︽13.5︾ ᠶᠢᠨ ᠬᠤᠭᠤᠴᠠᠭᠠᠨ ᠳᠤ᠂ ᠤᠯᠤᠰ ᠠᠴᠠ ᠥᠪᠥᠷ ᠮᠣᠩᠭᠤᠯ ᠵᠡᠷᠭᠡ ᠮᠤᠵᠢ ᠣᠷᠣᠨ ᠳᠤ ᠰᠢᠨ᠎ᠡ | ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ | ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠪᠠᠷ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠲᠦᠩᠯᠢᠶᠣᠤ | ᠬᠤᠲᠠ ᠶᠢᠨ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ | ᠱᠠᠩᠨᠠᠯ ᠤᠨ ᠲᠥᠷᠥ ᠶᠢᠨ ᠪᠣᠳᠣᠯᠭ᠎ᠠ ᠶᠢᠨ ᠡᠭᠦᠷᠭᠡ ᠶᠢ 4394.11 ᠲᠦᠮᠡᠨ ᠮᠦ ᠪᠠᠷ ᠲᠣᠭᠲᠠᠭᠠᠵᠤ᠂ 35620 | ᠲᠦᠮᠡᠨ ᠲᠥᠭᠦᠷᠢᠭ ᠤᠨ ᠪᠡᠯᠡ ᠮᠥᠩᠭᠦ ᠲᠠᠢ ᠬᠤᠯᠪᠣᠭᠳᠠᠪᠠ᠃ ᠭᠦᠢᠴᠡᠳ ᠪᠠᠶᠢᠴᠠᠭᠠᠨ ᠰᠤᠳᠤᠯᠤᠭᠰᠠᠨ ᠰᠠᠭᠤᠷᠢᠨ | ᠳᠡᠭᠡᠷ᠎ᠡ᠂ ᠬᠤᠰᠢᠭᠤ ᠰᠢᠶᠠᠨ ᠬᠤᠲᠠ ᠲᠣᠭᠤᠷᠢᠭ ᠤᠨ ᠳᠡᠭᠡᠭᠰᠢ ᠮᠡᠳᠡᠭᠦᠯᠦᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ | ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠡᠭᠦᠷᠭᠡ ᠶᠢ ᠦᠨᠳᠦᠰᠦᠯᠡᠨ᠂ ᠨᠢᠭᠡᠳᠦᠭᠡᠷ ᠬᠤᠭᠤᠴᠠᠭᠠᠨ ᠤ ᠡᠭᠦᠷᠭᠡ ᠶᠢ | ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠪᠠ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ ᠨᠤᠲᠠᠯᠠᠨ ᠲᠣᠭᠲᠠᠭᠠᠬᠤ | ᠳᠠᠭᠠᠭᠠᠴᠢᠯᠠᠭᠤᠯᠤᠭᠰᠠᠨ ᠠᠵᠢᠯ ᠤᠨ ᠦᠷ᠎ᠡ ᠪᠦᠲᠦᠮᠵᠢ ᠲᠠᠢ ᠤᠶᠠᠯᠳᠤᠭᠤᠯᠤᠨ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠯᠤᠭ᠎ᠠ ᠵᠣᠯᠭᠠᠯᠳᠤᠭᠤᠯᠬᠤ ᠪᠠᠷ ᠳᠠᠮᠵᠢᠭᠠᠳ᠂ ᠲᠦᠩᠯᠢᠶᠣᠤ ᠬᠤᠲᠠ ᠶᠢᠨ ᠰᠢᠨ᠎ᠡ ᠨᠢᠭᠡᠨ ᠡᠭᠡᠯᠵᠢ ᠶᠢᠨ | ᠨᠥᠬᠦᠪᠦᠷᠢ ᠱᠠᠩᠨᠠᠯ ᠤᠨ ᠡᠭᠦᠷᠭᠡ ᠶᠢ 4406.16 ᠲᠦᠮᠡᠨ ᠮᠦ ᠪᠠᠷ ᠲᠣᠭᠲᠠᠭᠠᠪᠠ᠂ ᠡᠭᠦᠨ ᠳᠤ | ᠪᠡᠯᠴᠢᠭᠡᠷᠯᠡᠭᠦᠯᠬᠦ ᠶᠢ ᠴᠠᠭᠠᠵᠠᠯᠠᠬᠤ 3325.7 ᠲᠦᠮᠡᠨ ᠮᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ 1080.46 | ᠲᠦᠮᠡᠨ ᠮᠦ ᠪᠠᠶᠢᠵᠤ᠂ ᠨᠥᠬᠦᠪᠥᠷᠢ ᠥᠭᠬᠦ ᠪᠠᠷᠢᠮᠵᠢᠶ᠎ᠠ ᠶᠢ ᠪᠡᠯᠴᠢᠭᠡᠷᠯᠡᠭᠦᠯᠬᠦ ᠶᠢ ᠴᠠᠭᠠᠵᠠᠯᠠᠬᠤ ᠳᠤ 9.66 | ᠲᠥᠭᠦᠷᠢᠭ/ ᠮᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠳᠤ 3.23 ᠲᠥᠭᠦᠷᠢᠭ/ ᠮᠦ ᠪᠠᠷ ᠲᠣᠭᠲᠠᠭᠠᠵᠤ᠂ | 35620 ᠲᠦᠮᠡᠨ ᠲᠥᠭᠦᠷᠢᠭ ᠤᠨ ᠪᠡᠯᠡ ᠮᠥᠩᠭᠦ ᠲᠠᠢ ᠬᠤᠯᠪᠣᠭᠳᠠᠵᠠᠢ᠃ ᠣᠳᠣᠬᠠᠨ ᠳᠤ ᠲᠦᠩᠯᠢᠶᠣᠤ ᠬᠤᠳᠠ ︽ | ᠲᠦᠩᠯᠢᠶᠣᠤ ᠬᠤᠲᠠ ᠶᠢᠨ ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ | ᠳᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠲᠥᠰᠦᠯ ︵2016 —2020 ᠣᠨ︶︾ ᠢ ᠨᠢᠭᠡᠨᠲᠡ ᠪᠡᠶᠡᠯᠡᠭᠦᠯᠦᠨ | ᠥᠪᠡᠷᠲᠡᠭᠡᠨ ᠵᠠᠰᠠᠬᠤ ᠣᠷᠣᠨ ᠳᠤ ᠨᠢᠭᠡᠨᠲᠡ ᠮᠡᠳᠡᠭᠦᠯᠦᠭᠡᠳ᠂ ᠥᠪᠡᠷᠲᠡᠭᠡᠨ ᠵᠠᠰᠠᠬᠤ ᠣᠷᠣᠨ ᠠᠴᠠ | ᠴᠣᠬᠤᠯᠠᠪᠤᠷᠢᠯᠠᠭᠰᠠᠨ ᠤ ᠳᠠᠷᠠᠭ᠎ᠠ ᠲᠦᠩᠯᠢᠶᠣᠤ ᠬᠤᠲᠠ ᠨᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠰᠢᠨ᠎ᠡ | ᠨᠢᠭᠡᠨ ᠡᠭᠡᠯᠵᠢ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠦᠯ ᠢ ᠵᠣᠬᠢᠶᠠᠨ | ᠪᠠᠶᠢᠭᠤᠯᠤᠨ ᠬᠢᠨᠠᠨ ᠬᠠᠷᠭᠤᠭᠤᠯᠵᠤ᠂ ᠡᠨᠡ ᠵᠢᠯ ᠤᠨ ᠡᠴᠦᠰ ᠪᠣᠯᠲᠠᠯ᠎ᠠ ᠡᠯ᠎ᠡ ᠵᠦᠢᠯ ᠤᠨ ᠨᠥᠬᠦᠪᠥᠷᠢ ᠶᠢᠨ ᠪᠡᠯᠡ | ᠮᠥᠩᠭᠦ ᠣᠯᠭᠤᠬᠤ ᠠᠵᠢᠯ ᠢ ᠪᠡᠶᠡᠯᠡᠭᠦᠯᠬᠦ ᠪᠠᠷ ᠬᠦᠯᠢᠶᠡᠵᠦ ᠪᠤᠢ᠃ |