᠳᠠ ᠶᠢ ᠪᠡᠶᠡᠯᠡᠭᠦᠯᠬᠦ ᠳᠤ ᠡᠷᠬᠡᠪᠰᠢ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠴᠢᠯᠦᠭᠡᠳᠠᠢ ᠬᠦᠭᠵᠢᠭᠦᠯᠬᠦ ᠬᠡᠷᠡᠭᠳᠠᠢ᠃ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠳᠤᠷᠠᠳᠤᠭᠰᠠᠨ ᠴᠢᠬᠤᠯᠠ ᠶᠡᠭᠡ ᠠᠷᠭ᠎ᠠ ᠭᠡᠮᠵᠢᠶ᠎ᠠ ᠨᠢ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠬᠦᠭᠵᠢᠭᠦᠯᠬᠦ ᠳᠤ ᠦᠷᠭᠡᠨ ᠠᠭᠤᠳᠠᠮ ᠭᠦᠭᠵᠢᠯᠳᠡ ᠶᠢᠨ ᠤᠷᠤᠨ ᠵᠠᠢ ᠬᠠᠩᠭᠠᠨ ᠦᠭᠴᠦ᠂ ᠠᠵᠠ ᠳᠤᠬᠢᠶᠠᠯ ᠬᠠᠩᠭᠠᠵᠤ᠂ ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢᠨ ᠰᠠᠷᠠᠭᠤᠯ ᠢᠷᠡᠭᠡᠳᠦᠢ ᠶᠢ ᠪᠤᠢ ᠪᠤᠯᠭᠠᠵᠠᠢ᠃ ᠪᠦᠬᠦ ᠤᠷᠤᠨ ᠤ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠡᠯ᠎ᠡ ᠪᠠᠶᠢᠭᠤᠯᠭ᠎ᠠ ᠨᠢᠭᠡᠴᠡ ᠡᠷᠭᠡᠪᠰᠢ ᠪᠠᠶᠢᠯᠳᠤᠬᠤ ᠪᠤᠳᠤᠯᠭ᠎ᠠ ᠪᠠ ᠪᠦᠬᠦ ᠳᠠᠯ᠎ᠠ ᠶᠢᠨ ᠦᠨᠳᠦᠷᠴᠡ ᠠᠴᠠ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠲᠦᠷᠭᠡᠳᠭᠡᠨ ᠬᠦᠭᠵᠢᠭᠦᠯᠬᠦ ᠶᠢᠨ ᠴᠢᠬᠤᠯᠠ ᠠᠴᠢ ᠬᠤᠯᠪᠤᠭᠳᠠᠯ ᠢ ᠬᠦᠨᠵᠡᠭᠡᠢ ᠳᠠᠨᠢᠵᠤ᠂ ᠤᠬᠠᠮᠰᠠᠷ ᠠᠴᠠ ᠪᠠᠨ ᠴᠠᠭ ᠦᠶ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢᠨ ᠴᠣ᠋ ᠰᠢᠨ᠎ᠠ ᠪᠠᠶᠢᠳᠠᠯ ᠢ ᠴᠢᠷᠮᠠᠶᠢᠨ ᠨᠡᠭᠡᠭᠡᠭᠦ ᠬᠡᠷᠡᠭᠳᠠᠢ ᠬᠡᠵᠠᠢ᠃      ᠯᠢ ᠵᠢᠢ ᠾᠧᠩ ᠴᠢᠬᠤᠯᠠᠴᠢᠯᠠᠬᠰᠠᠨ ᠨᠢ᠂ ᠬᠦᠭᠵᠢᠯᠳᠡ ᠶᠢᠨ ᠰᠢᠨ᠎ᠠ ᠣᠨᠣᠯᠵᠢᠬᠤᠨ ᠢᠶᠠᠷ ᠵᠢᠯᠤᠭᠤᠳᠤᠯᠭ᠎ᠠ ᠪᠤᠯᠭᠠᠨ᠂ ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢᠨ ᠬᠠᠷᠠᠯᠳᠠ ᠪᠤᠯᠤᠨ ᠰᠡᠳᠬᠢᠴᠡ ᠶᠢ ᠴᠢᠨᠠᠭᠰᠢᠳᠠ ᠳᠤᠳᠤᠷᠬᠠᠢᠢᠯᠠᠬᠤ ᠬᠡᠷᠡᠭᠳᠠᠢ᠃ ᠬᠤᠶᠢᠰᠢᠳᠠ ᠶᠢᠨ 5 ᠵᠢᠯ ᠳᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢᠨ ᠭᠤᠤᠯ ᠡᠭᠦᠷᠭᠡ ᠪᠤᠯ ᠬᠦᠭᠵᠢᠯᠳᠡ ᠶᠢ ᠲᠦᠷᠭᠡᠳᠭᠡᠵᠤ᠂ ᠡᠵᠡᠯᠡᠭᠦ ᠬᠠᠷᠢᠴᠠᠯ ᠢ ᠳᠡᠭᠡᠭᠰᠢᠯᠡᠭᠦᠯᠵᠤ᠂ ᠬᠢᠷᠢ ᠲᠦᠪᠰᠢᠨ ᠢᠶᠠᠨ ᠳᠡᠰ ᠳᠡᠪᠰᠢᠭᠦᠯᠭᠦ ᠶᠢ ᠠᠬᠢᠭᠤᠯᠬᠤ ᠬᠡᠷᠡᠭᠳᠠᠢ᠃ ᠳᠡᠭᠡᠷ᠎ᠠ ᠳᠤᠷᠠᠳᠤᠭᠰᠠᠨ ᠬᠠᠷᠠᠯᠳᠠ ᠶᠢ ᠪᠡᠶᠡᠯᠡᠭᠦᠯᠬᠦ ᠳᠤ ᠰᠢᠨ᠎ᠠ ᠬᠦᠭᠵᠢᠯᠳᠡ ᠶᠢᠨ ᠣᠨᠣᠯᠵᠢᠬᠤᠨ ᠢ ᠡᠷᠬᠡᠪᠰᠢ ᠪᠠᠳᠤ ᠪᠠᠬᠢ ᠱᠤᠭᠤᠬᠤ ᠪᠠ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠲᠠᠢ ᠵᠤᠬᠢᠴᠠᠬᠤ ᠶᠢ ᠬᠦᠳᠦᠯᠦᠨ ᠵᠢᠯᠤᠭᠤᠳᠴᠦ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠠᠮᠢᠵᠢᠷᠠᠯ ᠤᠨ ᠬᠦᠴᠦᠨ ᠪᠤᠯᠤᠨ ᠰᠢᠨ᠎ᠠ ᠡᠭᠦᠳᠦᠯᠳᠡ ᠶᠢᠨ ᠬᠦᠴᠦᠨ ᠢ ᠬᠦᠢᠴᠡᠳ ᠪᠠᠳᠠᠷᠠᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠠ ᠶᠢ ᠦᠷᠭᠡᠳᠭᠡᠭᠦ᠂ ᠬᠦᠭᠵᠢᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠬᠦᠭᠵᠢᠯᠳᠡ ᠶᠢᠨ ᠳᠡᠰ ᠳᠠᠪᠬᠤᠷᠭ᠎ᠠ ᠶᠢ ᠳᠡᠰ ᠳᠡᠪᠰᠢᠭᠦᠯᠬᠦ᠂ ᠦᠷᠢᠰᠦᠳᠦᠯᠭᠡᠨ ᠤ ᠳᠠᠪᠠᠭᠤᠯᠢᠭ ᠢ ᠪᠤᠢ ᠪᠤᠯᠭᠠᠨ ᠰᠢᠨ᠎ᠠ ᠰᠢᠪᠳᠤᠯᠤᠯᠳᠠ ᠭᠠᠷᠭᠠᠬᠤ ᠪᠠᠷ ᠴᠢᠷᠮᠠᠶᠢᠬᠤ ᠬᠡᠷᠡᠭᠳᠠᠢ᠃ ᠵᠠᠰᠠᠭ ᠤᠨ ᠤᠷᠳᠤᠨ ᠤ ᠳᠡᠮᠵᠢᠯᠭᠡ ᠬᠢᠭᠡᠳ ᠵᠠᠬ᠎ᠠ ᠳᠡᠯᠭᠡᠭᠦᠷ ᠤᠨ ᠬᠦᠳᠦᠯᠦᠨ ᠵᠢᠯᠤᠭᠤᠳᠬᠤ ᠬᠠᠷᠢᠴᠠᠭ᠎ᠠ᠂ ᠳᠤᠮᠤ ᠠᠵᠤ ᠠᠬᠤᠢᠢᠯᠠᠯ ᠤᠨ ᠳᠤᠯᠭᠠᠭᠤᠷᠢᠯᠠᠯ ᠬᠢᠭᠡᠳ ᠵᠢᠵᠢᠭ ᠠᠵᠤ ᠠᠬᠤᠢᠢᠯᠠᠯ ᠢ ᠪᠦᠷᠭᠦᠭᠦᠯᠬᠦ ᠬᠠᠷᠢᠴᠠᠭ᠎ᠠ᠂ ᠤᠷᠤᠨ ᠨᠤᠳᠤᠭ ᠤᠨ ᠠᠵᠤ ᠠᠬᠤᠢᠢᠯᠠᠯ ᠬᠢᠭᠡᠳ ᠭᠠᠳᠠᠨ᠎ᠠ ᠠᠴᠠ ᠤᠷᠤᠵᠤ ᠢᠷᠡᠭᠦ ᠠᠵᠤ ᠠᠬᠤᠢᠢᠯᠠᠯ ᠤᠨ ᠬᠠᠷᠢᠴᠠᠭ᠎ᠠ᠂ ᠬᠦᠭᠵᠢᠯᠳᠡ ᠶᠢ ᠲᠦᠷᠭᠡᠳᠭᠡᠭᠦ ᠬᠢᠭᠡᠳ ᠤᠷᠴᠢᠨ ᠳᠤᠭᠤᠷᠢᠨ ᠢ ᠬᠠᠮᠠᠭᠠᠯᠠᠬᠤ ᠬᠠᠷᠢᠴᠠᠭ᠎ᠠ ᠶᠢ ᠡᠷᠬᠡᠪᠰᠢ ᠵᠦᠪ ᠢᠶᠠᠷ ᠰᠠᠶᠢᠳᠤᠷ ᠰᠢᠢᠳᠪᠦᠷᠢᠯᠡᠭᠦ ᠬᠡᠷᠡᠭᠳᠠᠢ ᠭᠡᠵᠠᠢ᠃      ᠯᠢ ᠵᠢᠢ ᠾᠧᠩ ᠴᠢᠬᠤᠯᠠᠴᠢᠯᠠᠬᠰᠡᠨ ᠨᠢ᠂ ᠤᠷᠳᠤ ᠬᠤᠭᠤᠴᠠᠭᠠᠨ ᠤ ᠲᠦᠯᠦᠪᠵᠢᠭᠦᠯᠭᠡ ᠬᠢᠭᠡᠳ ᠦᠵᠦ ᠲᠦᠯᠦᠪᠯᠡᠭᠡ ᠶᠢ ᠰᠠᠶᠢᠳᠤᠷ ᠬᠢᠵᠤ᠂ ᠠᠵᠢᠯ ᠤᠨ ᠭᠤᠤᠯᠳᠠᠯᠭ᠎ᠠ ᠶᠢ ᠳᠤᠪᠤᠶᠢᠯᠭᠠᠨ᠂ ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠳᠠᠪᠠᠯᠳᠠ ᠶᠢ ᠪᠡᠶᠡᠯᠡᠭᠦᠯᠬᠦ ᠶᠢ ᠳᠦᠯᠭᠢᠨ ᠠᠭᠢᠭᠤᠯᠬᠤ ᠬᠡᠷᠡᠭᠳᠠᠢ᠃ ᠤᠳᠤᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ ᠵᠠᠰᠠᠭ ᠢ ᠴᠤᠮᠬᠠᠳᠬᠠᠨ ᠡᠷᠭᠡ ᠶᠢ ᠲᠠᠯᠪᠢᠵᠤ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠳᠤᠮᠳᠠ ᠠᠭᠤᠯᠵᠤ ᠪᠦᠬᠦᠢ ᠠᠮᠢᠵᠢᠷᠠᠯ ᠤᠨ ᠬᠦᠴᠦᠨ ᠬᠢᠭᠡᠳ ᠪᠦᠳᠦᠭᠡᠯᠴᠢ ᠴᠢᠨᠠᠷ ᠢ ᠬᠦᠢᠴᠡᠳ ᠪᠠᠳᠠᠷᠠᠭᠤᠯᠬᠤ ᠬᠡᠷᠡᠭᠳᠠᠢ︔ ᠬᠦᠭᠵᠢᠯᠳᠡ ᠶᠢᠨ ᠳᠤᠮᠳᠠᠬᠢ ᠬᠦᠴᠢᠷᠳᠠᠯ ᠢ ᠨᠢ ᠬᠦᠴᠦᠯᠡᠨ ᠰᠢᠢᠳᠪᠦᠷᠢᠯᠡᠨ ᠦᠭᠴᠦ᠂ ᠠᠵᠤ ᠠᠬᠤᠢᠢᠯᠠᠯ ᠤᠨ ᠬᠦᠴᠢᠷᠳᠡᠯ ᠢᠶᠠᠨ ᠢᠯᠡᠨ ᠳᠠᠪᠠᠵᠤ ᠬᠦᠭᠵᠢᠨ ᠳᠤᠮᠤᠷᠠᠬᠤ ᠳᠤ ᠳᠤᠰᠠᠯᠠᠬᠤ ᠬᠡᠷᠡᠭᠳᠠᠢ︔ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠪᠦᠬᠦ ᠤᠷᠤᠨ ᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠲᠠᠢ ᠠᠭᠤᠰᠤᠯᠴᠠᠨ᠂ ᠳᠤᠮᠤ ᠠᠵᠤ ᠠᠬᠤᠢᠢᠯᠠᠯ ᠳᠤᠯᠭᠠᠭᠤᠷᠢᠯᠠᠬᠤ᠂ ᠵᠢᠵᠢᠭ ᠠᠵᠤ ᠠᠬᠤᠢᠢᠯᠠᠯ ᠢ ᠪᠦᠷᠭᠦᠭᠦᠯᠬᠦ ᠬᠦᠭᠵᠢᠯᠳᠡ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠳᠠᠢ︔ ᠰᠢᠨ᠎ᠠ ᠶᠢ ᠡᠭᠦᠳᠭᠦ ᠬᠦᠭᠵᠢᠯᠳᠡ ᠶᠢ ᠬᠦᠴᠦᠯᠡᠨ ᠠᠬᠢᠭᠤᠯᠵᠤ᠂ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠶᠢ ᠠᠬᠢᠭᠤᠯᠬᠤ ᠪᠠ ᠲᠦᠷᠢᠮ ᠤᠨ ᠰᠢᠨ᠎ᠠ ᠶᠢ ᠡᠭᠦᠳᠭᠦ ᠶᠢ ᠬᠠᠮᠳᠤ ᠳᠤᠨᠢ ᠠᠬᠢᠭᠤᠯᠬᠤ ᠬᠡᠷᠡᠭᠳᠠᠢ︔ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ ᠨᠡᠭᠡᠭᠡᠯᠳᠡ ᠬᠢᠭᠦ ᠶᠢ ᠦᠷᠭᠡᠳᠭᠡᠭᠦ ᠬᠡᠷᠡᠭᠳᠠᠢ︔ ᠰᠢᠨ᠎ᠠ ᠬᠡᠯᠪᠡᠷᠢ ᠶᠢᠨ ᠵᠠᠰᠠᠭ ᠤᠨ ᠤᠷᠳᠤᠨ ᠬᠢᠭᠡᠳ ᠠᠷᠠᠯᠵᠢᠶᠠᠴᠢᠨ ᠤ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠬᠦᠭᠵᠢᠭᠦᠯᠬᠦ ᠶᠢᠨ ᠡᠷᠡᠭᠦᠯ ᠤᠷᠴᠢᠨ ᠳᠤᠭᠤᠷᠢᠨ ᠢ ᠪᠤᠢ ᠪᠤᠯᠭᠠᠨ ᠦᠭᠭᠦ ᠬᠡᠷᠡᠭᠳᠠᠢ᠃ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠠᠷᠠᠳ ᠠᠴᠠ ᠡᠵᠡᠩᠨᠡᠭᠰᠡᠨ ᠠᠵᠤ ᠠᠬᠤᠢᠢᠯᠠᠯᠳᠠᠨ ᠢ ᠬᠦᠮᠦᠵᠢᠭᠦᠯᠬᠦ ᠶᠢ ᠪᠦᠬᠦ ᠤᠷᠤᠨ ᠤ ᠴᠢᠳᠠᠪᠤᠷᠢᠳᠠᠨ ᠤ ᠭᠦᠭᠵᠢᠯᠳᠡ ᠶᠢᠨ ᠲᠦᠯᠦᠪᠵᠢᠭᠦᠯᠭᠡ ᠶᠢᠨ ᠴᠢᠬᠤᠯᠠ ᠠᠭᠤᠯᠭ᠎ᠠ ᠪᠤᠯᠭᠠᠨ᠂ ᠲᠦᠯᠦᠪᠯᠡᠭᠡ ᠲᠠᠢ ᠪᠠᠷ᠂ ᠠᠯᠬᠤᠮ ᠳᠠᠷᠠᠭ᠎ᠠ ᠲᠠᠢ ᠪᠠᠷ ᠳᠤᠰᠬᠠᠢ ᠰᠡᠳᠦᠪᠳᠤ ᠰᠤᠷᠭᠠᠨ ᠬᠦᠮᠦᠵᠢᠯ ᠦᠷᠨᠢᠭᠦᠯᠤᠨ ᠬᠦᠮᠦᠵᠢᠭᠦᠯᠬᠦ ᠴᠢᠬᠤᠯᠠᠳᠠᠢ᠃ ᠦᠷᠭᠡᠨ ᠤᠯᠠᠨ ᠠᠷᠠᠳ ᠠᠴᠠ ᠡᠵᠡᠩᠨᠡᠭᠰᠡᠨ ᠠᠵᠤ ᠠᠬᠤᠢᠢᠯᠠᠯᠳᠠᠨ ᠠᠴᠠ ᠨᠡᠶᠢᠭᠡᠮ ᠤᠨ ᠲᠦᠷᠢ ᠲᠦᠷᠭᠦ ᠪᠠᠨ ᠨᠠᠨᠳᠢᠩᠨᠠᠨ ᠬᠠᠮᠠᠭᠠᠯᠠᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠳᠠᠢ ᠬᠦᠢᠴᠡᠳᠭᠡᠵᠤ᠂ ᠨᠡᠩ ᠰᠠᠶᠢᠨ ᠢᠶᠠᠷ ᠨᠡᠶᠢᠭᠡᠮ ᠤᠨ ᠠᠴᠢ ᠲᠤᠰᠠ ᠶᠢ ᠬᠠᠷᠢᠭᠤᠯᠤᠨ ᠂ ᠠᠷᠠᠳ ᠤᠯᠠᠨ ᠳᠠᠭᠠᠨ ᠪᠤᠶᠠᠨ ᠵᠢᠷᠭᠠᠯ ᠦᠢᠯᠡᠳᠬᠦ ᠬᠡᠷᠡᠭᠳᠠᠢ ᠬᠡᠵᠠᠢ᠃      ᠯᠢ ᠵᠢᠢ ᠾᠧᠩ ᠴᠢᠬᠤᠯᠠᠴᠢᠯᠠᠬᠰᠡᠨ ᠨᠢ᠂ ᠤᠳᠤᠷᠢᠳᠤᠯᠭ᠎ᠠ ᠶᠢᠨ ᠵᠤᠬᠢᠴᠠᠭᠤᠯᠬᠤ ᠳᠤᠭᠳᠠᠴᠠ ᠶᠢ ᠳᠡᠭᠦᠯᠳᠡᠷᠵᠢᠭᠦᠯᠬᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤᠭᠳᠠᠴᠠ ᠶᠢ ᠪᠦᠷᠢᠯᠳᠦᠭᠦᠯᠬᠦ᠂ ᠬᠢᠨᠠᠨ ᠰᠢᠯᠭᠠᠨ ᠵᠤᠷᠢᠭᠵᠢᠭᠤᠯᠬᠤ ᠪᠠ ᠪᠦᠷᠢᠳᠭᠡᠨ ᠰᠢᠯᠭᠠᠨ ᠬᠡᠮᠵᠢᠬᠦ ᠳᠤᠭᠳᠠᠴᠠ ᠶᠢ ᠪᠦᠷᠢᠨᠰᠢᠭᠦᠯᠬᠦ᠂ ᠶᠠᠷᠢᠶ᠎ᠠ ᠬᠡᠯᠡᠯᠴᠡᠭᠡ ᠤᠬᠠᠭᠤᠯᠭ᠎ᠠ ᠶᠢᠨ ᠬᠦᠳᠦᠯᠦᠨ ᠵᠢᠯᠤᠭᠤᠳᠬᠤ ᠳᠤᠭᠳᠠᠴᠠ ᠶᠢ ᠪᠠᠶᠢᠭᠤᠯᠬᠤ᠂ ᠠᠷᠠᠳ ᠠᠴᠠ ᠡᠷᠬᠢᠯᠡᠭᠰᠡᠨ ᠠᠵᠤ ᠠᠬᠤᠢᠢᠯᠠᠯ ᠤᠨ ᠨᠠᠮ ᠤᠨ ᠪᠠᠶᠢᠭᠤᠯᠤᠯᠳᠠ ᠶᠢᠨ ᠠᠵᠢᠯ ᠤᠨ ᠳᠤᠭᠳᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠳᠡᠢ᠃ ᠳᠤᠭᠳᠠᠴᠠ ᠶᠢ ᠳᠠᠰᠤᠷᠠᠯᠳᠠ ᠦᠭᠡᠢ ᠳᠡᠭᠦᠯᠳᠡᠷᠵᠢᠭᠦᠯᠬᠦ᠂ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠪᠠᠷ ᠳᠠᠮᠵᠢᠨ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠳᠤ ᠬᠦᠴᠤᠨ ᠪᠦᠬᠦᠢ ᠪᠠᠳᠤᠯᠠᠭ᠎ᠠ ᠬᠠᠩᠭᠠᠬᠤ ᠬᠡᠷᠡᠭᠳᠠᠢ ᠬᠡᠵᠡᠢ᠃      ᠪᠦ᠋ ᠰᠢᠶᠤᠤ ᠯᠢᠨ ᠶᠠᠷᠢᠶᠠᠨ ᠳᠠᠭᠠᠨ ᠱᠠᠭᠠᠷᠳᠠᠬᠰᠠᠨ ᠨᠢ᠂ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠡᠷᠬᠡᠪᠰᠢ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠲᠦᠷᠢᠮ ᠤᠨ ᠦᠨᠳᠦᠷᠴᠡ ᠳᠤ ᠵᠤᠭᠰᠤᠨ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠬᠤ ᠦᠨᠳᠦᠷᠴᠡ ᠳᠤ ᠵᠤᠭᠰᠤᠨ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠦᠭᠵᠢᠭᠦ ᠶᠢ ᠠᠬᠢᠭᠤᠯᠬᠤ ᠶᠢ ᠵᠤᠬᠢᠬᠤ ᠪᠠᠶᠢᠷᠢᠨ ᠳᠤ ᠳᠠᠯᠪᠢᠬᠤ ᠬᠡᠷᠡᠭᠳᠡᠢ᠃ ︽ᠬᠠᠤᠯᠢ ᠲᠦᠷᠢᠮ ᠤᠨ ᠬᠢᠵᠠᠭᠠᠷᠯᠠᠯ ᠦᠭᠡᠢ ᠪᠦᠬᠦᠨ ᠢ ᠡᠵᠡᠩᠨᠡᠵᠤ ᠪᠤᠯᠬᠤ ᠶᠢ ᠵᠦᠪᠰᠢᠶᠡᠷᠡᠭᠦ᠂ ᠡᠷᠭᠡ ᠳᠡᠭᠰᠢ ᠬᠠᠷᠠᠭᠠᠯᠵᠠᠯ ᠬᠦᠷᠳᠡᠭᠡᠭᠦ︾ ᠵᠠᠷᠴᠢᠮ ᠢ ᠴᠢᠩᠭ᠎ᠠ ᠨᠠᠶᠢᠳᠠᠪᠦᠷᠢᠵᠢᠭᠤᠯᠵᠤ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢᠢᠯᠠᠯ ᠦᠳ ᠢ ᠦᠨᠡᠨᠭᠦ ᠴᠢᠯᠦᠭᠡᠳᠠᠢ ᠲᠦᠷᠭᠡᠳᠭᠡᠨ ᠬᠦᠭᠵᠢᠭᠦᠯᠬᠦ ᠬᠡᠷᠡᠭᠳᠠᠢ᠃ ︽ᠳᠠᠯᠪᠢᠬᠤ ᠬᠠᠮᠢᠶᠠᠷᠬᠤ ᠦᠢᠯᠡᠴᠢᠯᠡᠭᠦ︾ ᠦᠭᠡᠷᠡᠴᠢᠯᠡᠯᠳᠡ ᠶᠢ ᠴᠢᠨᠠᠭᠰᠢᠳᠠ ᠬᠦᠨᠵᠡᠭᠡᠶᠢᠷᠡᠭᠦᠯᠵᠤ᠂ ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ ᠶᠢ ᠠᠬᠢᠭᠤᠯᠵᠤ ᠂ ᠬᠢᠨᠠᠯᠳᠠ ᠬᠠᠮᠢᠶᠠᠷᠤᠯᠳᠠ ᠶᠢᠨ ᠠᠷᠭ᠎ᠠ ᠬᠡᠯᠪᠡᠷᠢ ᠶᠢᠨ ᠰᠢᠨ᠎ᠠ ᠶᠢ ᠡᠭᠦᠳᠴᠦ᠂ ︽ᠢᠨᠲ᠋ᠧᠷ ᠰᠦᠯᠵᠢᠶ᠎ᠠ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠠᠬᠢᠭᠤᠯᠬᠤ ᠶᠢᠨ ᠬᠠᠮᠳᠤ ᠤᠯᠤᠰ ᠤᠨ ᠳᠤᠳᠤᠭᠠᠳᠤ ᠶᠢᠨ ᠳᠡᠷᠢᠭᠦᠨ ᠤ ᠭᠠᠵᠠᠷ ᠤᠷᠤᠨ ᠤ ᠬᠠᠯᠠᠨ ᠰᠠᠶᠢᠵᠢᠷᠠᠭᠤᠯᠤᠭᠰᠠᠨ ᠠᠵᠢᠯ ᠤᠨ ᠪᠠᠷᠢᠮᠵᠢᠶ᠎ᠠ ᠲᠠᠢ ᠪᠦᠬᠦ ᠳᠠᠯ᠎ᠠ ᠪᠠᠷ ᠬᠠᠷᠭᠤᠭᠤᠯᠬᠤ ᠬᠡᠷᠡᠭᠳᠠᠢ᠃ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠳᠡᠮᠵᠢᠭᠦ ᠡᠯ᠎ᠠ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ ᠰᠠᠶᠢᠳᠤᠷ ᠨᠠᠶᠢᠳᠠᠪᠤᠷᠢᠵᠢᠭᠤᠯᠵᠤ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠭᠦᠭᠵᠢᠯᠳᠡ ᠶᠢ ᠬᠦᠯᠢᠶᠡᠰᠦᠯᠡᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠰᠠᠶᠢᠳᠦᠷ ᠰᠢᠢᠳᠪᠦᠷᠢᠯᠡᠭᠦ ᠬᠡᠷᠡᠭᠳᠠᠢ᠃ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠳᠤ ᠵᠤᠬᠢᠴᠠᠭᠰᠠᠨ ᠤᠯᠠᠨ ᠡᠰᠢᠴᠢᠯᠡᠭᠰᠡᠨ᠂ ᠤᠯᠠᠨ ᠳᠡᠰ ᠳᠠᠪᠬᠤᠷᠭ᠎ᠠ ᠶᠢᠨ ᠪᠡᠯᠡ ᠬᠤᠷᠠᠮᠳᠤᠭᠤᠯᠬᠤ ᠦᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠵᠤ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢᠢᠯᠠᠯ ᠤᠳᠤᠬᠢᠴᠢᠯᠠᠭᠰᠠᠨ ᠠᠵᠤ ᠠᠬᠤᠢᠢᠯᠠᠯ ᠤᠨ ᠲᠦᠷᠢᠮ ᠢ ᠲᠦᠷᠭᠡᠳᠭᠡᠨ ᠪᠠᠶᠢᠭᠤᠯᠬᠤ ᠶᠢ ᠬᠦᠳᠦᠯᠦᠨ ᠵᠢᠯᠤᠭᠤᠳᠬᠤ ᠪᠠ ᠳᠤᠰᠠᠯᠠᠵᠤ᠂ ᠬᠦᠭᠵᠢᠯᠳᠡ ᠶᠢᠨ ᠰᠢᠨ᠎ᠠ ᠣᠨᠣᠯᠵᠢᠬᠤᠨ ᠢ ᠪᠤᠢ ᠪᠤᠯᠭᠠᠨ᠂ ᠬᠦᠭᠵᠢᠯᠳᠡ ᠶᠢᠨ ᠢᠳᠡᠭᠡᠯ ᠢᠶᠠᠨ ᠨᠡᠮᠡᠭᠳᠡᠭᠦᠯᠵᠤ᠂ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠲᠠᠢ ᠢᠳᠡᠪᠬᠢᠳᠠᠢ ᠪᠠᠷ ᠵᠤᠬᠢᠴᠠᠵᠤ᠂ ᠠᠵᠤ ᠠᠬᠤᠢᠢᠯᠠᠯ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠭᠡᠭᠦ ᠬᠡᠷᠡᠭᠳᠠᠢ᠃ ᠵᠠᠰᠠᠭ ᠤᠨ ᠶᠠᠪᠤᠳᠠᠯ ᠤᠨ ᠤᠷᠴᠢᠨ ᠳᠤᠭᠤᠷᠢᠨ ᠢᠶᠠᠨ ᠬᠦᠴᠦᠯᠡᠨ ᠰᠢᠯᠢᠳᠡᠭᠵᠢᠭᠦᠯᠵᠤ᠂ ᠳᠤᠰᠢᠶᠠᠯ ᠡᠷᠭᠡ ᠶᠢ ᠬᠠᠤᠯᠢ ᠪᠠᠷ ᠳᠤᠭᠳᠠᠭᠠᠬᠤ ᠤᠬᠠᠮᠰᠠᠷ ᠢ ᠪᠠᠳᠤ ᠱᠤᠭᠤᠵᠤ᠂ ᠬᠠᠤᠯᠢ ᠶᠤᠰᠤᠭᠠᠷ ᠠᠯᠪᠠᠨ ᠪᠠᠶᠢᠭᠤᠯᠭ᠎ᠠ ᠶᠢᠨ ᠡᠷᠭᠡ ᠪᠠᠨ ᠬᠡᠷᠡᠭᠵᠢᠭᠦᠯᠵᠤ᠂ ᠬᠡᠪ ᠰᠤᠷᠳᠠᠯ ᠢᠶᠠᠨ ᠴᠢᠨᠠᠭᠰᠢᠳᠠ ᠰᠠᠶᠢᠵᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠯᠳᠠ ᠪᠠᠨ ᠴᠢᠩᠭᠠᠳᠬᠠᠬᠤ ᠬᠡᠷᠡᠭᠳᠠᠢ᠃ ᠦᠨᠡᠨᠴᠢ ᠢᠳᠡᠭᠡᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠦᠨᠡᠨ ᠰᠡᠳᠬᠢᠯ ᠠᠴᠠ ᠪᠠᠨ ᠬᠦᠳᠡᠯᠦᠩᠭᠦᠢ ᠪᠠᠷ ᠠᠵᠤ ᠠᠬᠤᠢᠢᠯᠠᠯ ᠳᠤ ᠦᠢᠯᠡᠴᠢᠯᠡᠨ᠂ ᠠᠵᠤ ᠠᠬᠤᠢᠢᠯᠠᠯ ᠤᠨ ᠬᠦᠴᠢᠷᠳᠠᠯ ᠬᠢᠭᠡᠳ ᠠᠰᠠᠭᠤᠳᠠᠯ ᠢᠶᠠᠨ ᠰᠢᠢᠳᠪᠦᠷᠢᠯᠡᠭᠦ ᠳᠤ ᠢᠳᠡᠪᠬᠢᠳᠠᠢ ᠪᠠᠷ ᠳᠤᠰᠠᠯᠠᠵᠤ᠂ ᠰᠢᠨ᠎ᠠ ᠬᠡᠯᠪᠡᠷᠢ ᠶᠢᠨ ᠵᠠᠰᠠᠭ ᠤᠨ ᠤᠷᠳᠤᠨ ᠬᠢᠭᠡᠳ ᠠᠷᠠᠯᠵᠢᠶᠡᠨ ᠤ ᠬᠠᠷᠢᠴᠠᠭ᠎ᠠ ᠶᠢ ᠪᠠᠶᠢᠭᠤᠯᠬᠤ ᠬᠡᠷᠡᠭᠳᠠᠢ᠃ ︽ᠲᠦᠷᠪᠠᠨ ᠤᠬᠠᠮᠰᠠᠷ︾ ᠢᠯᠠᠩᠭᠤᠶ᠎ᠠ ᠭᠤᠤᠯᠯᠠᠬᠤ ᠤᠬᠠᠮᠰᠡᠷ᠂ ᠨᠢᠭᠡᠳᠤᠯᠳᠠᠢ ᠪᠠᠶᠢᠬᠤ ᠤᠬᠠᠮᠰᠡᠷ ᠢᠶᠠᠨ ᠴᠢᠩᠭᠠᠤᠨᠬᠠᠵᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠦᠭᠡᠷᠡᠴᠢᠯᠡᠯᠳᠡ ᠬᠢᠵᠤ ᠰᠢᠨ᠎ᠠ ᠶᠢ ᠡᠭᠦᠳᠭᠦ᠂ ᠦᠨᠡᠨ ᠪᠤᠳᠠᠳᠠᠢ ᠠᠵᠢᠯᠯᠠᠵᠤ᠂ ᠪᠦᠬᠦ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠰᠢᠨ᠎ᠠ ᠪᠠᠷ ᠨᠡᠩ ᠶᠡᠭᠡᠪᠡᠷ ᠬᠦᠭᠵᠢᠭᠦᠯᠬᠦ ᠶᠢ ᠴᠢᠷᠮᠠᠶᠢᠨ ᠠᠬᠢᠭᠤᠯᠬᠤ ᠬᠡᠷᠡᠭᠳᠠᠢ ᠬᠡᠵᠡᠢ᠃      ᠬᠤᠷᠠᠯ ᠨᠢ ᠬᠠᠷᠠᠭᠠᠨ ᠳᠠᠪᠲᠠᠮᠵᠢ ᠶᠢᠨ ᠬᠤᠷᠡᠯ ᠤᠨ ᠬᠡᠯᠪᠡᠷᠢ ᠪᠠᠷ ᠶᠠᠪᠤᠭᠳᠠᠪᠡ᠃ ᠬᠤᠷᠠᠯ ᠳᠡᠭᠡᠷ᠎ᠠ᠂ ᠲᠦᠩᠯᠢᠶᠤᠤ ᠬᠤᠳᠠ ᠶᠢᠨ ᠨᠠᠮ ᠤᠨ ᠬᠤᠷᠢᠶ᠎ᠠ᠂ ᠤᠷᠳᠤᠰ ᠬᠤᠳᠠ ᠶᠢᠨ ᠨᠠᠮ ᠤᠨ ᠬᠤᠷᠢᠶ᠎ᠠ᠂ ᠬᠠᠶᠢᠷᠤᠪ ᠤᠨ ᠳᠤᠬᠤᠢ ᠶᠢᠨ ᠳᠤᠭᠤᠷᠢᠭ ᠤᠨ ᠨᠠᠮ ᠤᠨ ᠬᠤᠷᠢᠶ᠎ᠠ᠂ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ᠂ ᠢᠯᠢ ᠪᠦᠯᠦᠭᠯᠡᠯ᠂ ᠪᠤᠤ ᠱᠠᠩ ᠪᠠᠩᠬᠢ ᠶᠢᠨ ᠬᠠᠷᠢᠭᠤᠴᠠᠯᠭᠠᠳᠠᠨ ᠳᠤᠷᠰᠢᠯᠭ᠎ᠠ ᠪᠠᠨ ᠰᠤᠯᠢᠯᠴᠠᠵᠠᠢ᠃ ᠡᠯ᠎ᠠ ᠠᠶᠢᠮᠠᠭ ᠬᠤᠳᠠ ᠶᠢᠨ ᠨᠢᠭᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ᠂ ᠵᠠᠰᠠᠭ ᠤᠨ ᠤᠷᠳᠤᠨ ᠤ ᠬᠤᠪᠢᠳᠠᠨ ᠬᠠᠷᠢᠭᠤᠴᠠᠵᠤ ᠪᠠᠶᠢᠭ᠎ᠠ ᠤᠳᠤᠷᠢᠳᠤᠯᠭ᠎ᠠ᠂ ᠠᠵᠤ ᠠᠬᠤᠢ ᠮᠡᠳᠡᠭᠡ ᠵᠠᠩᠬᠢᠵᠢᠯᠳᠠ ᠶᠢᠨ ᠵᠦᠪᠯᠡᠯ ᠤᠨ ᠡᠷᠬᠢᠯᠡᠭᠴᠢ᠂ ᠦᠢᠯᠡᠳᠪᠦᠷᠢ ᠬᠤᠳᠠᠯᠳᠤᠭ᠎ᠠ ᠶᠢᠨ ᠬᠤᠯᠪᠤᠭ᠎ᠠ ᠶᠢᠨ ᠳᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠡᠯ᠎ᠠ ᠰᠠᠯᠠᠭ᠎ᠠ ᠮᠦᠴᠢᠷ ᠡᠯ᠎ᠠ ᠪᠠᠶᠢᠭᠤᠯᠭ᠎ᠠ ᠨᠢᠭᠡᠴᠡ᠂ ᠬᠦᠬᠡᠬᠤᠳᠠ ᠳᠤ ᠰᠠᠭᠤᠭ᠎ᠠ ᠲᠦᠪ ᠤᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ᠂ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠭᠤᠤᠯ ᠪᠤᠯᠬᠤ ᠬᠠᠷᠢᠭᠤᠴᠠᠯᠭᠠᠳᠠᠨ᠂ ᠦᠪᠡᠷᠳᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭ᠎ᠠ ᠶᠢᠨ ᠬᠤᠯᠪᠤᠭ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠰᠢᠭᠤᠳ ᠬᠠᠷᠢᠶ᠎ᠠ ᠬᠤᠳᠠᠯᠳᠤᠭᠠᠨ ᠤ ᠨᠡᠶᠢᠭᠡᠮᠯᠢᠭ ᠤᠨ ᠳᠠᠷᠤᠭ᠎ᠠ᠂ ᠪᠦᠬᠦ ᠤᠷᠤᠨ ᠤ 100 ᠬᠦᠴᠦᠷᠭᠡᠭ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢᠢᠯᠡᠯ ᠤᠨ ᠬᠠᠤᠯᠢ ᠶᠢᠨ ᠡᠷᠭᠡᠳᠡᠨ ᠭᠤᠤᠯ ᠬᠤᠷᠠᠯ ᠤᠨ ᠳᠠᠯᠠᠪᠠᠢ ᠶᠢᠨ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号