| ᠰᠤᠷᠪᠤᠯᠵᠢᠯᠠᠭᠰᠠᠨ ᠴᠠᠭ᠄ | 2016 ᠤᠨ ᠤ 11 ᠳ᠋ᠤᠭᠡᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠤᠴᠢᠨ᠄ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠮᠸᠡᠭ ᡁᠢ ᠵᠢᠶᠦ᠋ᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠮᠠᠨ ᠤ ᠤᠯᠤᠰ ᠪᠣᠯ ᠥᠷᠭᠡᠨ ᠠᠭᠤᠳᠠᠮ ᠨᠤᠲᠤᠭ ᠳᠡᠪᠢᠰᠬᠡᠷ ᠲᠠᠢ ᠲᠤᠮᠤ ᠤᠯᠤᠰ ᠮᠦᠨ᠂ ᠡᠬᠡ | ᠬᠠᠭᠤᠷᠠᠶ ᠶᠢᠨ ᠬᠢᠯᠢ ᠶᠢᠨ ᠱᠤᠭᠤᠮ ᠤᠨ ᠤᠷᠳᠤ ᠨᠢ 2.2 ᠲᠦᠮᠡᠨ ᠺᠢᠯᠣᠮᠧᠲᠷ ᠪᠠᠶᠢᠵᠤ᠂ 14 ᠤᠯᠤᠰ ᠲᠠᠢ | ᠬᠥᠷᠰᠢᠯᠡᠵᠦ᠂ ᠡᠯ᠎ᠡ ᠦᠨᠳᠦᠰᠦᠲᠡᠨ ᠤ 2300 ᠲᠦᠮᠡ ᠭᠠᠷᠤᠢ ᠠᠷᠠᠳ ᠲᠦᠮᠡᠨ ᠠᠳᠡ ᠠᠵᠤ ᠲᠦᠷᠦᠵᠤ᠂ | ᠪᠠᠷᠤᠭ ᠬᠠᠭᠠᠰ ᠨᠢ ᠴᠥᠭᠡᠨ ᠲᠣᠭᠠᠲᠤ ᠦᠨᠳᠦᠰᠦᠲᠡᠨ ᠪᠠᠶᠢᠵᠤ᠂ 30 ᠭᠠᠷᠤᠶ ᠦᠨᠳᠦᠰᠦᠲᠡᠨ ᠬᠢᠯᠢ ᠠᠯᠤᠰᠯᠠᠨ | ᠰᠠᠭᠤᠷᠢᠰᠢᠵᠤ ᠪᠠᠶᠢᠨ᠎ᠠ᠃ ᠬᠢᠯᠢ ᠬᠢᠵᠠᠭᠠᠷ ᠣᠷᠣᠨ ᠤ ᠬᠥᠭᠵᠢᠯᠲᠡ ᠶᠢ ᠲᠦᠷᠭᠡᠳᠭᠡᠬᠦ ᠨᠢ ᠬᠢᠯᠢ ᠬᠢᠵᠠᠭᠠᠷ ᠢ | ᠲᠣᠭᠲᠠᠭᠤᠨ ᠪᠠᠶᠢᠯᠭᠠᠬᠤ᠂ ᠬᠢᠯᠢ ᠶᠢᠨ ᠪᠠᠲᠤᠯᠠᠨ ᠬᠠᠮᠠᠭᠠᠯᠠᠯᠲᠠ ᠶᠢ ᠪᠠᠬᠢᠵᠢᠬᠦᠯᠬᠦ᠂ ᠦᠨᠳᠦᠰᠦᠲᠡᠨ ᠤ ᠪᠦᠯᠬᠦᠮᠳᠡᠯ ᠢ | ᠬᠠᠮᠠᠭᠠᠯᠠᠬᠤ᠂ ᠡᠬᠡ ᠤᠯᠤᠰ ᠤᠨ ᠰᠠᠶᠢᠨ ᠰᠠᠶᠢᠬᠠᠨ ᠲᠦᠷᠢ ᠲᠥᠷᠬᠦ ᠶᠢ ᠲᠤᠲᠤᠷᠠᠭᠤᠯᠬᠤ ᠳᠤ ᠴᠥᠮ ᠲᠦᠢᠯ ᠤᠨ | ᠴᠢᠬᠤᠯᠠ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠲᠠᠢ ᠶᠤᠮ᠃ ᠬᠢᠯᠢ ᠬᠢᠵᠠᠭᠠᠷ ᠣᠷᠣᠨ ᠤ ᠬᠤᠴᠣᠷᠤᠩᠭᠤᠶ | ᠳᠦᠷᠰᠦ ᠪᠠᠶᠢᠳᠠᠯ ᠢ ᠬᠦᠴᠦᠯᠡᠨ ᠦᠬᠡᠷᠡᠴᠢᠯᠡᠬᠦ ᠶᠢᠨ ᠲᠤᠯᠠᠳᠠ᠂ 1999 ᠣᠨ ᠳᠤ᠂ ᠤᠯᠤᠰ ᠤᠨ | ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠪᠠᠷᠠᠭᠤᠨ ᠪᠦᠰᠡ ᠶᠢᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ | ᠤᠷᠢᠶᠠᠯᠠᠭ᠎ᠠ ᠶᠢ ᠴᠤᠤᠷᠢᠶᠠᠲᠤᠨ ᠲᠠᠭᠠᠵᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ | ᠡᠳ᠋ ᠤᠨ ᠵᠠᠰᠠᠭ ᠤᠨ ᠶᠠᠮᠤᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠬᠢᠯᠢ ᠬᠢᠵᠠᠭᠠᠷ ᠣᠷᠣᠨ ᠢ ᠬᠥᠭᠵᠢᠭᠦᠯᠦᠨ | ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠰᠡᠲᠦᠨ ᠦᠷᠨᠢᠬᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠢ ᠪᠠᠭᠲᠠᠭᠠᠭᠰᠠᠨ ᠬᠢᠯᠢ ᠬᠢᠵᠠᠭᠠᠷ ᠤᠨ 9 ᠮᠤᠵᠢ ᠣᠷᠣᠨ ᠤ 136 ᠬᠢᠯᠢ ᠬᠢᠵᠠᠭᠠᠷ ᠤᠨ ᠣᠷᠣᠨ ᠤ ᠰᠢᠶᠠᠨ ︵ | ᠬᠤᠰᠢᠭᠤ︶ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠢᠯᠢ ᠶᠢᠨ | ᠣᠷᠣᠨ ᠳᠠᠬᠢ 58 ᠬᠤᠷᠢᠶ᠎ᠠ ᠲᠠᠯᠠᠪᠠᠢ᠂ ᠬᠠᠶᠢᠨᠠᠨ ᠮᠤᠵᠢ ᠶᠢᠨ 6 ᠁ | | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠦᠷᠨᠢᠬᠦᠯᠦᠭᠰᠡᠨ ᠠᠬᠤᠶ | ᠪᠠᠶᠢᠳᠠᠯ ᠵᠢᠴᠢ ᠮᠠᠨ ᠤ ᠣᠷᠣᠨ ᠤ ᠬᠢᠯᠢ ᠬᠢᠵᠠᠭᠠᠷ ᠣᠷᠣᠨ ᠤ ᠦᠨᠳᠦᠰᠦᠨ ᠪᠠᠶᠢᠳᠠᠯ ᠢ ᠲᠠᠨᠢᠯᠴᠠᠭᠤᠯᠤᠭᠠᠳ | ᠦᠭᠭᠦᠨ᠎ᠡ ᠤᠤ︖ | ᠮᠸᠡᠭ ᡁᠢ ᠵᠢᠶᠦ᠋ᠨ᠄ | ᠮᠠᠨ ᠤ ᠤᠯᠤᠰ ᠤᠨ ᠡᠬᠡ ᠬᠠᠭᠤᠷᠠᠶ ᠶᠢᠨ ᠬᠢᠯᠢ ᠶᠢᠨ ᠱᠤᠭᠤᠮ 2.2 ᠲᠦᠮᠡᠨ ᠺᠢᠯᠣᠮᠧᠲᠷ ᠤᠷᠲᠤ ᠪᠠᠶᠢᠳᠠᠭ᠂ | ᠡᠭᠦᠨ ᠳᠤ 1.9 ᠲᠦᠮᠡᠨ ᠺᠢᠯᠣᠮᠧᠲᠷ ᠨᠢ ᠦᠨᠳᠦᠰᠦᠲᠡᠨ ᠤ ᠭᠠᠵᠠᠷ ᠣᠷᠣᠨ ᠳᠤ ᠪᠠᠶᠢᠵᠤ᠂ ᠡᠬᠡ ᠬᠠᠭᠤᠷᠠᠶ ᠶᠢᠨ | ᠬᠢᠯᠢ ᠨᠢ 15 ᠤᠯᠤᠰ ᠲᠠᠢ ᠬᠢᠯᠢ ᠨᠡᠶᠢᠯᠡᠵᠦ ᠪᠠᠶᠢᠳᠠᠭ ᠪᠤᠯᠬᠤᠷ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠬᠢᠯᠢ ᠬᠢᠵᠠᠭᠠᠷ ᠣᠷᠣᠨ ᠤ ᠬᠥᠭᠵᠢᠯᠲᠡ ᠪᠤᠯᠤᠨ ᠲᠣᠭᠲᠠᠭᠤᠨ ᠪᠠᠶᠢᠳᠠᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠭ᠎ᠠ ᠶᠤᠮ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠠᠵᠢᠯᠯᠠᠭ᠎ᠠ ᠶᠢ ᠪᠣᠯ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠪᠠᠷᠠᠭᠤᠨ | ᠪᠦᠰᠡ ᠶᠢᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠠᠮᠵᠢᠬᠤ ᠶᠢᠨ ᠲᠤᠯᠠᠳᠠ᠂ | ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ 1999 ᠣᠨ ᠳᠤ ᠰᠡᠲᠦᠨ ᠦᠷᠨᠢᠬᠦᠯᠦᠭᠰᠡᠨ ᠪᠦᠭᠡᠳ | 2000 ᠣᠨ ᠤ 2 ᠳ᠋ᠤᠭᠠᠷ ᠰᠠᠷ᠎ᠠ ᠳᠤ ᠵᠢᠩᠬᠢᠨᠢ ᠪᠠᠷ ᠡᠬᠢᠯᠡᠭᠦᠯᠦᠭᠰᠡᠨ ᠬᠢᠯᠢ ᠬᠢᠵᠠᠭᠠᠷ ᠤᠨ ᠦᠨᠳᠦᠰᠦᠲᠡᠨ ᠤ | ᠭᠠᠵᠠᠷ ᠣᠷᠣᠨ ᠢ ᠨᠡᠭᠡᠭᠡᠨ ᠬᠥᠭᠵᠢᠭᠦᠯᠬᠦ ᠪᠠᠷ ᠬᠠᠷᠠᠯᠲᠠ ᠪᠤᠯᠭᠠᠭᠰᠠᠨ ᠪᠠᠷᠠᠭᠤᠨ ᠪᠦᠰᠡ ᠶᠢᠨ ᠭᠠᠵᠠᠷ ᠣᠷᠣᠨ ᠢ | ᠨᠡᠭᠡᠭᠡᠨ ᠬᠥᠭᠵᠢᠭᠦᠯᠬᠦ ᠢᠵᠢ ᠪᠦᠷᠢᠳᠦᠭᠦᠯᠬᠦ ᠢᠨᠵᠧᠨᠧᠷᠢᠩ ᠪᠤᠯᠤᠨ᠎ᠠ᠃ ᠲᠡᠭᠦᠨ ᠤ ᠵᠣᠷᠢᠯᠭ᠎ᠠ ᠨᠢ ᠪᠣᠯ ᠤᠯᠠᠨ | ᠲᠠᠯ᠎ᠠ ᠶᠢᠨ ᠬᠦᠴᠦᠨ ᠢ ᠳᠠᠶᠢᠴᠢᠯᠠᠨ᠂ ᠬᠢᠯᠢ ᠬᠢᠵᠠᠭᠠᠷ ᠣᠷᠣᠨ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ᠂ | ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠢᠯᠢ ᠬᠢᠵᠠᠭᠠᠷ ᠣᠷᠣᠨ ᠤ ᠬᠥᠭᠵᠢᠯᠲᠡ ᠶᠢ ᠲᠦᠷᠭᠡᠳᠭᠡᠵᠤ᠂ | ᠬᠢᠯᠢ ᠬᠢᠵᠠᠭᠠᠷ ᠤᠨ ᠨᠢᠭᠡᠳᠦᠭᠡᠷ ᠹᠷᠣᠨᠲ ᠤᠨ ᠤᠯᠠᠨ ᠲᠦᠮᠡᠨ ᠢ ᠲᠦᠷᠭᠡᠭᠡᠨ ᠶᠠᠳᠠᠭᠤ ᠠᠴᠠ ᠠᠩᠭᠢᠵᠢᠷᠠᠭᠤᠯᠤᠨ | ᠪᠠᠶᠠᠵᠢᠭᠤᠯᠵᠤ᠂ ᠬᠠᠮᠤᠭ ᠤᠨ ᠡᠴᠦᠰ ᠲᠤ ︽ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠣᠷᠣᠨ ᠢᠶᠠᠨ | ᠬᠥᠭᠵᠢᠭᠦᠯᠬᠦ᠂ ᠤᠯᠤᠰ ᠣᠷᠣᠨ ᠢᠶᠠᠨ ᠬᠦᠴᠦᠷᠬᠡᠭᠵᠢᠭᠦᠯᠬᠦ᠂ ᠬᠦᠷᠰᠢ ᠵᠡᠷᠭᠡᠯᠡᠳᠡᠭᠡ ᠯᠦᠭᠡ ᠡᠪ ᠨᠠᠶᠢᠷᠠᠮᠳᠠᠭᠤ ᠪᠠᠶᠢᠬᠤ︾ | ᠬᠠᠷᠠᠯᠲᠠ ᠳᠤ ᠬᠦᠷᠦᠬᠦᠯᠬᠦ ᠶᠠᠪᠤᠳᠠᠯ ᠪᠤᠯᠤᠨ᠎ᠠ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠠᠵᠢᠯᠯᠠᠭ᠎ᠠ ᠶᠢᠨ ᠠᠵᠢᠯ ᠤᠨ ᠬᠦᠷᠢᠶ᠎ᠡ ᠬᠡᠪᠴᠢᠶ᠎ᠡ ᠨᠢ ᠮᠠᠨ ᠤ ᠣᠷᠣᠨ ᠢ ᠪᠠᠭᠲᠠᠭᠠᠭᠰᠠᠨ ᠪᠦᠬᠦ | ᠤᠯᠤᠰ ᠤᠨ 9 ᠮᠤᠵᠢ᠂ ᠥᠪᠡᠷᠲᠡᠭᠡᠨ ᠵᠠᠰᠠᠬᠤ ᠣᠷᠣᠨ ᠤ 136 ᠬᠢᠯᠢ ᠶᠢᠨ ᠣᠷᠣᠨ ᠤ ᠰᠢᠶᠠᠨ ᠵᠢᠴᠢ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠡᠭᠲ᠋ᠤᠸᠠᠨ ᠤ ᠬᠢᠯᠢ ᠶᠢᠨ ᠣᠷᠣᠨ ᠳᠠᠬᠢ 58 | ᠬᠤᠷᠢᠶ᠎ᠠ ᠲᠠᠯᠠᠪᠠᠢ ᠬᠤᠯᠪᠤᠭᠳᠠᠨ᠎ᠠ᠃ ᠡᠨᠡ 136 ᠬᠢᠯᠢ ᠶᠢᠨ ᠬᠤᠰᠢᠭᠤ ᠰᠢᠶᠠᠨ ︵ᠮᠠᠨ ᠤ ᠣᠷᠣᠨ ᠳᠤ 19 ᠪᠤᠢ︶ | ᠤ ᠳᠤᠲᠤᠷ᠎ᠠ᠂ 107 ᠨᠢ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠪᠤᠯᠤᠨ᠎ᠠ᠃ ᠲᠡᠦᠬᠡ ᠪᠤᠯᠤᠨ | ᠪᠠᠶᠢᠭᠠᠯᠢ ᠶᠢᠨ ᠭᠠᠵᠠᠷ ᠵᠦᠢ ᠵᠡᠷᠭᠡ ᠰᠢᠯᠲᠠᠭᠠᠨ ᠠᠴᠠ ᠪᠣᠯᠵᠤ᠂ ᠤᠷᠳᠤ ᠬᠤᠭᠤᠴᠠᠭᠠᠨ ᠤ ᠲᠤᠷᠰᠢ᠂ ᠡᠨᠡ ᠬᠦ | ᠣᠷᠣᠨ ᠪᠦᠰᠡ ᠶᠢᠨ ᠶᠡᠷᠦᠩᠬᠡᠶ ᠬᠥᠭᠵᠢᠯᠲᠡ ᠬᠤᠴᠤᠷᠤᠩᠭᠤᠢ ᠪᠠᠶᠢᠵᠤ᠂ ᠡᠬᠡ ᠬᠠᠭᠤᠷᠠᠶ ᠶᠢᠨ ᠭᠠᠵᠠᠷ ᠣᠷᠣᠨ ᠯᠤᠭ᠎ᠠ | ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ | ᠭᠤᠣᠯᠳᠠᠯᠭ᠎ᠠ ᠪᠤᠯᠤᠨ ᠬᠦᠴᠢᠷᠲᠠᠢ ᠤᠷᠤᠨ ᠪᠦᠰᠡ ᠪᠤᠯᠤᠭᠰᠠᠭᠠᠷ ᠢᠷᠡᠪᠡ᠃ | ᠮᠠᠨ ᠤ ᠣᠷᠣᠨ ︽12 ·5︾ ᠶᠢᠨ ᠬᠤᠭᠤᠴᠠᠭᠠᠨ ᠳᠤ ᠨᠡᠶᠢᠲᠡ 19 ᠬᠢᠯᠢ ᠶᠢᠨ ᠬᠤᠰᠢᠭᠤ ᠬᠤᠲᠠ ︵ | ᠲᠤᠰ ᠲᠤᠰ ᠬᠥᠯᠥᠨ ᠪᠤᠶᠢᠷ ᠬᠤᠳᠠ ᠶᠢᠨ ᠮᠠᠨᠵᠤᠤᠷ ᠬᠤᠳᠠ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ | ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠡᠷᠭᠦᠨ᠎ᠡ ᠬᠤᠲᠠ︔ ᠬᠢᠩᠭᠠᠨ ᠠᠶᠢᠮᠠᠭ ᠤᠨ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤ᠂ ᠷᠠᠰᠢᠶᠠᠨ ᠬᠤᠳᠠ︔ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ᠂ | ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠠᠪᠠᠭ᠎ᠠ ᠬᠤᠰᠢᠭᠤ᠂ ᠵᠡᠭᠦᠨ ᠦᠵᠦᠮᠦᠴᠢᠨ | ᠬᠤᠰᠢᠭᠤ︔ ᠤᠯᠠᠭᠠᠨᠴᠠᠪ ᠬᠤᠲᠠ ᠶᠢᠨ ᠳᠥᠷᠪᠡᠳ ᠬᠤᠰᠢᠭᠤ︔ ᠪᠤᠭᠤᠲᠤ ᠬᠤᠲᠠ ᠶᠢᠨ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ︔ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ᠂ ᠤᠷᠠᠳ ᠤᠨ ᠬᠤᠶᠢᠲᠤ | ᠬᠤᠰᠢᠭᠤ︔ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ︶ | ᠶᠢ ᠬᠢᠯᠢ ᠬᠢᠵᠠᠭᠠᠷ ᠤᠷᠤᠨ ᠢ ᠬᠦᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ︽12.5︾ ᠶᠢᠨ | ᠲᠥᠯᠥᠪᠵᠢᠭᠦᠯᠭᠡ ᠶᠢᠨ ᠬᠡᠪᠴᠢᠶ᠎ᠡ ᠳᠤ ᠤᠷᠤᠭᠤᠯᠪᠠ᠃ ᠮᠠᠨ ᠤ ᠣᠷᠣᠨ ᠮᠣᠩᠭᠤᠯ ᠤᠯᠤᠰ ᠪᠤᠯᠤᠨ ᠣᠷᠣᠰ ᠲᠠᠢ | ᠬᠢᠯᠢ ᠨᠡᠶᠢᠯᠡᠵᠦ᠂ ᠬᠢᠯᠢ ᠶᠢᠨ ᠱᠤᠭᠤᠮ ᠤᠨ ᠤᠷᠳᠤ ᠨᠢ 4263 ᠺᠢᠯᠣᠮᠧᠲᠷ᠂ ᠬᠢᠯᠢ ᠶᠢᠨ ᠬᠤᠰᠢᠭᠤ ᠬᠤᠲᠠ ᠶᠢᠨ | ᠪᠦᠬᠦ ᠲᠠᠯᠠᠪᠠᠶ ᠨᠢ 61.9 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠬᠦ ᠣᠷᠣᠨ ᠤ ᠭᠠᠵᠠᠷ | ᠰᠢᠷᠣᠶ ᠶᠢᠨ ᠲᠠᠯᠠᠪᠠᠶ ᠶᠢᠨ 52.3% ᠶᠢ ᠡᠵᠡᠯᠡᠨ᠎ᠡ︔ ᠪᠦᠬᠦ ᠬᠥᠮᠦᠨ ᠠᠮᠠ ᠨᠢ 176.01 ᠲᠦᠮᠡ ᠪᠠᠶᠢᠵᠤ᠂ | ᠪᠦ᠋ᠬᠦ ᠣᠷᠣᠨ ᠤ ᠶᠡᠷᠦᠩᠬᠡᠶ ᠬᠥᠮᠦᠨ ᠠᠮᠠ ᠶᠢᠨ 7.14% ᠶᠢ ᠡᠵᠡᠯᠡᠨ᠎ᠡ᠂ ᠡᠭᠦᠨ ᠳᠤ ᠴᠥᠭᠡᠨ ᠲᠣᠭᠠᠲᠤ | ᠦᠨᠳᠦᠰᠦᠲᠡᠨ ᠤ ᠬᠥᠮᠦᠨ ᠠᠮᠠ60.13 ᠲᠦᠮᠡ ᠪᠠᠶᠢᠵᠤ᠂ ᠥᠪᠥᠷ ᠮᠣᠩᠭᠤᠯ ᠤᠨ ᠴᠥᠭᠡᠨ ᠲᠣᠭᠠᠲᠤ | ᠦᠨᠳᠦᠰᠦᠲᠡᠨ ᠤ ᠭᠤᠣᠯ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠨᠢᠭᠡ ᠪᠤᠯᠤᠨ᠎ᠠ᠃ ᠤᠯᠤᠰ | ᠪᠠᠶᠢᠭᠤᠯᠤᠭᠳᠠᠭᠰᠠᠨ ᠠᠴᠠ ᠨᠠᠰᠢ᠂ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ᠂ ᠮᠠᠨ ᠤ | ᠣᠷᠣᠨ ᠤ ᠬᠢᠯᠢ ᠬᠢᠵᠠᠭᠠᠷ ᠣᠷᠣᠨ ᠦᠳᠲᠡᠷ ᠲᠦᠷᠭᠡᠨ ᠬᠥᠭᠵᠢᠪᠡ᠂ ᠭᠡᠪᠡᠴᠦ ᠲᠡᠦᠬᠡ ᠂ ᠭᠠᠵᠠᠷ ᠵᠦᠶ᠂ ᠪᠠᠶᠢᠭᠠᠯᠢ | ᠵᠢᠴᠢ ᠤᠯᠤᠰ ᠤᠨ ᠳᠦᠷᠦ ᠶᠢᠨ ᠪᠤᠳᠤᠯᠭ᠎ᠠ ᠵᠡᠷᠭᠡ ᠬᠦᠴᠦᠨ ᠵᠦᠢᠯ ᠤᠨ ᠨᠥᠯᠥᠭᠡ ᠪᠠᠷ᠂ ᠬᠢᠯᠢ ᠬᠢᠵᠠᠭᠠᠷ ᠣᠷᠣᠨ ᠢ | ᠪᠤᠰᠤᠳ ᠭᠠᠵᠠᠷ ᠣᠷᠣᠨ ᠲᠠᠢ ᠬᠠᠷᠢᠴᠠᠭᠤᠯᠪᠠᠯ᠂ ᠠᠵᠤ ᠠᠬᠤᠶ ᠨᠡᠶᠢᠭᠡᠮ ᠤᠨ ᠬᠥᠭᠵᠢᠯᠲᠡ ᠮᠠᠰᠢ ᠶᠡᠭᠡ ᠵᠥᠷᠢᠶ᠎ᠡ ᠲᠠᠢ | ᠪᠠᠶᠢᠪᠠ᠂ ᠪᠤᠳᠠᠲᠠᠢ ᠢᠯᠡᠷᠡᠯ ᠨᠢ ᠭᠡᠪᠡᠯ᠂ ᠠᠵᠤ ᠠᠬᠤᠶ ᠶᠢᠨ ᠰᠠᠭᠤᠷᠢ ᠨᠢᠮᠭᠡᠨ᠂ ᠥᠪᠡᠷ ᠢ ᠪᠠᠨ ᠬᠥᠭᠵᠢᠭᠦᠯᠬᠦ | ᠴᠢᠳᠠᠪᠤᠷᠢ ᠬᠢᠵᠠᠭᠠᠷ ᠲᠠᠢ︔ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠬᠤᠴᠤᠷᠤᠩᠭᠤᠢ᠂ | ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠠᠨᠠᠶ︔ ᠶᠠᠳᠠᠭᠤ ᠬᠦᠴᠢᠷᠳᠡᠯᠲᠡᠶ ᠪᠠᠶᠢᠭ᠎ᠠ ᠠᠰᠠᠭᠤᠳᠠᠯ ᠲᠤᠪᠤᠶᠢᠮ᠎ᠠ᠂ | ᠶᠠᠳᠠᠭᠤ ᠠᠴᠠ ᠠᠩᠭᠢᠵᠢᠷᠠᠭᠤᠯᠬᠤ ᠬᠦᠴᠢᠷᠳᠡᠯ ᠶᠡᠭᠡ︔ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ | ᠠᠵᠢᠯ ᠦᠢᠯᠡᠰ ᠤᠨ ᠬᠥᠭᠵᠢᠯᠲᠡ ᠤᠳᠠᠭᠠᠨ᠂ ᠲᠦᠷᠭᠡᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠮᠦᠨ ᠬᠦ ᠮᠠᠰᠢ | ᠤᠯᠡᠨ ᠤᠷᠤᠰᠢᠵᠤ ᠪᠠᠶᠢᠪᠠ᠃ ᠡᠶᠢᠮᠦ ᠠᠴᠠ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ | ᠠᠵᠢᠯᠯᠠᠭ᠎ᠠ ᠶᠢ ᠶᠡᠬᠡᠪᠡᠷ ᠦᠷᠨᠢᠬᠦᠯᠬᠦ ᠨᠢ ᠬᠢᠯᠢ ᠬᠢᠵᠠᠭᠠᠷ ᠣᠷᠣᠨ ᠳᠤ ᠠᠪᠴᠤ ᠬᠡᠯᠡᠪᠡᠯ ᠣᠯᠳᠠᠬᠤᠶ᠎ᠠ ᠪᠡᠷᠬᠡ ᠠᠵᠠ | ᠲᠣᠬᠢᠶᠠᠯ ᠪᠣᠯᠬᠤ ᠶᠤᠮ᠃ | ᠬᠥᠲᠥᠯᠥᠭᠴᠢ᠄ | ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠠᠵᠢᠯᠯᠠᠭ᠎ᠠ ᠳᠤ ᠶᠠᠮᠠᠷ ᠠᠷᠭ᠎ᠠ ᠬᠡᠮᠵᠢᠶ᠎ᠡ ᠠᠪᠴᠤ ᠲᠡᠳᠬᠦᠨ ᠳᠡᠮᠵᠢᠵᠦ ᠪᠠᠶᠢᠬᠤ ᠪᠤᠢ︖ | ᠮᠧᠩ ᡁᠢ ᠵᠢᠶᠦ᠋ᠨ᠄ | ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠳᠤ᠂ ᠬᠢᠯᠢ ᠬᠢᠵᠠᠭᠠᠷ | ᠣᠷᠣᠨ ᠤ ᠪᠣᠳᠠᠲᠠᠶ ᠪᠠᠶᠢᠳᠠᠯ ᠢ ᠦᠨᠳᠦᠰᠦᠯᠡᠨ᠂ ᠤᠯᠤᠰ ᠠᠴᠠ ︽ᠤᠯᠤᠰ ᠠᠴᠠ ᠳᠡᠮᠵᠢᠵᠦ᠂ ᠮᠤᠵᠢ ᠠᠴᠠ | ᠶᠡᠷᠦᠩᠬᠡᠶᠢᠯᠡᠨ ᠬᠠᠷᠢᠭᠤᠴᠠᠵᠤ᠂ ᠲᠤᠰᠬᠠᠢ ᠭᠠᠵᠠᠷ ᠣᠷᠣᠨ ᠬᠠᠮᠵᠢᠯᠴᠠᠨ᠂ ᠬᠤᠲᠠ ᠰᠢᠶᠠᠨ ᠨᠠᠶᠢᠳᠠᠪᠤᠷᠢᠵᠢᠭᠤᠯᠬᠤ︾ | ᠠᠵᠢᠯᠯᠠᠭ᠎ᠠ ᠶᠢᠨ ᠴᠢᠭᠯᠡᠯᠲᠡ ᠶᠢ ᠲᠣᠭᠲᠠᠭᠠᠪᠠ᠃ ᠨᠢᠭᠡ ᠲᠠᠯ᠎ᠠ ᠪᠠᠷ᠂ ᠲᠥᠪ ᠠᠴᠠ ᠨᠢᠭᠡᠳᠦᠯᠲᠡᠶ ᠲᠥᠯᠥᠪᠯᠡᠬᠦ ᠶᠢ | ᠴᠢᠩᠭᠠᠳᠬᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠠᠪᠤᠨ | ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠨ᠂ ᠬᠢᠯᠢ ᠬᠢᠵᠠᠭᠠᠷ ᠣᠷᠣᠨ ᠤ ᠬᠥᠭᠵᠢᠯᠲᠡ ᠶᠢ | ᠳᠡᠮᠵᠢᠬᠦ ᠴᠢᠬᠤᠯᠠ ᠢᠨᠵᠧᠨᠧᠷᠢᠩ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠨᠢᠭᠡ ᠴᠣᠭᠴᠠᠵᠢᠭᠤᠯᠤᠨ | ᠲᠥᠯᠥᠪᠵᠢᠭᠦᠯᠭᠡ ᠳᠡᠭᠡᠨ ᠣᠷᠣᠭᠤᠯᠤᠭᠰᠠᠨ ᠤ ᠬᠠᠮᠲᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠠᠵᠢᠯᠯᠠᠭ᠎ᠠ ᠶᠢ ᠵᠣᠬᠢᠴᠠᠭᠤᠯᠬᠤ ᠳᠤᠭᠤᠶᠢᠯᠠᠩ ᠪᠠᠶᠢᠭᠤᠯᠵᠤ᠂ ᠬᠢᠯᠢ ᠬᠢᠵᠠᠭᠠᠷ ᠣᠷᠣᠨ ᠢ | ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠳᠤ ᠬᠤᠯᠪᠣᠭᠳᠠᠯ ᠲᠠᠢ ᠴᠢᠬᠤᠯᠠ ᠶᠡᠭᠡ ᠠᠰᠠᠭᠤᠳᠠᠯ ᠢ | ᠨᠢᠭᠡᠳᠦᠯᠲᠡᠢ ᠵᠣᠬᠢᠴᠠᠭᠤᠯᠬᠤ ᠶᠢ ᠬᠠᠷᠢᠭᠤᠴᠠᠪᠠ︔ ᠨᠦᠬᠦᠭᠡ ᠲᠠᠯ᠎ᠠ ᠪᠠᠷ᠂ ᠮᠤᠵᠢ ᠣᠷᠣᠨ ᠤ ᠬᠡᠷᠡᠭᠵᠢᠭᠦᠯᠦᠯᠲᠡ ᠶᠢ | ᠴᠢᠩᠭᠠᠳᠬᠠᠨ᠂ ᠡᠯ᠎ᠡ ᠬᠢᠯᠢ ᠬᠢᠵᠠᠭᠠᠷ ᠤᠨ ᠮᠤᠵᠢ ᠣᠷᠣᠨ ᠨᠤᠭᠤᠳ ᠬᠢᠯᠢ ᠬᠢᠵᠠᠭᠠᠷ ᠣᠷᠣᠨ ᠤ ᠬᠥᠭᠵᠢᠯᠲᠡ ᠶᠢ | ᠲᠦᠷᠭᠡᠳᠬᠡᠬᠦ ᠶᠠᠪᠤᠳᠠᠯ ᠢ ᠤᠯᠤᠰ ᠲᠥᠷᠥ ᠶᠢᠨ ᠴᠢᠬᠤᠯᠠ ᠡᠭᠦᠷᠭᠡ ᠪᠣᠯᠭᠠᠵᠤ᠂ ᠲᠥᠯᠥᠪᠵᠢᠭᠦᠯᠭᠡ ᠶᠢᠨ ᠱᠠᠭᠠᠷᠳᠠᠯᠭ᠎ᠠ | ᠶᠣᠰᠣᠭᠠᠷ ᠤᠳᠤᠷᠢᠳᠬᠤ ᠳᠤᠭᠤᠶᠢᠯᠠᠩ ᠪᠠᠶᠢᠭᠤᠯᠤᠨ᠂ ᠲᠤᠰ ᠮᠤᠵᠢ ᠣᠷᠣᠨ ᠤ ᠬᠢᠯᠢ ᠬᠢᠵᠠᠭᠠᠷ ᠢ ᠬᠥᠭᠵᠢᠭᠦᠯᠦᠨ | ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠡᠬᠢ ᠪᠠᠶᠠᠯᠢᠭ ᠢ | ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠪᠦᠲᠦᠭᠡᠯᠴᠢ ᠴᠢᠨᠠᠷ ᠲᠠᠢ ᠪᠠᠷ ᠠᠵᠢᠯ ᠢᠶᠠᠨ ᠦᠷᠨᠢᠭᠦᠯᠪᠡ︔ | ᠭᠤᠷᠪᠠ ᠳᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠶᠢᠨ | ᠲᠣᠭᠤᠷᠢᠨ ᠳᠤ ᠠᠵᠢᠯ ᠢᠶᠠᠨ ᠥᠷᠨᠢᠭᠦᠯᠵᠦ᠂ ︽ᠡᠷᠥᠭᠡ ᠳᠤ ᠬᠦᠷᠲᠡᠯ᠎ᠡ ᠰᠢᠭᠤᠳ ᠲᠡᠳᠬᠦᠨ ᠳᠡᠮᠵᠢᠬᠦ᠂ ᠤᠯᠠᠨ | ᠲᠦᠮᠡᠨ ᠳᠤ ᠰᠢᠭᠤᠳ ᠠᠰᠢᠭ ᠬᠦᠷᠲᠡᠭᠡᠬᠦ︾ ᠵᠠᠷᠴᠢᠮ ᠶᠣᠰᠣᠭᠠᠷ᠂ ᠤᠯᠠᠨ ᠲᠦᠮᠡᠨ ᠤ ᠣᠷᠣᠯᠴᠠᠬᠤ ᠬᠡᠮᠵᠢᠶ᠎ᠡ ᠨᠢ | ᠥᠨᠳᠥᠷ᠂ ᠠᠰᠢᠭ ᠣᠯᠬᠤ ᠬᠤᠪᠢ ᠨᠢ ᠶᠡᠭᠡ᠂ ᠪᠠᠶᠠᠵᠢᠭᠤᠯᠬᠤ ᠪᠠᠷ ᠲᠠᠶᠢᠴᠢᠯᠠᠨ ᠳᠠᠭᠠᠭᠤᠯᠬᠤ ᠬᠦᠴᠦᠨ ᠢᠶᠠᠷ | ᠴᠢᠩᠭ᠎ᠠ ᠪᠦᠬᠦᠢ ᠲᠥᠷᠥᠯ ᠵᠦᠢᠯ ᠢ ᠳᠡᠮᠵᠢᠬᠦ ᠭᠤᠣᠯᠳᠠᠯᠭ᠎ᠠ ᠪᠠᠨ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠡᠯᠡ | ᠮᠥᠩᠭᠦ ᠶᠢᠨ ᠲᠤᠬᠢᠷᠠᠭᠤᠯᠤᠯᠳᠡ ᠶᠢᠨ ᠲᠠᠯ᠎ᠠ ᠪᠠᠷ ᠥᠪᠡᠷᠮᠢᠴᠡ ᠣᠨᠴᠠᠯᠢᠭ ᠪᠦᠬᠦᠢ ᠳᠠᠷᠢᠵᠤ ᠲᠡᠵᠢᠭᠡᠬᠦ ᠦᠢᠯᠡᠰ᠂ | ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠡᠯ᠂ ᠠᠶᠢᠯ | ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ | ᠢᠯᠡᠳᠲᠡ ᠰᠠᠶᠢᠵᠢᠷᠠᠭᠤᠯᠬᠤ ᠲᠥᠷᠥᠯ ᠵᠦᠢᠯ ᠲᠡᠰᠢ ᠡᠩ ᠲᠡᠷᠢᠭᠦᠨ ᠳᠤ ᠬᠡᠯᠪᠠᠶᠢᠯᠭᠡᠵᠦ᠂ ᠤᠯᠠᠨ ᠲᠦᠮᠡᠨ ᠳᠤ | ᠠᠰᠢᠭ ᠬᠦᠷᠲᠡᠭᠡᠵᠦ᠂ ᠬᠢᠯᠢ ᠬᠢᠵᠠᠭᠠᠷ ᠣᠷᠣᠨ ᠤ ᠬᠥᠭᠵᠢᠯᠲᠡ ᠶᠢ ᠠᠬᠢᠭᠤᠯᠬᠤ ᠳᠤ ᠰᠢᠨ᠎ᠡ ᠠᠷᠭ᠎ᠠ ᠵᠠᠮ ᠢ ᠨᠡᠭᠡᠭᠡᠨ | ᠥᠭᠴᠡᠢ᠃ | ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠬᠡᠷᠡᠭᠵᠢᠭᠦᠯᠦᠭᠰᠡᠨ ᠠᠴᠠ | ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ | ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ | ᠠᠷᠠᠳ ᠤᠨ ᠠᠵᠤ ᠠᠬᠤᠶ ᠪᠣᠯᠣᠨ ᠨᠡᠶᠢᠭᠡᠮ ᠤᠨ ᠬᠥᠭᠵᠢᠯᠲᠡ ᠶᠢᠨ ︽10· 5︾᠂ ︽11· 5︾᠂ ︽12· | 5︾ ᠶᠢᠨ ᠲᠥᠯᠥᠪᠵᠢᠭᠦᠯᠭᠡ ᠳᠤ ᠣᠷᠣᠭᠤᠯᠤᠭᠰᠠᠨ ᠪᠥᠭᠡᠳ ᠦᠨᠳᠦᠰᠦᠲᠡᠨ ᠤ ᠠᠵᠢᠯ ᠢ ᠴᠢᠩᠭᠠᠳᠬᠠᠬᠤ ᠵᠡᠷᠭᠡ | ᠬᠤᠯᠪᠣᠭᠳᠠᠯ ᠪᠦᠬᠦᠢ ᠴᠢᠬᠤᠯᠠ ᠪᠢᠴᠢᠭ ᠮᠠᠲ᠋ᠧᠷᠢᠶᠠᠯ ᠳᠤ ᠪᠢᠴᠢᠨ ᠣᠷᠣᠭᠤᠯᠵᠠᠢ᠂ ᠥᠪᠡᠷᠲᠡᠭᠡᠨ ᠵᠠᠰᠠᠬᠤ ᠣᠷᠣᠨ ᠤ | ᠤᠳᠤᠷᠢᠳᠤᠯᠭ᠎ᠠ ᠨᠠᠷ ᠬᠢᠯᠢ ᠶᠢᠨ ᠬᠤᠰᠢᠭᠤ ᠬᠤᠳᠠ ᠳᠤ ᠣᠯᠠᠨᠲᠠ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ | ᠪᠠ ᠵᠢᠭᠠᠨ ᠵᠢᠯᠣᠭᠤᠳᠴᠦ᠂ ᠥᠪᠡᠷᠲᠡᠭᠡᠨ ᠵᠠᠰᠠᠬᠤ ᠣᠷᠣᠨ ᠳᠡᠳ᠋ ᠲᠡᠷᠢᠭᠦᠯᠡᠭᠴᠢ ᠯᠢᠦ ᠰᠢᠨ ᠯᠧ ᠢᠶᠠᠷ | ᠳᠤᠭᠤᠶᠢᠯᠠᠩ ᠤᠨ ᠳᠠᠷᠤᠭ᠎ᠠ ᠪᠣᠯᠭᠠᠵᠤ᠂ 18 ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠪᠠᠷ ᠪᠦᠷᠢᠯᠳᠦᠬᠦᠨ | ᠨᠢᠭᠡᠴᠡ ᠪᠣᠯᠭᠠᠭᠰᠠᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ | ᠤᠳᠤᠷᠢᠳᠬᠤ ᠳᠤᠭᠤᠶᠢᠯᠠᠩ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤᠯᠤᠰ | ᠤᠨ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠯᠥᠪᠵᠢᠭᠦᠯᠭᠡ ᠶᠢᠨ ᠵᠣᠷᠢᠭ | ᠰᠠᠨᠠᠭ᠎ᠠ ᠲᠠᠢ ᠤᠶᠠᠯᠳᠤᠭᠤᠯᠤᠨ᠂ ︽ᠲᠤᠷᠰᠢᠯᠲᠠ ᠶᠢᠨ ᠴᠢᠭ᠋ ᠢ ᠰᠤᠩᠭᠤᠵᠤ᠂ ᠲᠤᠷᠰᠢᠯᠭ᠎ᠠ ᠪᠠᠨ ᠳ᠋ᠦᠩᠨᠡᠨ᠂ | ᠨᠡᠶᠢᠲᠡᠯᠢᠭ ᠵᠢᠱᠢᠶ᠎ᠡ ᠪᠠᠷ ᠳᠠᠭᠠᠭᠤᠯᠬᠤ︾ ᠠᠵᠢᠯ ᠤᠨ ᠰᠡᠳᠬᠢᠮᠵᠢ ᠶᠢ ᠲᠣᠭᠲᠠᠭᠠᠨ᠂ ᠬᠢᠯᠢ ᠬᠢᠵᠠᠭᠠᠷ ᠣᠷᠣᠨ ᠢ | ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠪᠠᠷᠠᠭᠤᠨ ᠪᠦᠰᠡ ᠶᠢᠨ ᠭᠠᠵᠠᠷ ᠣᠷᠣᠨ ᠢ ᠶᠡᠬᠡᠪᠡᠷ ᠨᠡᠭᠡᠭᠡᠨ | ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠯᠦᠭᠡ ᠤᠶᠠᠯᠳᠤᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠬᠢᠯᠢ ᠶᠢᠨ ᠬᠤᠰᠢᠭᠤ ᠰᠢᠶᠠᠨ ᠬᠤᠳᠠ ᠶᠢ ᠲᠥᠷᠭᠡᠨ | ᠬᠦᠭᠵᠢᠭᠦᠯᠬᠦ ᠲᠤᠬᠠᠶ ᠲᠣᠭᠲᠠᠭᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠯᠤᠭ᠎ᠠ ᠤᠶᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠢ ᠰᠠᠯᠠᠭ᠎ᠠ ᠮᠦᠴᠢᠷ ᠤᠳ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠤᠯᠤᠰ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠳᠣᠣᠷ᠎ᠠ᠂ ᠲᠤᠰ ᠲᠤᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠵᠦ᠂ ᠥᠪᠡᠷ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠨ᠂ ᠲᠥᠷᠥᠯ ᠵᠦᠢᠯ᠂ ᠪᠡᠯᠡ | ᠮᠥᠩᠭᠦ ᠶᠢ ᠬᠢᠯᠢ ᠬᠢᠵᠠᠭᠠᠷ ᠣᠷᠣᠨ ᠲᠡᠰᠢ ᠬᠡᠯᠪᠠᠶᠢᠯᠭᠡᠵᠦ᠂ ᠬᠢᠯᠢ ᠶᠢᠨ ᠬᠤᠰᠢᠭᠤ ᠬᠤᠳᠠ ᠶᠢᠨ ᠲᠦᠷᠭᠡᠨ | ᠬᠦᠭᠵᠢᠬᠦ ᠶᠢ ᠢᠳᠡᠪᠬᠢᠲᠡᠢ ᠳᠡᠮᠵᠢᠪᠡ᠃ ᠢᠯᠠᠩᠭᠤᠶ᠎ᠠ ᠤᠯᠤᠰ ᠠᠴᠠ ᠬᠢᠯᠢ ᠬᠢᠵᠠᠭᠠᠷ ᠣᠷᠣᠨ ᠢ ᠬᠥᠭᠵᠢᠭᠦᠯᠦᠨ | ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ︽12· 5︾ ᠶᠢᠨ ᠲᠥᠯᠥᠪᠵᠢᠭᠦᠯᠭᠡ ᠶᠢ ᠨᠡᠶᠢᠲᠡᠯᠡᠭᠰᠡᠨ ᠤ ᠳᠠᠷᠠᠭ᠎ᠠ᠂ | ᠥᠪᠡᠷᠲᠡᠭᠡᠨ ᠵᠠᠰᠠᠬᠤ ᠣᠷᠣᠨ ᠲᠤᠰ ᠠᠵᠢᠯ ᠤᠨ ᠡᠷᠴᠢᠮ ᠢᠶᠠᠨ ᠴᠢᠩᠭᠠᠷᠠᠭᠤᠯᠪᠠ᠃ ᠮᠠᠨ ᠤ ᠣᠷᠣᠨ ᠥᠪᠡᠷᠲᠡᠭᠡᠨ | ᠵᠠᠰᠠᠬᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ︽12· | 5︾ ᠶᠢᠨ ᠲᠥᠯᠥᠪᠵᠢᠭᠦᠯᠭᠡ ᠶᠢ ᠲᠣᠭᠲᠠᠭᠠᠭᠰᠠᠨ ᠮᠥᠷᠲᠡᠭᠡᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ | ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ | ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠴᠠᠭ ᠲᠣᠬᠠᠢ ᠳᠤᠨᠢ ᠲᠣᠬᠢᠷᠠᠭᠤᠯᠤᠯᠲᠠ ᠬᠢᠵᠦ᠂ | ᠪᠦᠷᠢᠯᠳᠦᠬᠦᠨ ᠨᠢᠭᠡᠴᠡ ᠨᠦᠭᠦᠳ ᠤᠨ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠭ ᠣᠷᠣᠨ ᠤ | ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠨᠢᠭᠡᠴᠡ ᠨᠦᠭᠦᠳ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ | ᠲᠣᠭᠲᠠᠭᠠᠵᠤ᠂ ᠪᠦᠬᠦ ᠲᠠᠯ᠎ᠠ ᠶᠢ ᠪᠣᠳᠣᠯᠬᠢᠯᠠᠬᠤ ᠦᠵᠡᠯ ᠰᠠᠨᠠᠭ᠎ᠠ ᠶᠢ ᠲᠣᠳᠣᠷᠬᠠᠶ ᠪᠤᠢ ᠪᠣᠯᠭᠠᠵᠤ᠂ ᠡᠬᠢ ᠪᠠᠶᠠᠯᠢᠭ ᠢ | ᠳᠠᠶᠢᠴᠢᠯᠠᠵᠤ᠂ ᠨᠡᠶᠢᠯᠡᠯ ᠬᠦᠴᠦᠨ ᠢ ᠪᠤᠢ ᠪᠣᠯᠭᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠦᠷᠨᠢᠭᠦᠯᠬᠦ ᠶᠢ ᠬᠠᠮᠲᠤᠪᠡᠷ ᠲᠦᠯᠬᠢᠨ ᠠᠬᠢᠭᠤᠯᠪᠠ᠃ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠢᠯᠢ ᠬᠢᠵᠠᠭᠠᠷ ᠣᠷᠣᠨ ᠢ | ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠥᠷᠨᠢᠭᠦᠯᠬᠦ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ᠂ | ᠭᠤᠣᠯᠳᠠᠭᠤ ᠶᠠᠮᠠᠷ ᠶᠠᠮᠠᠷ ᠣᠷᠤᠭᠤᠯᠤᠯᠲᠠ ᠬᠢᠭᠰᠡᠨ ᠪᠤᠢ︖ | ᠮᠧᠩ ᡁᠢ ᠵᠢᠶᠦ᠋ᠨ᠄ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠢᠯᠢ ᠬᠢᠵᠠᠭᠠᠷ ᠣᠷᠣᠨ ᠢ | ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠦᠷᠦᠭᠦᠯᠡᠭᠴᠢ ᠰᠠᠯᠠᠭ᠎ᠠ ᠮᠥᠴᠢᠷ ᠪᠣᠯᠤᠭᠰᠠᠨ ᠤ | ᠬᠤᠪᠢ ᠳᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠦᠢᠯᠡᠳᠦᠯ ᠢᠶᠠᠨ ᠢᠳᠡᠪᠬᠢᠲᠡᠶ | ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠠᠵᠢᠯᠯᠠᠭ᠎ᠠ ᠶᠢ ᠥᠷᠨᠢᠭᠦᠯᠬᠦ ᠳᠤ ᠶᠡᠭᠡ ᠬᠡᠮᠵᠢᠶᠡᠨ ᠤ ᠪᠦᠲᠦᠮᠵᠢᠲᠡᠶ ᠠᠵᠢᠯ ᠬᠢᠵᠡᠢ᠃ 2000 | ᠣᠨ ᠳᠤ ᠡᠨᠡ ᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠵᠥᠪᠯᠡᠯ ᠤᠨ ᠤᠳᠤᠷᠢᠳᠤᠯᠭ᠎ᠠ ᠳᠤᠭᠤᠶᠢᠯᠠᠩ | ᠳᠠᠭᠠᠭᠤᠯᠤᠨ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠬᠠᠮᠢᠶ᠎ᠠ ᠪᠦᠬᠦᠢ ᠶᠠᠮᠤᠨ ᠵᠥᠪᠯᠡᠯ ᠳᠤ | ᠣᠯᠠᠨ ᠤᠳᠠᠭ᠎ᠠ ᠬᠠᠷᠢᠭᠤ ᠮᠡᠳᠡᠭᠦᠯᠵᠦ᠂ ᠮᠠᠨ ᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠠᠵᠢᠯᠯᠠᠭ᠎ᠠ ᠤᠯᠤᠰ ᠤᠨ ᠳᠡᠮᠵᠢᠯᠭᠡ ᠶᠢ ᠣᠯᠬᠤ ᠡᠷᠴᠢᠮ ᠢ ᠴᠢᠩᠭᠠᠷᠠᠭᠤᠯᠪᠠ᠃ ᠬᠢᠯᠢ ᠬᠢᠵᠠᠭᠠᠷ | ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠨᠢ ᠲᠤᠷᠰᠢᠯᠲᠠ ᠶᠢᠨ ᠱᠠᠲᠤ᠂ ᠭᠤᠣᠯᠳᠠᠯᠭ᠎ᠠ ᠲᠠᠢ | ᠱᠠᠲᠤ ᠶᠢ ᠳᠠᠮᠵᠢᠭᠠᠳ ᠪᠦᠬᠦ ᠲᠠᠯ᠎ᠠ ᠪᠠᠷ ᠶᠠᠪᠤᠭᠳᠠᠪᠠ᠃ 2000 ᠣᠨ ᠠᠴᠠ 2003 ᠣᠨ ᠪᠣᠯᠲᠠᠯ᠎ᠠ᠂ ᠪᠤᠭᠤᠲᠤ | ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯᠤᠨ ᠰᠢᠯᠢ ᠶᠢᠨ ᠭᠤᠣᠯ ᠠᠶᠢᠮᠠᠭ ᠤᠨ ᠠᠪᠠᠭ᠎ᠠ | ᠬᠤᠰᠢᠭᠤ ᠶᠢ ᠤᠯᠤᠰ ᠤᠨ ᠲᠡᠰ ᠤᠨ ᠲᠤᠷᠰᠢᠯᠲᠠ ᠶᠢᠨ ᠬᠤᠰᠢᠭᠤ ᠪᠠᠷ ᠲᠣᠭᠲᠠᠭᠠᠵᠤ᠂ ᠳᠥᠷᠪᠡᠳ ᠬᠤᠰᠢᠭᠤ ᠶᠢ | ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠬᠤᠰᠢᠭᠤ ᠪᠠᠷ ᠲᠣᠭᠲᠠᠭᠠᠵᠤ᠂ ᠬᠢᠯᠢ ᠬᠢᠵᠠᠭᠠᠷ ᠣᠷᠣᠨ ᠢ | ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠤᠷᠰᠢᠯᠲᠠ ᠶᠢᠨ ᠠᠵᠢᠯ ᠢ ᠥᠷᠨᠢᠭᠦᠯᠪᠡ᠃ 2004 | ᠣᠨ ᠠᠴᠠ 2006 ᠣᠨ ᠪᠣᠯᠲᠠᠯ᠎ᠠ᠂ ᠮᠠᠨ ᠤ ᠣᠷᠣᠨ ᠤ ᠰᠢᠨ᠎ᠡ ᠪᠠᠷᠭᠤ ᠪᠠᠷᠠᠭᠤᠨ ᠬᠤᠰᠢᠭᠤ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤ᠂ ᠡᠷᠢᠶᠡᠨ ᠬᠤᠳᠠ᠂ ᠤᠷᠠᠳ ᠤᠨ ᠳᠤᠮᠳᠠᠳᠤ ᠬᠤᠰᠢᠭᠤ᠂ ᠠᠯᠠᠱᠠ ᠵᠡᠭᠦᠨ | ᠬᠤᠰᠢᠭᠤ ᠵᠡᠷᠭᠡ ᠲᠠᠪᠤᠨ ᠬᠤᠰᠢᠭᠤ ᠬᠤᠲᠠ ᠶᠢ ᠤᠯᠤᠰ ᠤᠨ ᠲᠡᠰ ᠤᠨ ᠭᠤᠣᠯᠳᠠᠯᠭ᠎ᠠ ᠲᠠᠢ ᠬᠤᠰᠢᠭᠤ ᠪᠠᠷ | ᠲᠣᠭᠲᠠᠭᠠᠵᠤ᠂ ᠡᠷᠭᠦᠨ᠎ᠡ ᠬᠤᠲᠠ᠂ ᠵᠡᠭᠦᠨ ᠦᠵᠦᠮᠦᠴᠢᠨ ᠬᠤᠰᠢᠭᠤ ᠶᠢ ᠥᠪᠡᠷᠲᠡᠭᠡᠨ ᠵᠠᠰᠠᠬᠤ ᠣᠷᠣᠨ ᠤ ᠳᠡᠰ ᠤᠨ | ᠭᠤᠣᠯᠳᠠᠯᠭ᠎ᠠ ᠲᠠᠢ ᠬᠤᠰᠢᠭᠤ ᠪᠠᠷ ᠲᠣᠭᠲᠠᠭᠠᠪᠠ᠃ 2007 ᠣᠨ ᠳᠤ᠂ ᠮᠠᠨ ᠤ ᠣᠷᠣᠨ ᠤ ᠰᠢᠨ᠎ᠡ ᠪᠠᠷᠭᠤ ᠵᠡᠭᠦᠨ | ᠬᠤᠰᠢᠭᠤ᠂ ᠬᠠᠭᠤᠴᠢᠨ ᠪᠠᠷᠭᠤ ᠬᠤᠰᠢᠭᠤ᠂ ᠷᠠᠰᠢᠶᠠᠨ ᠬᠤᠳᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ | ᠬᠤᠰᠢᠭᠤ᠂ ᠤᠷᠠᠳ ᠤᠨ ᠬᠤᠶᠢᠲᠤ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ ᠵᠡᠷᠭᠡ 8 | ᠬᠤᠰᠢᠭᠤ ᠬᠤᠲᠠ ᠶᠢ ᠭᠤᠣᠯᠳᠠᠯᠭ᠎ᠠ ᠲᠠᠢ ᠬᠤᠰᠢᠭᠤ ᠪᠠᠷ ᠲᠣᠭᠲᠠᠭᠠᠵᠤ᠂ ᠤᠯᠤᠰ ᠤᠨ ᠪᠠ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠳᠡᠮᠵᠢᠯᠭᠡ ᠶᠢ ᠣᠯᠪᠠ᠃ 2008 ᠣᠨ ᠠᠴᠠ ᠡᠬᠢᠯᠡᠨ᠂ ᠬᠢᠯᠢ ᠬᠢᠵᠠᠭᠠᠷ ᠣᠷᠣᠨ | ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠮᠠᠨ ᠤ ᠣᠷᠣᠨ ᠤ 19 ᠬᠢᠯᠢ ᠬᠢᠵᠠᠭᠠᠷ ᠤᠨ ᠬᠤᠰᠢᠭᠤ ᠬᠤᠲᠠ ᠶᠢ | ᠪᠦᠭᠦᠳᠡ ᠶᠢ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠪᠡᠯᠡ | ᠮᠥᠩᠭᠦ ᠪᠠᠷ ᠲᠡᠳᠬᠦᠨ ᠳᠡᠮᠵᠢᠬᠦ ᠬᠦᠷᠢᠶ᠎ᠡ ᠬᠡᠪᠴᠢᠶᠡᠨ ᠳᠤ ᠣᠷᠣᠭᠤᠯᠪᠠ᠃ 2011 ᠣᠨ ᠳᠤ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ | ᠠᠵᠢᠯᠯᠠᠭ᠎ᠠ ᠶᠢᠨ ᠲᠥᠯᠥᠪᠵᠢᠭᠦᠯᠭᠡ ︵2011 — 2015 ᠣᠨ︶ ᠶᠢ ᠳᠠᠷᠤᠮᠠᠯᠯᠠᠨ ᠲᠠᠷᠬᠠᠭᠠᠵᠤ᠂ ᠪᠦᠬᠦ | ᠤᠯᠤᠰ ᠤᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠥᠷᠨᠢᠭᠦᠯᠬᠦ | ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠲᠦᠷᠦᠭᠦᠯᠡᠭᠴᠢ ᠬᠠᠷᠢᠭᠤᠴᠠᠯᠭ᠎ᠠ ᠪᠠᠨ ᠢᠳᠡᠪᠬᠢᠲᠡᠶ ᠨᠠᠶᠢᠳᠠᠪᠤᠷᠢᠵᠢᠭᠤᠯᠵᠤ᠂ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠵᠤ᠂ ᠰᠠᠭᠤᠷᠢ ᠶᠢ ᠪᠠᠲᠤᠳᠬᠠᠬᠤ᠂ ᠵᠢᠭᠠᠨ | ᠵᠢᠯᠣᠭᠤᠳᠬᠤ᠂ ᠵᠣᠬᠢᠴᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠯᠡᠮᠵᠢ ᠣᠯᠠᠨ ᠬᠢᠪᠡ᠂ ᠨᠢᠭᠡ ᠳᠤ | ᠢᠳᠡᠪᠬᠢᠲᠡᠶ ᠪᠠᠷ ᠬᠠᠷᠢᠭᠤ ᠮᠡᠳᠡᠭᠦᠯᠦᠨ᠂ ᠵᠣᠬᠢᠴᠠᠭᠤᠯᠵᠤ ᠪᠠᠶᠢᠭᠠᠳ ᠤᠳᠤᠷᠢᠳᠤᠯᠭ᠎ᠠ ᠶᠢᠨ ᠬᠦᠨᠳᠦᠳᠬᠡᠯ ᠪᠣᠯᠣᠨ | ᠰᠠᠯᠠᠭ᠎ᠠ ᠮᠥᠴᠢᠷ ᠤᠨ ᠳᠡᠮᠵᠢᠯᠭᠡ ᠶᠢ ᠣᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠢᠳᠡᠪᠬᠢᠲᠡᠢ ᠪᠠᠷ | ᠠᠵᠢᠯ ᠤᠨ ᠬᠠᠷᠢᠭᠤ ᠮᠡᠳᠡᠭᠦᠯᠦᠯᠲᠡ ᠬᠢᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠤᠯᠤᠰ ᠤᠨ | ᠲᠥᠯᠥᠪᠵᠢᠭᠦᠯᠭᠡ ᠶᠢ ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ ᠥᠪᠡᠷᠲᠡᠭᠡᠨ ᠵᠠᠰᠠᠬᠤ | ᠣᠷᠣᠨ ᠤ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ︽12·5︾ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠪᠥᠭᠡᠳ ᠳᠠᠷᠤᠮᠠᠯᠯᠠᠨ ᠲᠠᠷᠬᠠᠭᠠᠪᠠ᠃ ᠥᠪᠡᠷᠲᠡᠭᠡᠨ ᠵᠠᠰᠠᠬᠤ | ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠢ ᠴᠠᠭ ᠲᠤᠬᠠᠶ ᠳᠤᠨᠢ ᠲᠣᠬᠢᠷᠠᠭᠤᠯᠪᠠ᠃ ᠪᠦᠷᠢᠯᠳᠦᠬᠦᠨ ᠨᠢᠭᠡᠴᠡ ᠶᠢᠨ ᠰᠠᠨᠠᠯ ᠢ | ᠬᠤᠷᠢᠶᠠᠬᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ | ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠨᠦᠭᠦᠳ ᠤᠨ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠭᠲᠠᠭᠠᠵᠤ᠂ ᠪᠦᠬᠦᠯᠢ ᠲᠠᠯ᠎ᠠ ᠶᠢ ᠪᠣᠳᠣᠯᠬᠢᠯᠠᠬᠤ ᠦᠵᠡᠯ | ᠰᠠᠨᠠᠭ᠎ᠠ ᠶᠢ ᠲᠣᠳᠣᠷᠬᠠᠶ ᠪᠤᠢ ᠪᠣᠯᠭᠠᠵᠤ᠂ ᠡᠬᠢ ᠪᠠᠶᠠᠯᠢᠭ ᠢ ᠳᠠᠶᠢᠴᠢᠯᠠᠵᠤ᠂ ᠨᠡᠶᠢᠯᠡᠯ ᠬᠦᠴᠦᠨ ᠢ ᠪᠤᠢ ᠪᠣᠯᠭᠠᠵᠤ᠂ | ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢ ᠬᠠᠮᠲᠤ ᠪᠠᠷ | ᠲᠥᠯᠬᠢᠨ ᠠᠬᠢᠭᠤᠯᠪᠠ᠃ ᠬᠤᠶᠠᠷ ᠲᠤ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠡᠳ᠋ ᠤᠨ | ᠵᠠᠰᠠᠭ ᠤᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠡᠯᠡ ᠮᠥᠩᠭᠦ ᠣᠯᠬᠤ ᠠᠵᠢᠯ ᠢ | ᠢᠳᠡᠪᠬᠢᠲᠡᠢ ᠬᠢᠵᠦ᠂ ᠮᠠᠨ ᠤ ᠣᠷᠣᠨ ᠤ ᠬᠢᠯᠢ ᠬᠢᠵᠠᠭᠠᠷ ᠤᠨ ᠬᠤᠰᠢᠭᠤ ᠬᠤᠲᠠ ᠳᠠᠬᠢ ᠣᠷᠣᠭᠤᠯᠤᠯᠲᠠ ᠶᠢᠨ | ᠡᠷᠴᠢᠮ ᠢ ᠴᠢᠩᠭᠠᠷᠠᠭᠤᠯᠪᠠ᠃ 2000 ᠣᠨ ᠠᠴᠠ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠠᠵᠢᠯᠯᠠᠭ᠎ᠠ ᠬᠡᠷᠡᠭᠵᠢᠭᠦᠯᠦᠭᠰᠡᠨ ᠠᠴᠠ ᠠᠪᠤᠭᠠᠳ 2016 ᠣᠨ ᠪᠣᠯᠲᠠᠯ᠎ᠠ᠂ ᠮᠠᠨ ᠤ ᠵᠥᠪᠯᠡᠯ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠬᠢᠯᠢ ᠬᠢᠵᠠᠭᠠᠷ ᠤᠨ ᠬᠤᠰᠢᠭᠤ | ᠬᠤᠳᠠ ᠳᠤ ᠴᠥᠭᠡᠨ ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ ᠶᠢ ᠨᠡᠶᠢᠲᠡ 14.4 | ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠡᠯ᠎ᠡ ᠲᠥᠷᠥᠯ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ | 1500 ᠭᠠᠷᠤᠶ ᠶᠢ ᠬᠡᠷᠡᠭᠵᠢᠭᠦᠯᠪᠡ᠃ ᠭᠤᠷᠪᠠ ᠳᠤ ᠬᠢᠯᠢ ᠬᠢᠵᠠᠭᠠᠷ ᠤᠨ ᠠᠶᠢᠮᠠᠭ ᠬᠤᠳᠠ ᠪᠠ ᠬᠢᠯᠢ ᠬᠢᠵᠠᠭᠠᠷ ᠤᠨ | ᠬᠤᠰᠢᠭᠤ ᠬᠤᠲᠠ ᠰᠢᠶᠠᠨ ᠢ ᠢᠳᠡᠪᠬᠢᠲᠡᠶ ᠪᠠᠷ ᠵᠢᠯᠣᠭᠤᠳᠴᠤ ᠪᠠᠶᠢᠭᠠᠳ ᠡᠨᠡ ᠬᠦ ᠠᠵᠢᠯ ᠢ ᠤᠷᠤᠭᠰᠢᠲᠠᠶ ᠲᠦᠯᠬᠢᠨ | ᠠᠬᠢᠭᠤᠯᠵᠤ᠂ ᠡᠯ᠎ᠡ ᠭᠠᠵᠠᠷ ᠤᠨ ᠠᠵᠢᠯ ᠤᠨ ᠪᠠᠶᠢᠭᠤᠯᠤᠮᠵᠢ ᠶᠢ ᠴᠢᠩᠭᠠᠳᠬᠠᠬᠤ᠂ ᠬᠡᠷᠡᠭᠵᠢᠭᠦᠯᠬᠦ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠢ ᠰᠠᠶᠢᠳᠤᠷ ᠰᠣᠩᠭᠤᠨ ᠮᠡᠳᠡᠭᠦᠯᠬᠦ᠂ ᠲᠥᠷᠥᠯ | ᠵᠦᠢᠯ ᠤᠨ ᠬᠥᠮᠥᠷᠭᠡ ᠪᠦᠲᠦᠭᠡᠨ ᠪᠠᠶᠢᠭᠤᠯᠬᠤ ᠶᠢ ᠨᠢ ᠵᠢᠭᠠᠨ ᠵᠢᠯᠣᠭᠤᠳᠴᠤ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠲᠠᠢ ᠬᠠᠮᠲᠤᠷᠠᠨ ᠲᠥᠷᠥᠯ ᠵᠦᠢᠯ ᠪᠣᠯᠤᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠰᠢᠮᠳᠠᠭᠤᠯᠤᠨ | ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠦᠨᠡᠯᠡᠨ ᠵᠢᠱᠢᠬᠦ ᠠᠵᠢᠯ ᠢ | ᠰᠠᠶᠢᠲᠤᠷ ᠬᠢᠪᠡ᠃ ᠲᠦᠷᠪᠡ ᠳᠤ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠠᠶᠢᠷᠢᠯᠠᠭᠤᠯᠤᠭᠰᠠᠨ | ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠬᠠᠮᠢᠶ᠎ᠠ ᠪᠦᠬᠦᠢ ᠡᠯ᠎ᠡ | ᠵᠦᠢᠯ ᠤᠨ ᠠᠵᠢᠯ ᠢ ᠪᠡᠶᠡᠯᠡᠭᠦᠯᠵᠦ᠂ ᠡᠯ᠎ᠡ ᠲᠦᠷᠦᠯ ᠤᠨ ᠳ᠋ᠦᠩᠨᠡᠯᠲᠡ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ | ᠠᠵᠢᠯ ᠤᠨ ᠲᠤᠬᠠᠢ ᠬᠠᠮᠢᠶ᠎ᠠ ᠪᠦᠬᠦᠢ ᠰᠠᠨᠠᠭᠤᠯᠭ᠎ᠠ ᠶᠢ ᠢᠳᠡᠪᠬᠢᠲᠡᠶ ᠪᠠᠷ ᠳᠤᠷᠠᠳᠴᠤ᠂ ᠬᠢᠯᠢ ᠬᠢᠵᠠᠭᠠᠷ ᠣᠷᠣᠨ ᠳᠤ | ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠪᠠ᠃ | ᠤᠯᠤᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠲᠤᠷᠠᠭᠰᠠᠨ ᠪᠠᠶᠢᠴᠠᠭᠠᠨ ᠰᠤᠳᠤᠯᠬᠤ ᠳᠤᠭᠤᠶᠢᠯᠠᠩ | ᠵᠣᠬᠢᠶᠠᠨ ᠪᠠᠶᠢᠭᠤᠯᠵᠤ ᠤᠷᠢᠳ ᠬᠤᠵᠢᠳ ᠮᠠᠨ ᠤ ᠣᠷᠣᠨ ᠢ ︽12·5︾ ᠶᠢᠨ ᠲᠥᠯᠥᠪᠵᠢᠭᠦᠯᠭᠡ ᠶᠢ | ᠬᠡᠷᠡᠭᠵᠢᠭᠦᠯᠦᠭᠰᠡᠨ ᠳ᠋ᠦᠩᠨᠡᠯᠲᠡ ᠪᠠ ︽13 · 5︾ ᠶᠢᠨ ᠲᠥᠯᠥᠪᠵᠢᠭᠦᠯᠭᠡ ᠶᠢᠨ ᠪᠠᠶᠢᠴᠠᠭᠠᠨ ᠰᠤᠳᠤᠯᠵᠤ | ᠨᠠᠶᠢᠷᠠᠭᠤᠯᠤᠨ ᠵᠣᠬᠢᠶᠠᠬᠤ ᠨᠡᠶᠢᠲᠡᠯᠢᠭ ᠵᠢᠱᠢᠶ᠎ᠡ ᠪᠣᠯᠭᠠᠨ ᠮᠠᠨ ᠤ ᠣᠷᠣᠨ ᠳᠤ ᠣᠯᠠᠨᠲᠠ ᠢᠷᠠᠵᠤ ᠲᠤᠰᠬᠠᠶ ᠰᠡᠳᠦᠪᠲᠦ | ᠪᠠᠶᠢᠴᠠᠭᠠᠨ ᠰᠤᠳᠤᠯᠤᠯᠲᠠ ᠬᠢᠵᠦ᠂ ᠮᠠᠨ ᠤ ᠵᠥᠪᠯᠡᠯ ᠳᠡᠭᠡᠭᠰᠢ ᠤᠯᠠᠮᠵᠢᠯᠠᠵᠤ ᠳᠣᠷᠣᠭᠰᠢ ᠨᠠᠶᠢᠳᠠᠪᠤᠷᠢᠵᠢᠭᠤᠯᠬᠤ᠂ | ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ ᠪᠢᠴᠢᠬᠦ᠂ ᠪᠣᠳᠠᠲᠤ ᠭᠠᠵᠠᠷ ᠲᠤ ᠪᠠᠶᠢᠴᠠᠭᠠᠨ ᠰᠤᠳᠤᠯᠬᠤ ᠶᠢ | ᠵᠣᠬᠢᠴᠠᠭᠤᠯᠬᠤ ᠵᠡᠷᠭᠡ ᠠᠵᠢᠯ ᠢ ᠴᠠᠭ ᠲᠤᠬᠠᠶ ᠳᠤᠨᠢ ᠴᠢᠨᠠᠷ ᠢ ᠪᠠᠲᠤᠯᠠᠨ ᠪᠡᠶᠡᠯᠡᠭᠦᠯᠵᠦ᠂ ᠡᠯ᠎ᠡ ᠲᠦᠷᠦᠯ ᠤᠨ | ᠪᠠᠶᠢᠴᠠᠭᠠᠨ ᠰᠤᠳᠤᠯᠤᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠶᠡᠭᠡ ᠬᠡᠮᠵᠢᠶᠡᠨ ᠤ ᠨᠠᠷᠢᠨ | ᠨᠢᠮᠪᠠᠶ ᠠᠵᠢᠯ ᠬᠢᠪᠡ᠃ ᠲᠠᠪᠤ ᠳᠤ ᠬᠤᠯᠪᠣᠭᠳᠠᠯ ᠪᠦᠬᠦᠢ ᠰᠣᠨᠢᠨ ᠮᠡᠳᠡᠭᠡᠨ ᠤ ᠵᠠᠭᠤᠴᠢᠯᠠᠭᠤᠷ ᠲᠠᠢ ᠢᠳᠡᠪᠬᠢᠲᠡᠶ ᠪᠠᠷ | ᠬᠠᠮᠵᠢᠯᠴᠠᠵᠤ ᠪᠠᠶᠢᠭᠠᠳ ᠤᠬᠠᠭᠤᠯᠭ᠎ᠠ ᠶᠢᠨ ᠡᠷᠴᠢᠮ ᠢ ᠨᠡᠮᠡᠭᠳᠡᠭᠦᠯᠵᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ | ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠤᠬᠠᠭᠤᠯᠵᠤ᠂ ᠬᠢᠯᠢ ᠬᠢᠵᠠᠭᠠᠷ | ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ | ᠤᠬᠠᠭᠤᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠠᠴᠠ ᠬᠢᠯᠢ | ᠬᠢᠵᠠᠭᠠᠷ ᠣᠷᠣᠨ ᠤ ᠡᠯ᠎ᠡ ᠦᠨᠳᠦᠰᠦᠲᠡᠨ ᠤ ᠠᠷᠠᠳ ᠲᠦᠮᠡᠨ ᠳᠤ ᠬᠦᠷᠲᠡᠭᠡᠭᠰᠡᠨ ᠠᠰᠢᠭ ᠲᠤᠰᠠ ᠶᠢ ᠤᠬᠠᠭᠤᠯᠪᠠ᠃ | ᠤᠬᠠᠭᠤᠯᠭ᠎ᠠ ᠪᠠᠷ ᠳᠠᠮᠵᠢᠭᠤᠯᠤᠨ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ | ᠠᠵᠢᠯᠯᠠᠭ᠎ᠠ ᠶᠢ ᠬᠥᠮᠦᠰ ᠤᠨ ᠰᠡᠳᠬᠢᠯ ᠳᠤ ᠭᠦᠨ ᠰᠠᠭᠤᠭᠳᠠᠭᠤᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ | ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠥᠷᠨᠢᠭᠦᠯᠬᠦ ᠬᠦᠴᠦᠷᠬᠡᠭ ᠶᠡᠭᠡ ᠶᠠᠷᠢᠶ᠎ᠠ ᠬᠡᠯᠡᠯᠴᠡᠭᠡᠨ ᠤ ᠠᠭᠤᠷ | ᠠᠮᠢᠰᠬᠤᠯ ᠢ ᠪᠤᠢ ᠪᠣᠯᠭᠠᠪᠠ᠃ ᠵᠢᠷᠭᠤᠭ᠎ᠠ ᠳᠤ ᠬᠢᠯᠢ ᠬᠢᠵᠠᠭᠠᠷ ᠤᠨ ᠬᠤᠰᠢᠭᠤ ᠬᠤᠳᠠ ᠳᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠳᠤ᠂ ᠬᠢᠯᠢ ᠬᠢᠵᠠᠭᠠᠷ ᠣᠷᠣᠨ ᠢ | ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠲᠡᠭᠦᠨ ᠤ ᠳᠣᠲᠣᠷᠠᠬᠢ ᠴᠢᠬᠤᠯᠠ ᠨᠢᠭᠡ ᠠᠭᠤᠯᠭ᠎ᠠ | ᠪᠣᠯᠭᠠᠵᠤ᠂ ᠢᠯᠠᠩᠭᠤᠶ᠎ᠠ ︽ᠭᠤᠷᠪᠠ ᠶᠢ ᠦᠵᠡᠭᠦᠯᠬᠦ ᠭᠤᠷᠪᠠ ᠶᠢ ᠠᠳᠠᠯᠢᠳᠬᠠᠬᠤ ᠭᠤᠷᠪᠠ ᠶᠢ ᠡᠭᠦᠳᠬᠦ︾ ᠶᠢ | ᠥᠷᠭᠡᠨ ᠢᠶᠠᠷ ᠥᠷᠨᠢᠭᠦᠯᠵᠦ᠂ ︽ᠬᠠᠷᠢᠭᠤᠴᠠᠯᠭ᠎ᠠ ᠪᠠᠨ ᠭᠦᠢᠴᠡᠳᠬᠡᠨ ᠬᠦᠰᠡᠯ ᠪᠠᠨ ᠲᠡᠷᠭᠡᠯᠰᠢᠭᠦᠯᠬᠦ︾ ᠭᠤᠣᠯ | ᠰᠡᠳᠦᠪ ᠤᠨ ᠦᠢᠯᠡᠳᠦᠯᠭᠡᠵᠢᠭᠦᠯᠦᠯᠲᠡ ᠵᠡᠷᠭᠡ ᠠᠵᠢᠯᠯᠠᠭ᠎ᠠ ᠶᠢ ᠠᠬᠢᠭᠤᠯᠬᠤ ᠳᠠᠭᠠᠨ ᠬᠢᠯᠢ ᠬᠢᠵᠠᠭᠠᠷ ᠣᠷᠣᠨ ᠢ | ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠲᠠᠢ ᠤᠶᠠᠯᠳᠤᠭᠤᠯᠤᠨ ᠬᠠᠷᠢᠯᠴᠠᠨ ᠤᠷᠤᠭᠰᠢᠯᠠᠭᠤᠯᠵᠤ᠂ | ᠬᠠᠷᠢᠯᠴᠠᠨ ᠠᠬᠢᠭᠤᠯᠵᠤ ᠴᠢᠳᠠᠪᠠ᠃ | ᠬᠥᠲᠥᠯᠥᠭᠴᠢ᠄ | ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠥᠷᠨᠢᠭᠦᠯᠬᠦ ᠪᠠᠷ | ᠳᠠᠮᠵᠢᠭᠤᠯᠤᠨ᠂ ᠮᠠᠨ ᠤ ᠣᠷᠣᠨ ᠤ ᠬᠢᠯᠢ ᠬᠢᠵᠠᠭᠠᠷ ᠣᠷᠣᠨ ᠳᠤ ᠶᠠᠮᠠᠷ ᠶᠠᠮᠠᠷ ᠪᠠᠶᠠᠷᠯᠠᠭᠤᠰᠢᠲᠠᠶ ᠬᠤᠪᠢᠷᠠᠯᠲᠠ | ᠭᠠᠷᠤᠭᠰᠠᠨ ᠪᠤᠢ︖ | ᠮᠧᠩ ᡁᠢ ᠵᠢᠶᠦ᠋ᠨ᠄ | ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠥᠷᠨᠢᠭᠦᠯᠦᠭᠰᠡᠨ ᠠᠴᠠ ᠨᠠᠰᠢ᠂ | ᠢᠯᠠᠩᠭᠤᠶ᠎ᠠ ︽12·5︾ ᠶᠢᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠢᠯᠢ | ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠯᠥᠪᠵᠢᠭᠦᠯᠭᠡ ᠶᠢ ᠨᠠᠷᠢᠨ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠤᠨ ᠬᠤᠰᠢᠭᠤ ᠬᠤᠲᠠ ᠶᠢ ᠦᠨᠳᠦᠰᠦᠲᠡᠨ ᠤ | ᠠᠵᠢᠯ ᠤᠨ ᠭᠤᠣᠯᠳᠠᠯᠭ᠎ᠠ ᠲᠠᠢ ᠲᠡᠳᠬᠦᠨ ᠳᠡᠮᠵᠢᠬᠦ ᠣᠷᠣᠨ ᠪᠣᠯᠭᠠᠵᠤ᠂ ᠢᠯᠭᠠᠨ ᠳᠡᠮᠵᠢᠬᠦ ᠲᠦᠷᠦ ᠶᠢᠨ | ᠪᠤᠳᠦᠯᠭ᠎ᠠ ᠶᠢ ᠬᠡᠷᠡᠭᠵᠢᠭᠦᠯᠵᠦ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠢ ᠲᠠᠰᠤᠷᠠᠯᠲᠠ ᠦᠭᠡᠶ ᠨᠡᠮᠡᠭᠳᠡᠭᠦᠯᠦᠨ᠂ | ᠮᠠᠨ ᠤ ᠣᠷᠣᠨ ᠤ ᠬᠢᠯᠢ ᠬᠢᠵᠠᠭᠠᠷ ᠤᠨ 19 ᠬᠤᠰᠢᠭᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠲᠠᠯ᠎ᠠ ᠪᠠᠷ ᠢᠯᠡᠳᠲᠡ ᠠᠮᠵᠢᠯᠲᠠ ᠪᠦᠲᠦᠮᠵᠢ ᠣᠯᠵᠠᠶ︔ ᠦᠢᠯᠡᠳᠪᠦᠷᠢᠯᠡᠯ ᠤᠨ ᠶᠡᠷᠦᠩᠬᠡᠢ ᠦᠷᠲᠡᠭ ᠨᠢ 2010 | ᠣᠨ ᠳᠤ 1112 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2015 ᠣᠨ ᠪᠤᠯᠬᠤ ᠳᠤ 1749 | ᠳ᠋ᠦᠩᠰᠢᠭᠤᠷ ᠲᠥᠭᠦᠷᠢᠭ ᠪᠣᠯᠵᠤ ᠨᠡᠮᠡᠭᠳᠡᠨ᠂ ᠪᠥᠬᠦ ᠣᠷᠣᠨ ᠤ ᠳᠣᠲᠣᠷ᠎ᠠ ᠡᠵᠡᠯᠡᠬᠦ ᠬᠤᠪᠢ ᠶᠢᠨ ᠵᠢᠩ ᠨᠢ 9 % | ᠪᠠᠶᠢᠭᠰᠠᠨ ᠠᠴᠠ 9.71 % ᠪᠣᠯᠵᠤ ᠳᠡᠭᠡᠭᠰᠢᠯᠡᠪᠡ︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ 969 | ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 1416.8 ᠳ᠋ᠦᠩᠰᠢᠭᠤᠷ ᠲᠥᠭᠦᠷᠢᠭ ᠪᠣᠯᠵᠤ ᠨᠡᠮᠡᠭᠳᠡᠭᠡᠳ᠂ ᠪᠥᠬᠦ | ᠣᠷᠣᠨ ᠤ ᠳᠣᠲᠣᠷ᠎ᠠ ᠡᠵᠡᠯᠡᠬᠦ ᠬᠤᠪᠢ ᠶᠢᠨ ᠵᠢᠩ ᠨᠢ 10 % ᠪᠠᠶᠢᠭᠰᠠᠨ ᠠᠴᠠ ᠪᠠᠨ 10.25 % ᠪᠣᠯᠵᠤ | ᠳᠡᠭᠡᠭᠰᠢᠯᠡᠪᠡ︔ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 62.26 ᠳ᠋ᠦᠩᠰᠢᠭᠤᠷ | ᠲᠥᠭᠦᠷᠢᠭ ᠪᠠᠶᠢᠭᠰᠠᠨ ᠠᠴᠠ ᠪᠠᠨ 118.12 ᠳ᠋ᠦᠩᠰᠢᠭᠤᠷ ᠲᠥᠭᠦᠷᠢᠭ ᠪᠣᠯᠵᠤ ᠨᠡᠮᠡᠭᠳᠡᠭᠡᠳ᠂ ᠪᠥᠬᠦ ᠣᠷᠣᠨ ᠤ | ᠳᠣᠲᠣᠷ᠎ᠠ ᠡᠵᠡᠯᠡᠬᠦ ᠬᠤᠪᠢ ᠶᠢᠨ ᠵᠢᠩ ᠨᠢ 5.8 % ᠪᠠᠶᠢᠭᠰᠠᠨ ᠠᠴᠠ ᠪᠠᠨ 6.02 % ᠪᠣᠯᠵᠤ ᠳᠡᠭᠡᠭᠰᠢᠯᠡᠪᠡ᠃ | 2015 ᠣᠨ ᠪᠣᠯᠬᠤ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ | ᠣᠷᠣᠯᠭ᠎ᠠ ᠪᠣᠯᠤᠨ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠲᠤᠰ ᠲᠤᠰ | 27670 ᠲᠥᠭᠦᠷᠢᠭ ᠪᠠ 10867 ᠲᠥᠭᠦᠷᠢᠭ ᠲᠤ ᠬᠦᠷᠪᠡ᠃ ᠬᠢᠯᠢ ᠬᠢᠵᠠᠭᠠᠷ ᠣᠷᠣᠨ ᠤ ᠰᠠᠭᠤᠷᠢ | ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠴᠢᠩᠭᠠᠷᠠᠵᠤ᠂ 2015 ᠣᠨ ᠤ ᠡᠴᠦᠰ ᠪᠣᠯᠬᠤ ᠳᠤ᠂ ᠬᠢᠯᠢ ᠬᠢᠵᠠᠭᠠᠷ | ᠤᠨ ᠬᠤᠰᠢᠭᠤ ᠬᠤᠲᠠ ᠶᠢᠨ ᠵᠠᠰᠠᠮᠠᠯ ᠵᠠᠮ ᠤᠨ ᠪᠦᠬᠦ ᠤᠷᠳᠤ ᠨᠢ 4.05 ᠲᠦᠮᠡᠨ ᠺᠢᠯᠣᠮᠧᠲᠷ ᠲᠤ ᠬᠦᠷᠴᠦ᠂ 13 | ᠬᠤᠰᠢᠭᠤ ᠰᠢᠶᠠᠨ ᠬᠤᠳᠠ ᠳᠤ ᠨᠢᠭᠡᠨᠲᠡ ᠲᠦᠷᠭᠡᠨ ᠬᠤᠷᠳᠤᠴᠠᠲᠤ ᠪᠤᠶᠤ ᠨᠢᠭᠡᠳᠦᠭᠡᠷ ᠳᠡᠰ ᠤᠨ ᠵᠠᠰᠠᠮᠠᠯ ᠵᠠᠮ | ᠨᠡᠪᠲᠡᠷᠡᠪᠡ᠃ 138 ᠰᠤᠮᠤ ᠰᠢᠶᠠᠩ ᠪᠠᠯᠭᠠᠰᠤᠨ ᠳᠤ ᠪᠦᠬᠦᠨ ᠢᠶᠠᠷ ᠢᠶᠠᠨ ᠪᠠᠷᠤᠭᠰᠢᠨ ᠱᠦᠢᠨᠢ ᠵᠠᠮ ᠨᠡᠪᠲᠡᠷᠡᠵᠦ᠂ | 1179 ᠭᠠᠴᠠᠭ᠎ᠠ ᠲᠣᠰᠬᠤᠨ ᠤ 784 ᠳᠤᠨᠢ ᠪᠠᠷᠤᠭᠰᠢᠨ ᠱᠦᠢᠨᠢ ᠵᠠᠮ ᠨᠡᠪᠲᠡᠷᠡᠵᠦ᠂ 1017 ᠭᠠᠴᠠᠭ᠎ᠠ | ᠲᠣᠰᠬᠤᠨ ᠤ ᠵᠡᠭᠡᠯᠢ ᠭᠤᠳᠤᠮ ᠤᠨ ᠬᠠᠲᠠᠭᠤᠷᠠᠭᠤᠯᠤᠯ ᠢ ᠪᠡᠶᠡᠯᠡᠭᠦᠯᠵᠦ᠂ ᠬᠠᠲᠠᠭᠤᠷᠠᠭᠤᠯᠤᠯ ᠤᠨ ᠨᠤᠷᠮ᠎ᠠ ᠨᠢ 86. | 3% ᠪᠣᠯᠪᠠ᠃ | ᠴᠠᠬᠢᠯᠭᠠᠨ ᠬᠦᠴᠦ ᠮᠡᠳᠡᠭᠡ ᠬᠤᠯᠪᠣᠭᠠᠨ ᠤ ᠲᠠᠯ᠎ᠠ ᠪᠠᠷ᠂ ᠬᠢᠯᠢ ᠬᠢᠵᠠᠭᠠᠷ ᠤᠨ ᠬᠤᠰᠢᠭᠤ ᠰᠢᠶᠠᠨ | ᠬᠤᠳᠠ ᠨᠢᠭᠡᠪᠦᠷᠢ 220 ᠺᠢᠯᠤᠸᠤᠯᠲ ᠤᠨ ᠬᠦᠴᠦᠳᠡᠯ ᠥᠭᠡᠷᠡᠴᠢᠯᠡᠬᠦ ᠦᠷᠲᠡᠭᠡ ᠶᠢ ᠠᠯᠢ ᠴᠥᠭᠡᠨ ᠳᠡᠭᠡᠨ ᠨᠢᠭᠡ ᠶᠢ | ᠪᠠᠶᠢᠭᠤᠯᠵᠤ᠂ 110 ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ ᠴᠠᠬᠢᠯᠭᠠᠨ ᠲᠦᠭᠡᠭᠡᠬᠦ ᠲᠣᠣᠷ ᠢ ᠡᠯ᠎ᠡ ᠵᠠᠰᠠᠭ | ᠵᠠᠬᠢᠷᠭᠠᠨ ᠤ ᠲᠣᠰᠬᠤᠨ ︵ᠭᠠᠴᠠᠭ᠎ᠠ︶ ᠳᠤ ᠬᠦᠷᠲᠡᠯ᠎ᠡ ᠨᠡᠪᠲᠡᠷᠡᠭᠦᠯᠪᠡ᠃ ᠬᠠᠷᠢᠶ᠎ᠠ ᠪᠦᠬᠦᠢ ᠰᠤᠮᠤ ᠰᠢᠶᠠᠩ ᠪᠠᠯᠭᠠᠰᠤ | ᠶᠢᠨ ᠪᠦᠬᠦᠨ ᠳᠤᠨᠢ ᠴᠠᠬᠢᠯᠭᠠᠨ ᠨᠡᠪᠲᠡᠷᠡᠵᠦ᠂ ᠡᠷᠦᠬᠡ ᠪᠣᠯᠭᠠᠨ ᠳᠤ ᠴᠠᠬᠢᠯᠭᠠᠨ ᠨᠡᠪᠲᠡᠷᠡᠭᠦᠯᠬᠦ ᠶᠢ ᠦᠨᠳᠦᠰᠦᠨ ᠳᠡᠭᠡᠨ | ᠪᠡᠶᠡᠯᠡᠭᠦᠯᠪᠡ᠃ ᠰᠢᠦᠳᠠᠨ ᠬᠤᠯᠪᠣᠭᠠᠨ ᠤ ᠲᠣᠣᠷ ᠰᠦᠯᠵᠢᠶ᠎ᠡ ᠪᠦᠬᠦ ᠰᠤᠮᠤ ᠰᠢᠶᠠᠩ ᠪᠠᠯᠭᠠᠰᠤ ᠳᠤ ᠪᠦᠷᠢᠨ ᠪᠦᠷᠬᠦᠵᠦ᠂ | ᠣᠯᠠᠩᠬᠢ ᠭᠠᠴᠠᠭ᠎ᠠ ᠲᠣᠰᠬᠤᠨ ᠳᠤ ᠲᠣᠭᠲᠠᠮᠠᠯ ᠳ᠋ᠢᠶᠠᠩᠬᠤᠸᠠ ᠨᠡᠪᠲᠡᠷᠡᠪᠡ᠃ ᠰᠢᠯᠵᠢᠮᠡᠯ ᠤᠲᠠᠰᠤ ᠶᠢᠨ ᠬᠡᠷᠡᠭᠯᠡᠭᠴᠢ᠂ | ᠤᠯᠠᠨ ᠤᠯᠤᠰ ᠤᠨ ᠢᠨᠲ᠋ᠧᠷ ᠰᠦᠯᠵᠢᠶᠡᠨ ᠤ ᠬᠡᠷᠡᠭᠯᠡᠭᠴᠢ ᠶᠡᠭᠡ ᠪᠠᠷ ᠨᠡᠮᠡᠭᠳᠡᠪᠡ᠃ ᠬᠢᠯᠢ ᠬᠢᠵᠠᠭᠠᠷ ᠤᠨ ᠠᠷᠠᠳ ᠤᠨ | ᠠᠮᠢᠳᠤᠷᠠᠯ ᠤᠨ ᠴᠢᠨᠠᠷ ᠴᠢᠨᠰᠠᠭ᠎ᠠ ᠮᠡᠳᠡᠭᠳᠡᠬᠦ᠋ᠢᠴᠡ ᠳᠡᠭᠡᠭᠰᠢᠯᠡᠪᠡ᠃ ᠬᠢᠯᠢ ᠬᠢᠵᠠᠭᠠᠷ ᠤᠨ ᠬᠤᠰᠢᠭᠤ ᠬᠤᠲᠠ ᠨᠤᠭᠤᠳ | ᠶᠠᠳᠠᠭᠤ ᠬᠦᠴᠢᠷᠳᠡᠯᠲᠡᠶ ᠬᠥᠮᠦᠨ ᠠᠮᠠ ᠶᠡᠭᠡ ᠪᠠᠷ ᠴᠥᠭᠡᠷᠡᠪᠡ᠃ ︽12·5︾ ᠶᠢᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ᠬᠢᠯᠢ ᠬᠢᠵᠠᠭᠠᠷ ᠤᠨ ᠬᠤᠰᠢᠭᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ 6.8 ᠲᠦᠮᠡᠨ | ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠤᠯᠤᠰ ᠤᠨ | ᠲᠤᠰᠠᠯᠠᠮᠵᠢ ᠶᠢᠨ ᠪᠡᠯᠡ ᠮᠥᠩᠭᠦ ᠶᠢ 6.1 ᠳ᠋ᠦᠩᠰᠢᠭᠤᠷ ᠲᠥᠭᠦᠷᠢᠭ ᠂ ᠥᠪᠡᠷᠲᠡᠭᠡᠨ ᠵᠠᠰᠠᠬᠤ ᠣᠷᠣᠨ ᠤ ᠱᠠᠲᠤᠨ ᠤ | ᠲᠤᠰᠠᠯᠠᠮᠵᠢ ᠶᠢᠨ ᠪᠡᠯᠡ ᠮᠥᠩᠭᠦ ᠶᠢ 5.8 ᠳ᠋ᠦᠩᠰᠢᠭᠤᠷ ᠲᠥᠭᠦᠷᠢᠭ ᠪᠠᠭᠤᠯᠭᠠᠵᠤ᠂ ᠶᠡᠷᠦᠩᠬᠡᠶ ᠪᠡᠯᠡ | ᠣᠷᠣᠭᠤᠯᠤᠯᠲᠠ ᠶᠢ ᠪᠠᠷᠤᠭ 40 ᠳ᠋ᠦᠩᠰᠢᠭᠤᠷ ᠲᠥᠭᠦᠷᠢᠭ ᠪᠡᠶᠡᠯᠡᠭᠦᠯᠪᠡ᠃ ︽12·5︾ ᠶᠢᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠤᠨ ᠬᠤᠰᠢᠭᠤ | ᠬᠤᠳᠠ ᠶᠢᠨ ᠵᠢᠵᠢᠭ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ︽ᠱᠠᠩᠨᠠᠯ ᠢᠶᠠᠷ ᠨᠥᠬᠦᠪᠥᠷᠢ ᠶᠢ | ᠣᠷᠣᠯᠠᠭᠤᠯᠬᠤ︾ ᠪᠡᠯᠡ ᠮᠥᠩᠭᠦ ᠶᠢ 1620 ᠲᠦᠮᠡᠨ ᠲᠥᠭᠦᠷᠢᠭ ᠲᠣᠬᠢᠷᠠᠭᠤᠯᠪᠠ᠃ ᠨᠡᠶᠢᠭᠡᠮ ᠤᠨ ᠦᠢᠯᠡᠰ ᠤᠨ | ᠬᠥᠭᠵᠢᠯᠲᠡ ᠶᠡᠬᠡᠪᠡᠷ ᠲᠠᠪᠰᠢᠪᠠ᠃ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠣᠶᠣᠯ ᠤᠨ ᠦᠢᠯᠡᠰ ᠤᠨ | ᠬᠥᠭᠵᠢᠯᠲᠡ ᠶᠢᠨ ᠬᠢᠷᠢ ᠬᠡᠮᠵᠢᠶ᠎ᠡ ᠪᠦᠬᠦ ᠲᠠᠯ᠎ᠠ ᠪᠠᠷ ᠳᠡᠭᠡᠭᠰᠢᠯᠡᠵᠦ᠂ ᠬᠢᠯᠢ ᠬᠢᠵᠠᠭᠠᠷ ᠤᠨ ᠠᠷᠠᠳ ᠤᠨ | ᠰᠤᠷᠭᠠᠭᠤᠯᠢ ᠳᠤ ᠣᠷᠣᠬᠤ ᠳᠤ ᠬᠦᠴᠢᠷᠲᠡᠢ᠂ ᠡᠪᠡᠳᠴᠢᠨ ᠦᠵᠡᠭᠦᠯᠬᠦ ᠳᠤ ᠬᠦᠴᠢᠷᠲᠡᠶ ᠪᠠᠶᠢᠭᠰᠠᠨ ᠠᠰᠠᠭᠤᠳᠠᠯ ᠢ | ᠦᠨᠳᠦᠰᠦᠨ ᠳᠡᠭᠡᠨ ᠰᠢᠢᠳᠪᠦᠷᠢᠯᠡᠵᠦ᠂ ᠰᠣᠶᠣᠯ ᠤᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠪᠠ᠃ ᠰᠤᠷᠭᠠᠨ | ᠬᠥᠮᠦᠵᠢᠯ ᠤᠨ ᠲᠠᠯ᠎ᠠ ᠪᠠᠷ᠂ ᠬᠢᠯᠢ ᠬᠢᠵᠠᠭᠠᠷ ᠤᠨ ᠬᠤᠰᠢᠭᠤ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠡᠩ | ᠲᠡᠷᠢᠭᠦᠨ ᠳᠤ ᠭᠤᠣᠯᠳᠠᠯᠭ᠎ᠠ ᠲᠠᠢ ᠬᠥᠭᠵᠢᠪᠡ᠃ ᠬᠢᠯᠢ ᠬᠢᠵᠠᠭᠠᠷ ᠤᠨ ᠬᠤᠰᠢᠭᠤ ᠬᠤᠲᠠ ᠶᠢᠨ ᠳᠤᠮᠳᠠᠳᠤ ᠪᠠᠭ᠎ᠠ | ᠰᠤᠷᠭᠠᠭᠤᠯᠢ ᠶᠢᠨ ᠪᠠᠶᠢᠷᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠪᠠ︔ ᠬᠢᠯᠢ ᠬᠢᠵᠠᠭᠠᠷ ᠤᠨ ᠬᠤᠰᠢᠭᠤ | ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠥᠬᠦᠨ ᠢ ᠮᠠᠯᠵᠢᠬᠤ ᠲᠠᠷᠢᠶᠠᠯᠠᠬᠤ ᠣᠷᠣᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ | ᠬᠦᠷᠢᠶ᠎ᠡ ᠬᠡᠪᠴᠢᠶ᠎ᠡ ᠳᠤ ᠣᠷᠣᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯ ᠲᠠᠢ ᠪᠠᠶᠢᠷᠢ ᠳᠤ ᠰᠠᠭᠤᠬᠤ ᠰᠤᠷᠤᠭᠴᠢᠳ ᠲᠤ | ᠠᠮᠢᠳᠤᠷᠠᠯ ᠤᠨ ᠵᠠᠷᠤᠳᠠᠯ ᠤᠨ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠲᠡᠭᠡᠵᠦ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠳᠤ ︽ᠬᠤᠶᠠᠷ ᠢ ᠬᠡᠯᠲᠦᠷᠢᠭᠦᠯᠬᠦ︾ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠃ | ᠰᠣᠶᠣᠯ ᠤᠨ ᠲᠠᠯ᠎ᠠ ᠪᠠᠷ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠠᠭᠤᠷᠢ ᠪᠡᠯᠡᠳᠬᠡᠮᠵᠢ | ᠡᠳᠦᠷ ᠢᠷᠡᠬᠦᠶ᠎ᠡ ᠪᠦᠷᠢᠨᠰᠢᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠠᠳᠠᠯᠢ | ᠲᠡᠭᠰᠢ ᠪᠣᠯᠭᠠᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠬᠢᠯᠢ ᠳᠠᠭᠠᠤ ᠨᠡᠭᠡᠭᠡᠨ ᠬᠥᠭᠵᠢᠭᠦᠯᠵᠦ ᠨᠡᠭᠡᠭᠡᠯᠳᠡ | ᠬᠢᠬᠦ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ ᠮᠠᠨ ᠤ ᠣᠷᠣᠨ ᠳᠤ ᠤᠳᠤ ᠬᠢᠯᠢ ᠬᠢᠵᠠᠭᠠᠷ ᠣᠷᠣᠨ ᠤ | ᠲᠡᠮᠦᠷ ᠵᠠᠮ ᠤᠨ ᠪᠣᠭᠤᠮᠲᠠ 2᠂ ᠬᠢᠯᠢ ᠶᠢᠨ ᠵᠠᠰᠠᠮᠠᠯ ᠵᠠᠮ ᠤᠨ ᠪᠣᠭᠤᠮᠲᠠ 11 ᠪᠠᠶᠢᠵᠤ᠂ ᠡᠭᠦᠨ ᠳᠤ ᠣᠷᠣᠰ ᠲᠤ | ᠬᠠᠨᠳᠤᠭᠰᠠᠨ ᠬᠢᠯᠢ ᠤᠨ ᠪᠣᠭᠤᠮᠲᠠ 4᠂ ᠮᠣᠩᠭᠤᠯ ᠳᠤ ᠬᠠᠨᠳᠤᠭᠰᠠᠨ ᠬᠢᠯᠢ ᠶᠢᠨ ᠪᠣᠭᠤᠮᠲᠠ 9 ᠪᠠᠶᠢᠵᠤ᠂ ᠳᠤᠮᠳᠠᠳᠤ | ᠣᠷᠣᠰ ᠤᠨ ᠬᠠᠭᠤᠷᠠᠶ ᠵᠠᠮ ᠤᠨ ᠡᠳ᠋ ᠪᠠᠷᠠᠭ᠎ᠠ ᠶᠢᠨ ᠲᠡᠭᠡᠭᠡᠪᠦᠷᠢᠯᠡᠯᠲᠡ ᠶᠢᠨ ᠶᠡᠷᠦᠩᠬᠡᠶ ᠬᠡᠮᠵᠢᠶ᠎ᠡ ᠶᠢᠨ 65% ᠪᠠ | ᠳᠤᠮᠳᠠᠳᠤ ᠮᠣᠩᠭᠤᠯ ᠤᠨ ᠬᠤᠭᠤᠷᠣᠨᠳᠣᠬᠢ ᠪᠠᠷᠠᠭ᠎ᠠ ᠲᠡᠭᠡᠭᠡᠪᠦᠷᠢᠯᠡᠯᠲᠡ ᠶᠢᠨ ᠶᠡᠷᠦᠩᠬᠡᠶ ᠬᠡᠮᠵᠢᠶ᠎ᠡ ᠶᠢᠨ 95% ᠶᠢ | ᠲᠤᠰ ᠲᠤᠰ ᠡᠭᠦᠷᠭᠡᠯᠡᠵᠦ᠂ ᠮᠠᠨᠵᠤᠤᠷ ᠪᠣᠯᠣᠨ ᠡᠷᠢᠶᠡᠨ ᠬᠤᠲᠠ ᠨᠢ ᠮᠠᠨ ᠤ ᠤᠯᠤᠰ ᠤᠨ ᠣᠷᠣᠰ ᠪᠠ ᠮᠣᠩᠭᠤᠯ ᠳᠤ | ᠬᠠᠨᠳᠤᠭᠰᠠᠨ ᠬᠠᠮᠤᠭ ᠤᠨ ᠶᠡᠭᠡ ᠪᠣᠭᠤᠮᠲᠠ ᠪᠣᠯᠪᠠ᠃ ᠠᠮᠢ ᠠᠬᠤᠶ ᠶᠢᠨ ᠣᠷᠴᠢᠨ ᠲᠤᠭᠤᠷᠢᠨ ᠤ ᠬᠠᠮᠠᠭᠠᠯᠠᠯᠲᠠ | ᠪᠣᠯᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠪᠠ᠃ ᠡᠯ᠎ᠡ ᠱᠠᠲᠤᠨ ᠤ ᠡᠳ᠋ ᠤᠨ ᠵᠠᠰᠠᠭ ᠪᠡᠯᠡ ᠮᠥᠩᠭᠦᠨ ᠤ | ᠣᠷᠣᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠢᠯᠢ ᠬᠢᠵᠠᠭᠠᠷ ᠤᠨ ᠡᠯ᠎ᠡ ᠬᠤᠰᠢᠭᠤ | ᠬᠤᠳᠠ ᠨᠢ ᠲᠤᠰᠬᠠᠶ ᠪᠡᠯᠡ ᠮᠥᠩᠭᠦ ᠶᠢᠨ ᠬᠥᠲᠥᠯᠥᠨ ᠵᠢᠯᠣᠭᠤᠳᠤᠯᠭ᠎ᠠ ᠳᠣᠣᠷ᠎ᠠ᠂ ︽ᠲᠠᠪᠤᠨ ᠶᠡᠭᠡ ᠰᠠᠭᠤᠷᠢᠨ | ᠭᠠᠵᠠᠷ ᠤᠨ ᠪᠥᠳᠥᠭᠡᠨ ᠪᠠᠶᠢᠭᠤᠯᠤᠯᠲᠠ︾᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠬᠦᠭᠦᠯᠬᠦ︾ | ᠢᠨᠵᠧᠨᠧᠷᠢᠩ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠵᠡᠷᠭᠡ ᠲᠥᠷᠥᠯ ᠵᠦᠢᠯ ᠤᠨ ᠪᠥᠳᠥᠭᠡᠨ | ᠪᠠᠶᠢᠭᠤᠯᠤᠯᠲᠠ ᠲᠠᠢ ᠤᠶᠠᠯᠳᠤᠭᠤᠯᠤᠨ᠂ ᠡᠳ᠋ ᠤᠨ ᠵᠠᠰᠠᠭ ᠤᠨ ᠣᠷᠣᠭᠤᠯᠬᠤ᠂ ᠨᠡᠶᠢᠭᠡᠮ ᠠᠴᠠ ᠪᠡᠯᠡ ᠲᠣᠬᠢᠷᠠᠭᠤᠯᠬᠤ᠂ | ᠤᠯᠠᠨ ᠲᠦᠮᠡᠨ ᠥᠪᠡᠷ ᠲᠡᠭᠡᠨ ᠪᠡᠯᠡᠳᠬᠡᠬᠦ ᠵᠡᠷᠭᠡ ᠤᠯᠠᠨ ᠵᠦᠢᠯ ᠤᠨ ᠠᠷᠭ᠎ᠠ ᠵᠠᠮ ᠢᠶᠠᠷ ᠨᠢᠭᠡ ᠪᠦᠯᠦᠭ ᠲᠥᠷᠥᠯ | ᠵᠦᠢᠯ ᠢ ᠲᠥᠪᠯᠡᠷᠡᠭᠦᠯᠦᠨ ᠪᠠᠷᠢᠯᠳᠤᠭᠤᠯᠤᠨ ᠬᠡᠷᠡᠭᠯᠡᠬᠦ ᠶᠢ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠤ ᠠᠵᠤ ᠠᠬᠤᠶ | ᠨᠡᠶᠢᠭᠡᠮ ᠤᠨ ᠴᠢᠨᠠᠷᠲᠠᠢ ᠪᠥᠭᠡᠳ ᠲᠦᠷᠭᠡᠨ ᠬᠥᠭᠵᠢᠯᠲᠡ ᠶᠢ ᠬᠦᠴᠦᠲᠡᠶ ᠠᠬᠢᠭᠤᠯᠪᠠ᠃ ᠦᠨᠳᠦᠰᠦᠲᠡᠨ ᠤ | ᠪᠦᠯᠬᠦᠮᠳᠡᠯ᠂ ᠬᠢᠯᠢ ᠬᠢᠵᠠᠭᠠᠷ ᠤᠨ ᠪᠠᠬᠢᠵᠢᠯ᠂ ᠡᠶᠡᠯᠳᠡᠭ ᠬᠥᠷᠰᠢ ᠶᠢᠨ ᠨᠥᠬᠦᠷᠰᠡᠭ ᠪᠠᠶᠢᠳᠠᠯ ᠢ ᠪᠠᠬᠢᠵᠢᠭᠦᠯᠦᠨ | ᠴᠢᠩᠭᠠᠳᠬᠠᠪᠠ᠃ | ᠬᠥᠲᠥᠯᠥᠭᠴᠢ᠄ | ᠣᠳᠣᠬᠠᠨ ᠳᠤ᠂ ᠮᠠᠨ ᠤ ᠤᠷᠤᠨ ᠤ ᠬᠢᠯᠢ ᠬᠢᠵᠠᠭᠠᠷ ᠣᠷᠣᠨ ᠳᠤ ᠪᠠᠰᠠ ᠶᠠᠮᠠᠷ ᠶᠠᠮᠠᠷ ᠬᠦᠴᠢᠷ ᠪᠡᠷᠬᠡᠰᠢᠶᠡᠯ | ᠲᠤᠯᠭᠠᠷᠠᠵᠤ ᠪᠠᠶᠢᠬᠤ ᠪᠤᠢ︖ | ᠮᠧᠩ ᡁᠢ ᠵᠢᠶᠦ᠋ᠨ᠄ | ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ︽12·5︾ ᠶᠢᠨ | ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠠᠴᠠ ᠨᠠᠰᠢ ᠢᠯᠡᠳᠲᠡ ᠠᠮᠵᠢᠯᠲᠠ ᠪᠦᠲᠦᠮᠵᠢ ᠣᠯᠵᠤ᠂ ᠮᠠᠨ ᠤ ᠤᠷᠤᠨ ᠤ | ᠬᠢᠯᠢ ᠬᠢᠵᠠᠭᠠᠷ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠪᠣᠳᠠᠲᠤ ᠠᠰᠢᠭ ᠬᠦᠷᠲᠡᠭᠡᠨ᠂ ᠬᠢᠯᠢ | ᠬᠢᠵᠠᠭᠠᠷ ᠣᠷᠣᠨ ᠬᠥᠭᠵᠢᠯᠲᠡ ᠶᠢᠨ ᠲᠥᠷᠭᠡᠨ ᠵᠠᠮ ᠳᠠᠭᠠᠨ ᠤᠷᠤᠵᠤ᠂ ᠬᠢᠯᠢ ᠬᠢᠵᠠᠭᠠᠷ ᠤᠷᠤᠨ ᠢ | ᠲᠣᠭᠲᠠᠪᠤᠷᠢᠵᠢᠭᠤᠯᠤᠨ ᠪᠠᠬᠢᠵᠢᠭᠦᠯᠬᠦ᠂ ᠠᠷᠠᠳ ᠢ ᠪᠠᠶᠠᠵᠢᠭᠤᠯᠤᠨ᠂ ᠠᠷᠠᠳ ᠲᠤ ᠠᠰᠢᠭ ᠬᠦᠷᠲᠡᠭᠡᠬᠦ ᠳᠤ ᠴᠢᠬᠤᠯᠠ | ᠦᠢᠯᠡᠳᠦᠯ ᠦᠵᠡᠭᠦᠯᠪᠡ᠃ ᠬᠡᠯᠡᠯᠭᠡᠨ ᠦᠭᠡᠢ᠂ ᠪᠢᠳᠡ ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ ᠪᠠᠰᠠ | ᠣᠳᠣᠬᠠᠨ ᠳᠤ ᠬᠢᠯᠢ ᠬᠢᠵᠠᠭᠠᠷ ᠤᠨ ᠬᠤᠰᠢᠭᠤ ᠬᠤᠳᠠ ᠶᠢ ᠲᠦᠷᠭᠡᠳᠬᠡᠨ ᠬᠦᠭᠵᠢᠭᠦᠯᠬᠦ ᠳᠤ ᠲᠤᠯᠭᠠᠷᠠᠵᠤ ᠪᠠᠶᠢᠭ᠎ᠠ | ᠠᠰᠠᠭᠤᠳᠠᠯ ᠪᠠ ᠬᠦᠴᠢᠷᠳᠡᠯ ᠮᠦᠨᠬᠦ ᠨᠡᠯᠢᠶᠡᠳ ᠲᠤᠪᠤᠶᠢᠮ᠎ᠠ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠲᠡᠢ ᠶᠤᠮ᠃ | ᠨᠢᠭᠡ ᠳᠤ᠂ ᠮᠠᠨ ᠤ ᠤᠷᠤᠨ ᠤ ᠬᠢᠯᠢ ᠬᠢᠵᠠᠭᠠᠷ ᠣᠷᠣᠨ ᠢ ᠶᠡᠭᠡ ᠬᠡᠪᠴᠢᠶ᠎ᠡ ᠪᠠᠷ ᠨᠡᠭᠡᠭᠡᠨ ᠬᠥᠭᠵᠢᠭᠦᠯᠵᠦ ᠪᠦᠳᠦᠭᠡᠨ | ᠪᠠᠶᠢᠭᠤᠯᠤᠭᠰᠠᠨ ᠡᠬᠢᠯᠡᠯᠲᠡ ᠨᠢ ᠨᠡᠯᠢᠶᠡᠳ ᠤᠷᠤᠢ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ | ᠬᠤᠯᠪᠣᠭᠳᠠᠭᠰᠠᠨ ᠵᠠᠷᠢᠮ ᠤᠰᠤ᠂ ᠴᠠᠬᠢᠯᠭᠠᠨ᠂ ᠵᠠᠮ᠂ ᠬᠡᠢ ︵ᠨᠠᠮᠤᠭ ᠤᠨ ᠬᠡᠢ︶ ᠵᠡᠷᠭᠡ ᠤᠯᠠᠨ ᠨᠡᠶᠢᠲᠡ ᠶᠢᠨ | ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠨᠢ ᠨᠡᠯᠢᠶᠡᠳ ᠪᠠᠭᠤᠷᠠᠶ ᠪᠠᠶᠢᠬᠤ ᠲᠡᠬᠢᠪᠡᠯ ᠪᠠᠰᠠ ᠨᠡᠯᠢᠶᠡᠳ ᠶᠡᠭᠡ | ᠪᠥᠯᠥᠭ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠭᠡᠳᠦᠢ᠂ | 527 ᠭᠠᠴᠠᠭ᠎ᠠ ᠲᠣᠰᠬᠤᠨ ᠳᠤ ᠪᠠᠷᠤᠭᠰᠢᠨ ᠱᠦᠢᠨᠢ ᠵᠠᠮ ᠨᠡᠪᠲᠡᠷᠡᠭᠡᠳᠦᠢ᠂ ᠵᠠᠷᠢᠮ ᠬᠢᠯᠢ ᠬᠢᠵᠠᠭᠠᠷ ᠤᠨ ᠮᠠᠯᠵᠢᠬᠤ | ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠨᠥᠬᠦᠴᠡᠯ ᠨᠢ ᠠᠨᠠᠶ᠂ ᠠᠮᠢᠳᠤᠷᠠᠯ ᠤᠨ ᠪᠡᠯᠡᠳᠬᠡᠮᠵᠢ ᠨᠢ | ᠪᠦᠳᠦᠭᠦᠯᠢᠭ ᠪᠠᠶᠢᠵᠤ᠂ ᠴᠢᠨᠡᠭᠡᠯᠢᠭ ᠨᠡᠶᠢᠭᠡᠮ ᠤᠨ ᠪᠠᠷᠢᠮᠵᠢᠶᠠᠨ ᠳᠤ ᠬᠦᠷᠲᠡᠯ᠎ᠡ ᠪᠠᠰᠠ ᠮᠠᠰᠢ ᠶᠡᠭᠡ ᠵᠥᠷᠢᠶ᠎ᠡ ᠲᠠᠢ | ᠪᠠᠶᠢᠨ᠎ᠠ᠃ ᠬᠤᠶᠠᠷ ᠲᠤ ᠬᠢᠯᠢ ᠶᠢᠨ 19 ᠬᠤᠰᠢᠭᠤ ᠬᠤᠲᠠ ᠶᠢᠨ ᠳᠣᠲᠣᠷᠠᠬᠢ 14 ᠨᠢ ᠮᠠᠯ ᠠᠵᠤ ᠠᠬᠤᠢ ᠪᠠᠷ | ᠭᠤᠣᠯ ᠪᠣᠯᠭᠠᠵᠤ᠂ ᠭᠠᠵᠠᠷ ᠨᠤᠲᠤᠭ ᠨᠢ ᠪᠦᠬᠦ ᠣᠷᠣᠨ ᠤ ᠬᠠᠭᠠᠰ ᠠᠴᠠ ᠳᠡᠭᠡᠭᠰᠢᠬᠢ ᠶᠢ ᠡᠵᠡᠯᠡᠵᠦ ᠪᠠᠶᠢᠲᠠᠯ᠎ᠠ ᠪᠠᠨ | ᠠᠵᠤ ᠠᠬᠤᠶ ᠶᠢᠨ ᠶᠡᠷᠦᠩᠬᠡᠶ ᠬᠡᠮᠵᠢᠶ᠎ᠡ ᠨᠢ ᠵᠥᠪᠬᠡᠨ ᠪᠦᠬᠦ ᠤᠷᠤᠨ ᠤ ᠠᠷᠪᠠᠨ ᠤ ᠨᠢᠭᠡ ᠬᠤᠪᠢ ᠯᠡ ᠡᠵᠡᠯᠡᠵᠦ᠂ | ᠠᠵᠤ ᠠᠬᠤᠶ ᠶᠢᠨ ᠶᠡᠷᠦᠩᠬᠡᠶ ᠪᠣᠳᠠᠲᠤ ᠬᠦᠴᠦᠨ ᠰᠤᠯᠠ᠂ ᠦᠪᠡᠷ ᠢ ᠪᠠᠨ ᠬᠦᠭᠵᠢᠭᠦᠯᠬᠦ ᠴᠢᠳᠠᠪᠤᠷᠢ ᠨᠢ ᠨᠡᠯᠢᠶᠡᠳ | ᠪᠠᠭᠤᠷᠠᠶ ᠪᠠᠶᠢᠳᠠᠭ᠃ ᠠᠵᠤ ᠦᠢᠯᠡᠰ ᠤᠨ ᠪᠦᠲᠦᠴᠡ ᠨᠢ ᠳᠠᠩ ᠴᠤᠯᠭᠤᠶ᠂ ᠢᠯᠠᠩᠭᠤᠶ᠎ᠠ ᠠᠵᠤ | ᠦᠢᠯᠡᠳᠪᠦᠷᠢᠵᠢᠯᠲᠡ ᠶᠢᠨ ᠬᠢᠷᠢ ᠲᠥᠪᠰᠢᠨ ᠨᠡᠯᠢᠶᠡᠳ ᠳᠣᠣᠷ᠎ᠠ ᠪᠠᠶᠢᠨ᠎ᠠ᠃ ᠠᠩᠬ᠎ᠠ ᠡᠳ᠋ᠰᠢᠭᠦᠯᠭᠡ ᠶᠢᠨ | ᠪᠦᠲᠦᠭᠡᠭᠳᠡᠬᠦᠨ ᠤᠯᠠᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠵᠦ ᠤᠯᠠᠷᠢᠭᠤᠯᠬᠤ | ᠨᠣᠷᠮ᠎ᠠ ᠨᠢ 60% ᠳᠤ ᠬᠦᠷᠬᠦ ᠦᠭᠡᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠪᠣᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠢᠯᠡᠳᠲᠡ ᠳᠤᠲᠠᠮᠠᠭ ᠪᠠᠶᠢᠨ᠎ᠠ᠃ | ᠭᠤᠷᠪᠠ ᠳᠤ ᠪᠦᠬᠦ ᠣᠷᠣᠨ ᠤ ᠳᠤᠮᠳᠠ ᠳᠡᠰ ᠠᠴᠠ ᠳᠡᠭᠡᠭᠰᠢᠬᠢ ᠠᠮᠢ ᠠᠬᠤᠶ ᠶᠢᠨ ᠬᠡᠪᠡᠷᠡᠭ ᠣᠷᠣᠨ ᠨᠢ ᠤᠯᠤᠰ ᠤᠨ | ᠨᠤᠲᠤᠭ ᠳᠡᠪᠢᠰᠬᠡᠷ ᠤᠨ 62% ᠢ ᠡᠵᠡᠯᠡᠨ᠂ ᠬᠦᠨᠳᠦ ᠳᠡᠰ ᠪᠠ ᠲᠦᠢᠯ ᠤᠨ ᠬᠦᠨᠳᠦ ᠳᠡᠰ ᠨᠢ 36.7% ᠶᠢ | ᠡᠵᠡᠯᠡᠵᠦ᠂ ᠨᠤᠲᠤᠭ ᠪᠡᠯᠴᠢᠭᠡᠷ ᠤᠨ ᠲᠠᠴᠢᠷᠳᠠᠵᠤ᠂ ᠡᠯᠡᠰᠦᠷᠬᠡᠭᠵᠢᠵᠦ᠂ ᠬᠤᠵᠢᠷᠰᠢᠭᠰᠠᠨ ᠲᠠᠯᠠᠪᠠᠶ ᠨᠢ 60.9% | ᠣᠷᠴᠢᠮ ᠳᠤ ᠬᠦᠷᠴᠦ᠂ ᠵᠠᠷᠢᠮ ᠪᠠᠶᠢᠭᠠᠯᠢ ᠶᠢᠨ ᠨᠤᠭᠤ ᠭᠠᠵᠠᠷ ᠠᠪᠴᠢᠵᠦ ᠪᠠᠶᠢᠨ᠎ᠠ᠂ ᠡᠳᠡᠭᠡᠷ ᠭᠠᠵᠠᠷ ᠣᠷᠣᠨ ᠤ | ᠣᠯᠠᠩᠬᠢ ᠨᠢ ᠬᠢᠯᠢ ᠶᠢᠨ ᠬᠤᠰᠢᠭᠤ ᠬᠤᠳᠠ ᠪᠠᠷ ᠪᠠᠶᠢᠷᠢᠯᠠᠵᠤ᠂ ᠪᠠᠶᠢᠭᠠᠯᠢ ᠶᠢᠨ ᠭᠠᠮᠰᠢᠭ ᠪᠠᠶᠢᠨ ᠲᠠᠬᠢᠨ ᠡᠭᠦᠰᠴᠦ᠂ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠲᠡᠶᠢᠮᠦ ᠪᠠᠶᠠᠷᠯᠠᠩᠭᠤᠶ ᠪᠢᠰᠢ ᠪᠠᠶᠢᠨ᠎ᠠ᠃ | ᠲᠦᠷᠪᠡ ᠳᠤ ᠨᠡᠶᠢᠭᠡᠮ ᠤᠨ ᠬᠥᠭᠵᠢᠯᠲᠡ ᠨᠢ ᠠᠵᠤ ᠠᠬᠤᠶ ᠶᠢᠨ ᠬᠥᠭᠵᠢᠯᠲᠡ ᠠᠴᠠ ᠬᠤᠴᠣᠷᠠᠩᠭᠤᠢ᠂ | ᠬᠥᠳᠡᠯᠮᠦᠷᠢ ᠠᠵᠢᠯ ᠣᠯᠭᠤᠯᠲᠠ᠂ ᠣᠷᠣᠯᠭ᠎ᠠ ᠶᠢᠨ ᠬᠤᠪᠢᠶᠠᠷᠢᠯᠠᠯᠲᠠ᠂ ᠨᠡᠶᠢᠭᠡᠮ ᠤᠨ ᠪᠠᠲᠤᠯᠠᠭ᠎ᠠ᠂ ᠰᠤᠷᠭᠠᠨ | ᠬᠥᠮᠦᠵᠢᠯ ᠡᠷᠡᠭᠦᠯ ᠬᠠᠮᠠᠭᠠᠯᠠᠯ ᠵᠡᠷᠭᠡ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ | ᠠᠰᠠᠭᠤᠳᠠᠯ ᠤᠳ ᠮᠥᠨᠬᠦ ᠨᠡᠯᠢᠶᠡᠳ ᠲᠤᠪᠤᠶᠢᠮ᠎ᠠ ᠤᠷᠤᠰᠢᠵᠤ᠂ ᠬᠤᠳᠠ ᠬᠥᠳᠡᠭᠡ ᠶᠢᠨ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠠᠳᠠᠯᠢ ᠲᠡᠭᠰᠢ ᠪᠢᠰᠢ᠂ ᠵᠠᠷᠢᠮ ᠭᠠᠵᠠᠷ ᠣᠷᠣᠨ ᠤ ᠬᠥᠭᠵᠢᠯᠲᠡ ᠶᠢᠨ ᠬᠢᠷᠢ ᠲᠥᠪᠰᠢᠨ | ᠨᠡᠯᠢᠶᠡᠳ ᠳᠣᠣᠷ᠎ᠠ ᠪᠠᠶᠢᠵᠤ᠂ ᠬᠢᠯᠢ ᠶᠢᠨ 19 ᠬᠤᠰᠢᠭᠤ ᠬᠤᠲᠠ ᠶᠢᠨ ᠳᠣᠲᠤᠷ᠎ᠠ ᠤᠯᠤᠰ ᠤᠨ ᠳᠡᠰ ᠤᠨ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠰᠢᠶᠠᠨ 4᠂ ᠥᠪᠡᠷᠲᠡᠭᠡᠨ ᠵᠠᠰᠠᠬᠤ ᠣᠷᠣᠨ ᠤ ᠳᠡᠰ ᠤᠨ | ᠶᠠᠳᠠᠭᠤ ᠶᠢ ᠲᠡᠳᠬᠦᠬᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠰᠢᠶᠠᠨ 6 ᠪᠠᠶᠢᠵᠤ᠂ ᠬᠢᠯᠢ ᠬᠢᠵᠠᠭᠠᠷ ᠣᠷᠣᠨ ᠳᠤ | ᠪᠠᠰᠠ 11.6 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠪᠠᠶᠢᠨ᠎ᠠ᠃ ᠲᠠᠪᠤ ᠳᠤ ᠮᠠᠨ ᠤ ᠤᠷᠤᠨ ᠤ ᠤᠷᠤᠰ᠂ | ᠮᠣᠩᠭᠤᠯ ᠯᠤᠭ᠎ᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶ᠎ᠠ ᠨᠡᠯᠢᠶᠡᠳ ᠪᠠᠭ᠎ᠠ᠂ | ᠭᠠᠳᠠᠭᠠᠳᠤ ᠳᠤ ᠪᠡᠯᠡ ᠤᠷᠤᠭᠤᠯᠬᠤ ᠬᠦᠷᠢᠶ᠎ᠡ ᠬᠡᠪᠴᠢᠶ᠎ᠡ ᠳᠠᠩ ᠴᠤᠯᠭᠤᠶ ᠪᠠᠶᠢᠵᠤ᠂ ᠮᠣᠩᠭᠤᠯ ᠤᠯᠤᠰ ᠲᠠᠬᠢ | 64% ᠠᠴᠠ ᠳᠡᠭᠡᠭᠰᠢᠬᠢ ᠪᠡᠯᠡ ᠣᠷᠣᠭᠤᠯᠤᠯᠲᠠ ᠨᠢ ᠠᠭᠤᠷᠬᠠᠶ ᠨᠡᠭᠡᠭᠡᠨ ᠠᠰᠢᠭᠯᠠᠬᠤ ᠬᠦᠷᠢᠶᠡᠨ ᠳᠤ ᠲᠠᠷᠬᠠᠵᠤ᠂ | ᠣᠷᠣᠰ ᠲᠠᠬᠢ 50% ᠣᠷᠴᠢᠮ ᠤᠨ ᠪᠡᠯᠡ ᠣᠷᠣᠭᠤᠯᠤᠯᠲᠠ ᠨᠢ ᠤᠢ ᠮᠤᠳᠤ ᠣᠭᠲᠣᠯᠬᠤ ᠡᠳ᠋ᠰᠢᠭᠦᠯᠬᠦ ᠵᠢᠴᠢ | ᠠᠭᠤᠷᠬᠠᠶ ᠨᠡᠬᠡᠬᠡᠨ ᠠᠰᠢᠭᠯᠠᠬᠤ ᠬᠦᠷᠢᠶᠡᠨ ᠳᠤ ᠲᠠᠷᠬᠠᠵᠤ ᠪᠠᠶᠢᠨ᠎ᠠ᠃ ᠤᠳᠤ ᠪᠠᠶᠢᠭ᠎ᠠ ᠣᠷᠣᠰ᠂ ᠮᠣᠩᠭᠤᠯ ᠬᠤᠶᠠᠷ | ᠤᠯᠤᠰ ᠲᠤ ᠬᠠᠨᠳᠤᠭᠰᠠᠨ ᠪᠣᠭᠤᠮᠲᠠ ᠶᠢᠨ ᠴᠢᠳᠠᠮᠵᠢ ᠶᠢᠨ ᠤᠷᠤᠨ ᠪᠠᠶᠢᠷᠢ ᠶᠢᠨ ᠲᠣᠭᠲᠠᠭᠠᠯᠲᠠ ᠪᠣᠯᠣᠨ | ᠪᠠᠶᠢᠷᠢᠭᠤᠯᠤᠯᠲᠠ ᠪᠠᠰᠠ ᠲᠡᠳᠦᠶ ᠵᠣᠬᠢᠰᠲᠠᠶ ᠪᠣᠰᠤ᠂ ᠰᠠᠭᠤᠷᠢ ᠪᠡᠯᠡᠳᠬᠡᠮᠵᠢ ᠪᠣᠯᠤᠨ ᠪᠣᠭᠤᠮᠲᠠ ᠪᠠᠷ ᠦᠩᠭᠡᠷᠡᠬᠦ | ᠨᠥᠬᠦᠴᠡᠯ ᠠᠨᠠᠶ ᠪᠠᠶᠢᠵᠤ᠂ ᠤᠯᠤᠰ ᠤᠨ ᠤᠮᠠᠷᠠᠰᠢ ᠨᠡᠬᠡᠬᠡᠬᠦ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠶᠢ ᠲᠤᠩ | ᠬᠠᠩᠭᠠᠵᠤ ᠳᠡᠶᠢᠯᠬᠦ ᠦᠭᠡᠢ ᠪᠠᠶᠢᠨ᠎ᠠ᠃ ᠵᠢᠷᠭᠤᠭ᠎ᠠ ᠳᠤ ᠮᠠᠨ ᠤ ᠤᠷᠤᠨ ᠨᠢ ᠬᠢᠯᠢ ᠬᠢᠵᠠᠭᠠᠷ ᠤᠨ ᠴᠥᠭᠡᠨ ᠲᠣᠭᠠᠲᠤ | ᠦᠨᠳᠦᠰᠦᠲᠡᠨ ᠤ ᠭᠠᠵᠠᠷ ᠣᠷᠣᠨ ᠪᠣᠯᠣᠨ ᠨᠡᠶᠢᠰᠯᠡᠯ ᠤᠨ ᠬᠤᠲᠠ ᠬᠠᠮᠠᠭᠠᠯᠠᠬᠤ ᠭᠤᠣᠯ ᠪᠣᠯᠤᠭᠰᠠᠨ ᠤ ᠬᠤᠪᠢ ᠳᠤ᠂ | ᠢᠮᠠᠭᠲᠠ ᠳᠡᠯᠡᠬᠡᠶ ᠶᠢᠨ ᠳᠠᠶᠢᠰᠤᠩᠨᠠᠭᠴᠢ ᠬᠦᠴᠦᠨ ᠤ ᠪᠢᠳᠡᠨ ᠢ ᠥᠷᠥᠨᠡᠴᠢᠯᠡᠬᠦ᠂ ᠵᠠᠳᠠᠷᠠᠭᠤᠯᠬᠤ ᠶᠢᠨ ᠬᠢᠨᠢ | ᠭᠤᠣᠯᠳᠠᠯᠭ᠎ᠠ ᠲᠠᠢ ᠭᠠᠵᠠᠷ ᠣᠷᠣᠨ ᠪᠣᠯᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠨ᠂ ᠨᠡᠶᠢᠭᠡᠮ ᠢ ᠲᠣᠭᠲᠠᠭᠤᠨ | ᠪᠠᠶᠢᠯᠭᠠᠬᠤ ᠡᠭᠦᠷᠭᠡ ᠮᠥᠨᠬᠦ ᠨᠦᠰᠡᠷ ᠬᠦᠨᠳᠦ ᠪᠠᠶᠢᠨ᠎ᠠ᠃ | ᠬᠥᠲᠥᠯᠥᠭᠴᠢ᠄ | ︽13 · 5︾ ᠶᠢᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠰᠢᠢᠳᠪᠦᠷᠢᠲᠦ ᠱᠠᠲᠤ ᠪᠤᠯᠤᠨ᠎ᠠ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠠᠵᠢᠯᠯᠠᠭ᠎ᠠ ᠨᠢ ᠠᠯᠢ ᠠᠯᠢ ᠲᠠᠯ᠎ᠠ ᠪᠠᠷ ᠬᠦᠴᠦ ᠲᠠᠯᠪᠢᠵᠤ᠂ ᠬᠢᠯᠢ ᠬᠢᠵᠠᠭᠠᠷ ᠣᠷᠣᠨ ᠤ ᠴᠥᠭᠡᠨ | ᠲᠣᠭᠠᠲᠤ ᠦᠨᠳᠦᠰᠦᠲᠡᠨ ᠢ ᠪᠦᠬᠦ ᠤᠯᠤᠰ ᠲᠠᠢ ᠴᠤᠭ ᠲᠤᠨᠢ ᠪᠦᠬᠦ ᠲᠠᠯ᠎ᠠ ᠪᠠᠷ ᠴᠢᠨᠡᠭᠡᠯᠢᠭᠵᠢᠭᠦᠯᠬᠦ ᠲᠣᠭᠲᠠᠭᠰᠠᠨ | ᠬᠤᠭᠤᠴᠠᠭᠠᠨ ᠳᠤᠨᠢ ᠪᠡᠶᠡᠯᠡᠭᠦᠯᠬᠦ ᠶᠢ ᠬᠡᠷᠬᠢᠨ ᠪᠠᠲᠤᠯᠠᠬᠤ ᠪᠤᠢ︖ | ᠮᠧᠩ ᡁᠢ ᠵᠢᠶᠦ᠋ᠨ᠄ | ᠬᠢᠯᠢ ᠬᠢᠵᠠᠭᠠᠷ ᠣᠷᠣᠨ ᠢ ᠪᠦᠬᠦ ᠤᠯᠤᠰ ᠲᠠᠢ ᠴᠤᠭ ᠲᠤᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠶᠢ ᠦᠨᠡᠨ ᠬᠦ ᠪᠠᠲᠤᠯᠠᠬᠤ ᠶᠢᠨ ᠲᠦᠯᠦᠭᠡ᠂ ᠨᠢᠭᠡ ᠲᠠᠯ᠎ᠠ ᠪᠠᠷ᠂ ᠪᠢᠳᠡ ᠤᠯᠤᠰ ᠤᠨ ︽13· | 5︾ ᠶᠢᠨ ᠲᠥᠯᠥᠪᠵᠢᠭᠦᠯᠭᠡ ᠶᠢ ᠲᠤᠤᠱᠯᠠᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠴᠠᠯᠠᠭᠠᠶᠢᠷᠠᠬᠤ ᠦᠭᠡᠢ᠂ | ᠰᠤᠯᠠᠷᠠᠬᠤ ᠦᠭᠡᠢ᠂ ᠰᠠᠭᠤᠷᠢ ᠪᠠᠨ ᠰᠠᠶᠢᠨ ᠲᠠᠯᠪᠢᠵᠤ᠂ ᠳᠠᠬᠢᠨᠲᠠ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ︔ | ᠨᠦᠬᠦᠭᠡ ᠲᠠᠯ᠎ᠠ ᠪᠠᠷ᠂ ᠪᠢᠳᠡ ᠶᠠᠭ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ | ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ︽13 · 5︾ ᠶᠢᠨ ᠲᠥᠯᠥᠪᠵᠢᠭᠦᠯᠭᠡ ᠶᠢ ᠭᠠᠷᠳᠠᠨ ᠨᠠᠶᠢᠷᠠᠭᠤᠯᠤᠨ | ᠵᠤᠬᠢᠶᠠᠵᠤ᠂ ᠬᠢᠯᠢ ᠬᠢᠵᠠᠭᠠᠷ ᠤᠨ ᠨᠢᠭᠡᠳᠦᠭᠡᠷ ᠹᠷᠣᠨᠲ ᠳᠤ ᠭᠦᠨᠵᠡᠭᠡᠶᠢᠷᠡᠨ ᠤᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠤᠨ ᠪᠠᠶᠢᠳᠠᠯ ᠢ ᠪᠣᠳᠠᠲᠠᠶ ᠭᠠᠵᠠᠷ ᠲᠤᠨᠢ ᠣᠶᠢᠯᠠᠭᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ | ᠰᠣᠨᠣᠰᠴᠤ᠂ ᠲᠥᠯᠥᠪᠵᠢᠭᠦᠯᠭᠡ ᠶᠢᠨ ᠲᠣᠪᠬᠢᠮᠠᠯ ᠤᠨ ᠲᠥᠰᠦᠯ ᠢ ᠲᠠᠬᠢᠨ ᠳᠠᠪᠲᠠᠨ ᠰᠤᠳᠤᠯᠤᠨ ᠶᠠᠷᠢᠯᠴᠠᠵᠤ᠂ | ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠠ ᠪᠦᠲᠦᠮᠵᠢᠲᠤ ᠴᠢᠨᠠᠷ ᠢ | ᠬᠦᠴᠦᠯᠡᠨ ᠳᠡᠭᠡᠭᠰᠢᠯᠡᠭᠦᠯᠦᠨ᠎ᠡ᠃ ᠪᠢᠳᠡᠨ ᠤ ᠦᠵᠡᠬᠦ ᠪᠠᠷ᠂ ᠬᠢᠯᠢ ᠬᠢᠵᠠᠭᠠᠷ ᠣᠷᠣᠨ ᠨᠢ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠭᠤᠣᠯᠳᠠᠯᠭ᠎ᠠ ᠪᠠ ᠪᠡᠷᠬᠡᠲᠡᠶ ᠲᠠᠯ᠎ᠠ ᠪᠤᠯᠵᠤ ᠪᠠᠶᠢᠬᠤ ᠶᠢᠨ ᠴᠢᠬᠤᠯᠠ | ᠲᠠᠯ᠎ᠠ ᠨᠢ ᠰᠠᠭᠤᠷᠢ ᠨᠢᠮᠭᠡᠨ᠂ ᠪᠡᠷᠬᠡ ᠶᠠᠪᠤᠳᠠᠯ ᠨᠢ ᠳᠤᠲᠠᠮᠠᠭ ᠲᠠᠯ᠎ᠠ ᠠᠷᠪᠢᠨ ᠪᠠᠶᠢᠨ᠎ᠠ᠃ ᠡᠶᠢᠮᠦ ᠠᠴᠠ᠂ ᠪᠢᠳᠡ | ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ︽13 · 5︾ ᠶᠢᠨ | ᠲᠥᠯᠥᠪᠵᠢᠭᠦᠯᠭᠡ ᠶᠢᠨ ᠦᠨᠳᠦᠰᠦᠨ ᠬᠥᠭ ᠠᠶᠠᠰ ᠢ ︽ᠰᠠᠭᠤᠷᠢ ᠶᠢ ᠴᠢᠩᠭᠠᠳᠬᠠᠵᠤ᠂ ᠳᠤᠲᠠᠭᠳᠠᠯ ᠢ ᠨᠦᠬᠦᠬᠦ︾ | ᠪᠠᠷ ᠲᠤᠭᠲᠠᠭᠠᠪᠠ᠃ ︽13 · 5︾ ᠶᠢᠨ ᠬᠤᠭᠤᠴᠠᠭᠠᠨ ᠳᠤ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠪᠠᠷ᠂ ᠦᠨᠳᠦᠰᠦᠲᠡᠨ ᠨᠦᠭᠦᠳ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ | ᠬᠥᠭᠵᠢᠬᠦ ᠭᠤᠣᠯ ᠰᠡᠳᠦᠪ ᠢ ᠪᠠᠲᠤ ᠡᠵᠡᠮᠳᠡᠵᠦ᠂ ᠬᠢᠯᠢ ᠬᠢᠵᠠᠭᠠᠷ ᠣᠷᠣᠨ ᠪᠠ ᠥᠷᠭᠡᠨ ᠤᠯᠠᠨ ᠬᠢᠯᠢ ᠶᠢᠨ | ᠠᠷᠠᠳ ᠤᠨ ᠣᠨᠴᠠᠭᠠᠶ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠬᠦ ᠪᠠᠷ ᠭᠠᠷᠳᠠᠴᠠ ᠪᠣᠯᠭᠠᠨ᠂ ᠬᠢᠯᠢ ᠬᠢᠵᠠᠭᠠᠷ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠬᠢᠯᠢ ᠬᠢᠵᠠᠭᠠᠷ ᠣᠷᠣᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠠᠬᠢᠴᠠ ᠶᠢ | ᠲᠦᠷᠭᠡᠳᠬᠡᠵᠦ᠂ ᠳᠣᠣᠷᠠᠬᠢ ᠮᠡᠲᠦ ᠬᠡᠳᠦᠨ ᠲᠠᠯ᠎ᠠ ᠶᠢᠨ ᠠᠵᠢᠯ ᠢ ᠬᠦᠴᠦ ᠲᠠᠯᠪᠢᠨ ᠰᠠᠶᠢᠲᠤᠷ ᠬᠢᠨ᠎ᠡ᠄ ᠨᠢᠭᠡ ᠳᠤ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠬᠦᠭᠵᠢᠭᠦᠯᠬᠦ᠂ ᠠᠷᠠᠳ ᠢ | ᠪᠠᠶᠠᠵᠢᠭᠤᠯᠤᠨ ᠣᠷᠣᠨ ᠢᠶᠠᠨ ᠬᠦᠴᠦᠷᠬᠡᠭᠵᠢᠭᠦᠯᠬᠦ ᠠᠬᠢᠴᠠ ᠶᠢ ᠲᠦᠯᠬᠢᠨ ᠠᠬᠢᠭᠤᠯᠬᠤ ᠪᠠ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠡᠷᠦᠩᠬᠡᠶ ᠭᠠᠷᠳᠠᠴᠠ ᠪᠠ ᠴᠢᠬᠤᠯᠠ ᠵᠢᠷᠤᠮᠯᠠᠯ ᠢ ᠭᠦᠢᠴᠡᠳᠬᠡᠨ᠎ᠡ᠃ ᠪᠢᠳᠡ | ᠬᠢᠯᠢ ᠶᠢᠨ ᠬᠤᠰᠢᠭᠤ ᠬᠤᠲᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ | ᠬᠥᠭᠵᠢᠯᠲᠡ ᠶᠢᠨ ᠰᠡᠳᠬᠢᠴᠡ ᠪᠠᠨ ᠠᠵᠢᠯ ᠤᠨ ᠲᠥᠯᠥᠪᠵᠢᠭᠦᠯᠭᠡ ᠪᠤᠯᠭᠠᠨ ᠨᠠᠷᠢᠯᠢᠭᠵᠢᠭᠤᠯᠵᠤ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠪᠤᠯᠭᠠᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠤᠯᠭᠠᠨ ᠪᠤᠲᠠᠶᠢᠵᠢᠭᠤᠯᠵᠤ᠂ | ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠎ᠠ᠃ | ᠬᠤᠶᠠᠷ ᠲᠤ ᠭᠤᠣᠯᠳᠠᠯᠭ᠎ᠠ ᠲᠠᠢ ᠠᠵᠢᠯ ᠪᠠ ᠭᠤᠣᠯᠳᠠᠯᠭ᠎ᠠ ᠲᠠᠢ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ | ᠲᠦᠷᠦᠯ ᠵᠦᠢᠯ ᠢ ᠲᠦᠯᠬᠢᠨ ᠠᠬᠢᠭᠤᠯᠬᠤ ᠬᠤᠷᠠᠯ ᠤᠨ ᠱᠠᠭᠠᠷᠳᠠᠯᠭ᠎ᠠ ᠪᠠᠷ᠂ ᠬᠠᠷᠢᠭᠤᠴᠠᠯᠭ᠎ᠠ ᠶᠢᠨ ᠭᠤᠣᠯ | ᠴᠤᠭᠴᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠬᠢᠯᠢ ᠶᠢᠨ ᠬᠤᠰᠢᠭᠤ | ᠬᠤᠲᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠪᠠ ᠭᠤᠣᠯᠳᠠᠯᠭ᠎ᠠ ᠲᠠᠢ ᠲᠦᠷᠦᠯ ᠵᠦᠢᠯ ᠢ ᠯᠠᠪᠳᠠᠭᠤᠨ | ᠪᠠᠲᠤᠲᠠᠶ ᠲᠦᠯᠬᠢᠨ ᠠᠬᠢᠭᠤᠯᠤᠨ᠎ᠠ᠃ ᠤᠯᠤᠰ ᠠᠴᠠ ᠦᠨᠳᠦᠰᠦᠲᠡᠨ ᠤ ᠭᠠᠵᠠᠷ ᠣᠷᠣᠨ ᠤ ᠡᠬᠢ ᠪᠠᠶᠠᠯᠢᠭ ᠢᠶᠠᠷ | ᠳᠠᠪᠠᠭᠤᠯᠢᠭ ᠠᠵᠤ ᠦᠢᠯᠡᠰ ᠢ ᠶᠡᠭᠡ ᠪᠠᠷ ᠬᠦᠭᠵᠢᠭᠦᠯᠵᠦ᠂ ᠴᠢᠬᠤᠯᠠ ᠶᠡᠭᠡ ᠠᠵᠤ ᠦᠢᠯᠡᠰ ᠤᠨ ᠲᠦᠷᠦᠯ ᠵᠦᠢᠯ ᠢ | ᠦᠨᠳᠦᠰᠦᠲᠡᠨ ᠤ ᠭᠠᠵᠠᠷ ᠣᠷᠣᠨ ᠳᠤ ᠤᠷᠢᠳᠠᠪᠠᠷ ᠪᠠᠶᠢᠷᠢᠰᠢᠭᠤᠯᠬᠤ ᠶᠢ ᠳᠡᠮᠵᠢᠵᠦ ᠪᠠᠶᠢᠭ᠎ᠠ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠴᠢᠩᠭ᠎ᠠ ᠡᠵᠡᠮᠳᠡᠵᠦ᠂ ᠨᠢᠭᠡ ᠪᠦᠯᠦᠭ ᠰᠢᠨ᠎ᠡ ᠲᠤᠮᠤ ᠲᠦᠷᠦᠯ | ᠵᠦᠢᠯ ᠢ ᠱᠠᠯᠠᠪᠳᠠᠨ ᠠᠷᠭ᠎ᠠ ᠰᠦᠪᠡᠭᠴᠢᠯᠡᠬᠦ ᠪᠠ ᠲᠤᠭᠲᠠᠭᠠᠨ ᠪᠠᠶᠢᠭᠤᠯᠵᠤ᠂ ᠬᠢᠯᠢ ᠬᠢᠵᠠᠭᠠᠷ ᠣᠷᠣᠨ ᠤ | ᠬᠥᠭᠵᠢᠯᠲᠡ ᠶᠢ ᠲᠦᠷᠭᠡᠳᠬᠡᠬᠦ ᠳᠤ ᠪᠣᠳᠠᠰ ᠤᠨ ᠰᠠᠭᠤᠷᠢ ᠪᠠᠬᠢᠵᠢᠭᠦᠯᠵᠦ ᠦᠭᠭᠦᠨ᠎ᠡ᠃ ᠭᠤᠷᠪᠠ ᠳᠤ ᠤᠯᠤᠰ ᠤᠨ | ᠬᠠᠮᠢᠶ᠎ᠠ ᠪᠥᠬᠦᠢ ᠶᠠᠮᠤᠨ ᠵᠥᠪᠯᠡᠯ ᠤᠨ ᠳᠡᠮᠵᠢᠯᠭᠡ ᠶᠢ ᠤᠯᠬᠤ ᠪᠠᠷ ᠢᠳᠡᠪᠬᠢᠯᠡᠨᠡ᠃ ᠲᠥᠪ ᠠᠴᠠ ᠬᠢᠯᠢ ᠬᠢᠵᠠᠭᠠᠷ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠡᠮᠬᠢᠯᠡᠨ ᠲᠢᠭᠯᠡᠬᠦ᠂ | ᠵᠤᠯᠭᠠᠭᠤᠯᠬᠤ᠂ ᠨᠠᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠡᠳᠡᠭᠡᠷ ᠲᠦᠷᠦ ᠶᠢᠨ | ᠪᠤᠳᠤᠯᠭ᠎ᠠ ᠶᠢ ᠭᠦᠢᠴᠡᠳ ᠰᠠᠶᠢᠨ ᠬᠡᠷᠡᠭᠯᠡᠵᠦ᠂ ᠪᠤᠲᠠᠲᠠᠢ ᠭᠠᠵᠠᠷ ᠲᠤᠨᠢ ᠦᠨᠡᠨ ᠬᠦ ᠨᠠᠶᠢᠳᠠᠪᠤᠷᠢᠵᠢᠭᠤᠯᠵᠤ᠂ | ᠢᠯᠠᠩᠭᠤᠶ᠎ᠠ ᠵᠥᠷᠢᠶᠡᠲᠦ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠪᠦᠷᠢᠨᠰᠢᠭᠦᠯᠦᠨ | ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠨᠡᠶᠢᠯᠡᠮᠡᠯ ᠦᠢᠯᠡᠳᠦᠯ ᠢ ᠪᠠᠳᠠᠷᠠᠭᠤᠯᠤᠨ᠎ᠠ᠃ ᠤᠯᠤᠰ ᠤᠨ | ᠬᠠᠮᠢᠶ᠎ᠠ ᠪᠥᠬᠦᠢ ᠶᠠᠮᠤᠨ ᠵᠥᠪᠯᠡᠯ ᠯᠦᠭᠡ ᠨᠡᠪᠲᠡᠷᠡᠯᠴᠡᠬᠦ ᠵᠣᠬᠢᠴᠠᠭᠤᠯᠬᠤ ᠪᠠᠨ ᠦᠷᠭᠦᠯᠵᠢᠯᠡᠨ ᠴᠢᠩᠭᠠᠳᠬᠠᠵᠤ᠂ ᠨᠡᠩ | ᠤᠯᠠᠨ ᠬᠠᠷᠠᠭᠠᠯᠵᠠᠬᠤ ᠲᠦᠷᠦ ᠶᠢᠨ ᠪᠤᠳᠤᠯᠭ᠎ᠠ ᠪᠠ ᠪᠡᠯᠡ ᠮᠥᠩᠭᠦ ᠶᠢᠨ ᠳᠡᠮᠵᠢᠯᠭᠡ ᠤᠯᠬᠤ ᠪᠠᠷ ᠴᠢᠷᠮᠠᠶᠢᠨ᠎ᠠ᠃ | ᠲᠦᠷᠪᠡ ᠳᠤ ᠰᠢᠨ᠎ᠡ ᠬᠡᠪ ᠪᠠᠶᠢᠳᠠᠯ ᠳᠤᠤᠷ᠎ᠠ ᠬᠢᠯᠢ ᠬᠢᠵᠠᠭᠠᠷ ᠤᠷᠤᠨ ᠢ ᠬᠥᠭᠵᠢᠭᠦᠯᠦᠨ ᠠᠷᠠᠳ ᠢ ᠪᠠᠶᠠᠵᠢᠭᠤᠯᠬᠤ | ᠠᠵᠢᠯ ᠢ ᠴᠢᠷᠮᠠᠶᠢᠨ ᠰᠠᠶᠢᠲᠤᠷ ᠬᠢᠨ᠎ᠡ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ︽ᠰᠢᠨ᠎ᠡ ᠪᠠᠶᠢᠳᠠᠯ ᠤᠨ ᠳᠤᠤᠷ᠎ᠠ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠤᠨ ᠡᠯ᠎ᠡ ᠵᠦᠢᠯ ᠤᠨ | ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠠᠳᠬᠤᠨ᠎ᠠ᠃ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠤᠨ ᠲᠤᠬᠠᠢ ᠣᠶᠢᠯᠠᠭᠠᠯᠲᠠ ᠪᠠ ᠲᠠᠨᠢᠯᠲᠠ ᠪᠠᠨ ᠤᠯᠠᠮ ᠨᠢᠭᠡ | ᠠᠯᠬᠤᠮ ᠭᠦᠨᠵᠡᠭᠡᠶᠢᠷᠡᠭᠦᠯᠵᠦ᠂ ᠰᠠᠨᠠᠭᠠᠴᠢᠯᠠᠭ᠎ᠠ ᠠᠴᠠ ᠪᠠᠨ ᠵᠤᠬᠢᠴᠠᠯᠳᠤᠨ᠂ ᠢᠳᠡᠪᠬᠢᠲᠡᠶ ᠠᠵᠢᠯᠯᠠᠵᠤ᠂ ᠬᠢᠯᠢ | ᠬᠢᠵᠠᠭᠠᠷ ᠤᠷᠤᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ | ᠪᠦᠷᠢᠨᠰᠢᠭᠦᠯᠦᠨ ᠬᠡᠷᠡᠭᠵᠢᠭᠦᠯᠵᠦ᠂ ᠬᠢᠯᠢ ᠶᠢᠨ ᠬᠤᠰᠢᠭᠤ ᠬᠤᠲᠠ ᠶᠢ ᠳᠡᠮᠵᠢᠬᠦ ᠪᠠ ᠲᠡᠳᠬᠦᠬᠦ ᠡᠷᠴᠢᠮ ᠢᠶᠠᠨ ᠤᠯᠠᠮ | ᠴᠢᠩᠭᠠᠯᠠᠵᠤ᠂ ᠰᠢᠨ᠎ᠡ ᠬᠡᠪ ᠪᠠᠶᠢᠳᠠᠯ ᠳᠤᠤᠷ᠎ᠠ ᠬᠢᠯᠢ ᠬᠢᠵᠠᠭᠠᠷ ᠤᠷᠤᠨ ᠢ ᠬᠥᠭᠵᠢᠭᠦᠯᠦᠨ ᠠᠷᠠᠳ ᠢ ᠪᠠᠶᠠᠵᠢᠭᠤᠯᠬᠤ | ᠠᠵᠢᠯ ᠢ ᠴᠢᠷᠮᠠᠶᠢᠨ ᠰᠠᠶᠢᠲᠤᠷ ᠬᠢᠵᠦ᠂ ᠬᠢᠯᠢ ᠶᠢᠨ ᠬᠤᠰᠢᠭᠤ ᠬᠤᠳᠠ ᠶᠢ ᠪᠦᠬᠦ ᠤᠯᠤᠰ ᠲᠠᠢ ᠴᠤᠭ ᠲᠤᠨᠢ | ᠬᠠᠮᠲᠤᠪᠠᠷ ᠴᠢᠨᠡᠭᠡᠯᠢᠭ ᠨᠡᠶᠢᠭᠡᠮ ᠳᠤ ᠳᠠᠪᠰᠢᠨ ᠤᠷᠤᠬᠤ ᠶᠢ ᠨᠢ ᠦᠨᠡᠨ ᠬᠦ ᠪᠠᠲᠤᠯᠠᠨ᠎ᠠ᠃ | ᠬᠥᠲᠥᠯᠥᠭᠴᠢ᠄ | ᠮᠧᠩ ᠡᠷᠬᠢᠯᠡᠭᠴᠢ ᠶᠢᠨ ᠲᠠᠶᠢᠯᠤᠮᠵᠢ ᠬᠢᠭᠰᠡᠨ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠳᠤ | ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠶ ᠵᠤᠯᠭᠠᠶ᠎ᠠ︕ |