18 ᠳ᠋ᠤᠭᠠᠷ ᠬᠤᠭᠤᠴᠠᠭᠠᠠ ᠤ ᠲᠤᠮᠲᠠᠲᠤ ᠤᠷᠤᠰ ᠮᠤᠩᠭᠤᠯ ᠤᠨ ᠤᠯᠠᠠ ᠤᠯᠤᠰ ᠤᠨ ᠮᠦᠰᠦ ᠴᠠᠰᠤᠨ ᠤ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2016/12/26
     12 ᠳ᠋ᠤᠭᠠᠷ ᠰᠠᠷ᠎ᠠ ᠶᠢᠨ 23᠎ ᠤ ᠡᠲᠦᠷ᠂ ᠲᠤᠮᠲᠠᠲᠤ ᠤᠯᠤᠰ · ᠮᠠᠠᠵᠤᠤᠷ ᠤᠨ ᠠᠷᠪᠠᠨ ᠨᠠᠢᠮᠠᠳᠤᠭᠠᠷ ᠬᠤᠭᠤᠴᠠᠭᠠᠠ ᠤ ᠲᠤᠮᠲᠠᠲᠤ ᠤᠷᠤᠰ ᠮᠤᠩᠭᠤᠯ ᠤᠨ ᠤᠯᠠᠠ ᠤᠯᠤᠰ ᠤᠨ ᠮᠦᠰᠦ ᠴᠠᠰᠤᠨ ᠤ ᠨᠠᠶᠢᠷ ᠵᠢᠴᠢ ᠠᠷᠪᠠᠨ ᠭᠤᠷᠪᠠᠳᠤᠭᠠᠷ ᠬᠤᠭᠤᠴᠠᠭᠠᠠ ᠤ ᠲᠤᠮᠲᠠᠲᠤ ᠤᠷᠤᠰ ᠮᠤᠩᠭᠤᠯ ᠤᠨ ᠭᠤᠸ᠎ᠠ ᠰᠠᠶᠢᠬᠠᠠ ᠤ ᠡᠯᠴᠢ ᠶᠢᠨ ᠤᠯᠠᠠ ᠤᠯᠤᠰ ᠎ ᠤᠨ ᠤᠷᠤᠯᠲᠤᠭᠠᠠ ᠮᠠᠨᠵᠤᠤᠷ ᠲᠤ ᠡᠬᠢᠯᠡᠵᠠᠢ᠃      ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠲᠦᠮᠠᠯ ᠹᠷᠤᠨᠲ ᠎ ᠤᠨ ᠬᠡᠯᠲᠡᠰ ᠤᠨ ᠲᠠᠷᠤᠭ᠎ᠠ ᠸᠠᠩ ᠯᠢ ᠰᠢᠶᠠ ᠡᠬᠢᠯᠡᠬᠦ ᠶᠤᠰᠤᠯᠠᠯ ᠳᠤ ᠤᠷᠤᠯᠴᠠᠵᠠᠢ᠃      ᠲᠤᠰ ᠬᠤᠭᠤᠴᠠᠭᠠᠠ ᠤ ᠮᠦᠰᠦ ᠴᠠᠰᠤᠨ ᠤ ᠨᠠᠶᠢᠷ ᠤᠨ ᠭᠤᠤᠯ ᠰᠡᠲᠦᠪᠲᠦ ᠬᠦᠷᠢᠶᠡᠯᠡᠩ ᠢ ᠮᠠᠠᠵᠤᠤᠷ ᠬᠤᠲᠠ ᠎ ᠶᠢᠨ ᠪᠠᠷᠠᠭᠤᠨ ᠲᠡᠬᠦᠷᠭᠡ ᠳᠠᠬᠢ ᠨᠤᠭᠤ ᠭᠠᠵᠠᠷ ᠤᠨ ᠴᠡᠴᠡᠷᠯᠢᠭ ᠲᠤ ᠪᠠᠶᠢᠭᠤᠯᠪᠠ᠂ ᠭᠤᠤᠯ ᠰᠡᠲᠦᠪᠲᠦ ᠬᠦᠷᠢᠶᠡᠯᠡᠩ ᠨᠢ ᠦᠵᠡᠮᠵᠢ ᠰᠤᠨᠢᠷᠬᠠᠬᠤ ᠪᠠ ᠵᠤᠭ᠎ᠠ ᠴᠡᠩᠭᠡᠯ ᠢ ᠨᠢᠭᠡ ᠴᠤᠭᠴᠠ ᠪᠤᠯᠭᠠᠵᠦ᠂ ᠲᠤᠮᠲᠠᠲᠤ ᠤᠷᠤᠰ ᠮᠤᠩᠭᠤᠯ ᠭᠤᠷᠪᠠᠠ ᠤᠯᠤᠰ ᠤᠨ ᠤᠨᠴᠠᠯᠢᠭ ᠢ ᠠᠭᠤᠰᠤᠯᠴᠠᠭᠤᠯᠵᠦ᠂ ᠮᠠᠠᠵᠤᠤᠷ ᠤᠨ ᠤᠯᠤᠰ ᠤᠨ ᠭᠤᠤᠯᠲᠠᠯᠭ᠎ᠠ ᠲᠠᠢ ᠨᠡᠭᠡᠭᠡᠡ ᠬᠦᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠲᠤᠭᠤᠷᠢᠭ ᠤᠨ ᠴᠠᠭ ᠦᠶ᠎ᠠ  ᠎ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠦ᠂ ᠵᠠᠮ ᠨᠡᠭᠡᠭᠡᠡ ᠰᠢᠨ᠎ᠠ ᠶᠢ ᠡᠭᠦᠳᠬᠦ ᠵᠤᠷᠢᠭ ᠰᠠᠨᠠᠭᠠᠠ ᠤ ᠬᠡᠪ ᠨᠠᠮᠪᠠ ᠶᠢ ᠬᠠᠷᠠᠭᠤᠯᠵᠠᠢ᠃      ᠲᠤᠰ ᠬᠤᠭᠤᠴᠠᠭᠠᠠ ᠤ ᠮᠦᠰᠦ ᠴᠠᠰᠤᠨ ᠤ ᠨᠠᠶᠢᠷ ᠲᠤ᠂ ᠲᠤᠮᠲᠠᠲᠤ ᠤᠯᠤᠰ · ᠮᠠᠠᠵᠤᠤᠷ ᠤᠨ ᠠᠷᠪᠠᠠ ᠨᠠᠢᠮᠠᠲᠤᠭᠠᠷ ᠬᠤᠭᠤᠴᠠᠭᠠᠠ ᠤ ᠲᠤᠮᠲᠠᠲᠤ ᠤᠷᠤᠰ ᠮᠤᠩᠭᠤᠯ ᠤᠨ ᠤᠯᠠᠠ ᠤᠯᠤᠰ ᠤᠨ ᠮᠦᠰᠦ ᠴᠠᠰᠤᠨ ᠤ ᠨᠠᠶᠢᠷ ᠤᠨ ᠭᠤᠤᠯ ᠰᠡᠲᠦᠪᠲᠦ ᠬᠦᠷᠢᠶᠡᠯᠡᠩ ᠢ ᠨᠡᠭᠡᠭᠡᠬᠦ ᠶᠤᠰᠤᠯᠠᠯ᠂ ᠲᠤᠮᠲᠠᠲᠤ ᠤᠯᠤᠰ · ᠮᠠᠠᠵᠤᠤᠷ ᠤᠨ ᠠᠷᠪᠠᠠ ᠭᠤᠷᠪᠠᠲᠤᠭᠠᠷ ᠬᠤᠭᠤᠴᠠᠭᠠᠠ ᠤ ᠲᠤᠮᠲᠠᠲᠤ ᠤᠷᠤᠰ ᠮᠤᠩᠭᠤᠯ ᠤᠯᠤᠰ ᠤᠨ ᠭᠤᠸ᠎ᠠ ᠰᠠᠶᠢᠬᠠᠠ ᠤ ᠡᠯᠴᠢ ᠶᠢᠨ ᠤᠯᠠᠠ ᠤᠯᠤᠰ ᠤᠨ ᠤᠷᠤᠯᠲᠤᠭᠠᠠ᠂ ︽ᠲᠦᠮᠡᠡ ᠭᠠᠵᠠᠷ ᠤᠨ ᠴᠠᠢ ᠶᠢᠨ ᠵᠠᠮ ᠤᠨ ᠦᠵᠡᠰᠬᠦᠯᠡᠩ · ᠮᠠᠠᠵᠤᠤᠷ ᠲᠠᠬᠢ ᠵᠤᠭᠠᠴᠠᠯ︾ — ᠮᠠᠠᠵᠤᠤᠷ ᠠᠴᠠ ᠤᠷᠤᠰ ᠲᠤ ᠤᠴᠢᠵᠦ ᠡᠪᠦᠯ ᠤᠨ ᠤᠯᠠᠷᠢᠯ ᠤᠨ ᠵᠤᠭᠠᠴᠠᠯ ᠢ ᠰᠢᠨᠵᠢᠯᠡᠡ ᠪᠠᠶᠢᠴᠠᠭᠠᠬᠤ ᠪᠠᠷ ᠮᠤᠷᠲᠠᠬᠤ ᠶᠤᠰᠤᠯᠠᠯ᠂ ᠮᠠᠠᠵᠤᠤᠷ ᠤᠨ ᠬᠤᠲᠠᠯᠲᠤᠭᠠᠠ ᠤ ᠴᠤᠭᠯᠠᠭᠠᠠ᠂ ᠬᠤᠶᠠᠲᠤᠭᠠᠷ ᠬᠤᠭᠤᠴᠠᠭᠠᠠ ᠤ ᠮᠠᠠᠵᠤᠤᠷ ᠤᠨ ᠤᠯᠠᠠ ᠤᠯᠤᠰ ᠤᠨ ᠶᠠᠷᠢᠶᠠᠠ ᠤ ᠲᠡᠪᠴᠠᠩ᠂ 2016 ᠤᠨ ᠤ ᠬᠤᠶᠠᠲᠤᠭᠠᠷ ᠬᠤᠭᠤᠴᠠᠭᠠᠠ ᠤ ᠮᠠᠠᠵᠤᠤᠷ ᠬᠤᠲᠠ ᠶᠢᠨ ᠤᠯᠠᠠ ᠤᠯᠤᠰ ᠤᠨ ᠰᠤᠪᠤᠳ ᠡᠷᠲᠡᠨᠢ ᠬᠠᠰ ᠴᠢᠯᠠᠭᠤ ᠶᠢᠨ ᠶᠠᠷᠢᠯᠴᠠᠬᠤ ᠬᠤᠷᠠᠯ᠂ ᠠᠷᠪᠡᠨ ᠲᠦᠷᠪᠡᠳᠦᠭᠡᠷ ᠬᠤᠭᠤᠴᠠᠭᠠᠨ ᠤ ᠲᠤᠮᠳᠠᠳᠤ ᠤᠯᠤᠰ ᠤᠨ ᠮᠠᠨᠵᠤᠤᠷ ᠤᠨ ᠤᠮᠠᠷᠠᠳᠤ ᠤᠷᠤᠨ ᠤ ᠤᠯᠠᠨ ᠤᠯᠤᠰ ᠤᠨ ᠰᠢᠨᠵᠢᠯᠡᠭᠦ ᠤᠬᠠᠭᠠᠨ ᠮᠡᠷᠭᠡᠵᠢᠯ ᠤᠨ ᠦᠵᠡᠰᠭᠦᠯᠡᠩ ᠤᠨ ᠪᠦᠯᠭᠦᠮ ᠤᠨ ᠠᠵᠢᠯ ᠤᠨ ᠬᠤᠷᠠᠯ᠂ ᠲᠤᠮᠳᠠᠳᠤ ᠤᠷᠤᠰ ᠮᠤᠩᠭᠤᠯ ᠤᠨ ᠤᠯᠠᠨ ᠤᠯᠤᠰ  ᠎ ᠤᠨ ᠬᠢᠳᠡᠳ ᠡᠮ ᠡᠮᠨᠡᠯᠭᠡ ︵ᠮᠠᠨᠵᠤᠤᠷ︶᠎ ᠶᠢᠨ ᠶᠠᠷᠢᠶᠡᠨ ᠤ ᠲᠠᠪᠴᠠᠩ᠂ 2017 ᠤᠨ ᠤ ᠲᠤᠮᠳᠠᠳᠤ ᠤᠯᠤᠰ ︵ᠮᠠᠨᠵᠤᠤᠷ︶᠎ ᠤᠨ ᠤᠯᠠᠨ ᠤᠯᠤᠰ ᠤᠨ ᠠᠷᠠᠯᠵᠢᠶ᠎ᠡ ᠪᠡ ᠪᠡᠯᠡ ᠤᠷᠤᠭᠤᠯᠤᠯᠳᠡ ᠶᠢᠨ ᠦᠵᠡᠰᠭᠦᠯᠡᠩ ᠤᠨ ᠴᠤᠭᠯᠠᠭᠠᠨ ᠤ ᠲᠠᠨᠢᠯᠴᠠᠭᠤᠯᠬᠤ ᠬᠤᠷᠠᠯ᠂ 2016 ᠤᠨ ᠤ ᠲᠤᠮᠳᠠᠳᠤ ᠤᠷᠤᠰ ᠮᠤᠩᠭᠤᠯ ᠤᠨ ᠤᠯᠠᠨ ᠤᠯᠤᠰ ᠤᠨ ᠵᠠᠪᠡ ᠤᠷᠢᠯᠭ᠎ᠠ ᠶᠢᠨ ᠤᠷᠤᠯᠳᠤᠭᠠᠨ ᠪᠡ ᠲᠤᠮᠳᠠᠳᠤ ᠤᠷᠤᠰ ᠮᠤᠩᠭᠤᠯ ᠤᠨ ᠭᠡᠤᠭᠡᠳ ᠤᠨ ᠴᠠᠰᠤᠨ ᠲᠡᠭᠡᠷᠡᠬᠢ ᠭᠦᠯ ᠪᠦᠮᠪᠦᠭᠡ ᠶᠢᠨ ᠤᠷᠤᠯᠳᠤᠭᠠᠨ ᠵᠡᠷᠭᠡ 21 ᠵᠦᠢᠯ ᠤᠨ ᠭᠤᠤᠯ ᠰᠡᠳᠦᠪᠳᠤ ᠠᠵᠢᠯᠯᠠᠭ᠎ᠠ ᠶᠢ ᠲᠤᠬᠢᠷᠠᠭᠤᠯᠵᠠᠢ᠃      ᠲᠤᠰ ᠬᠤᠭᠤᠴᠠᠭᠠᠨ ᠤ ᠮᠦᠰᠤ ᠴᠠᠰᠤᠨ ᠤ ᠨᠠᠶᠢᠷ ᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠎ ᠤ ᠠᠷᠠᠳ ᠤᠨ ᠵᠠᠰᠠᠭ ᠤᠨ ᠤᠷᠳᠤᠨ᠂ ᠤᠷᠤᠰ ᠤᠨ ᠬᠤᠶᠢᠳᠤ ᠪᠠᠶᠢᠭᠠᠯ ᠬᠢᠯᠢ ᠬᠢᠵᠠᠭᠠᠷ ᠤᠷᠤᠨ ᠤ ᠵᠠᠰᠠᠭ ᠤᠨ ᠤᠷᠳᠤᠨ᠂ ᠮᠤᠩᠭᠤᠯ ᠤᠯᠤᠰ ᠤᠨ ᠲᠤᠷᠤᠨᠠᠳᠤ ᠠᠶᠢᠮᠠᠭ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠤ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠤᠭᠠᠴᠠᠯ ᠤᠨ ᠲᠤᠪᠴᠢᠶ᠎ᠡ᠂ ᠮᠠᠨᠵᠤᠤᠷ ᠬᠤᠳᠡ ᠶᠢᠨ ᠠᠷᠠᠳ ᠤᠨ ᠵᠠᠰᠠᠭ ᠤᠨ ᠤᠷᠳᠤᠨ᠂ ᠤᠷᠤᠰ ᠤᠨ ᠴᠢᠲ᠋ᠠ ᠬᠤᠳᠡ ᠶᠢᠨ ᠵᠠᠰᠠᠭ ᠤᠨ ᠤᠷᠳᠤᠨ᠂ ᠮᠤᠩᠭᠤᠯ ᠤᠯᠤᠰ ᠎ ᠤᠨ ᠴᠦᠢᠪᠠᠯᠰᠠᠩ ᠬᠤᠳᠡ ᠶᠢᠨ ᠵᠠᠰᠠᠭ ᠤᠨ ᠤᠷᠳᠤᠨ ᠠᠴᠠ ᠲᠠᠭᠠᠭᠠᠨ ᠡᠷᠬᠢᠯᠡᠵᠤ᠂ ᠭᠦᠯᠤᠨ ᠪᠤᠶᠢᠷ ᠤᠨ ᠵᠤᠭᠠᠴᠠᠯ ᠎ ᠤᠨ ᠦᠢᠯᠡᠰ ᠤᠨ ᠪᠦᠯᠦᠭᠯᠡᠯ ᠠᠴᠠ ᠬᠠᠮᠵᠢᠨ ᠡᠷᠬᠢᠯᠡᠭᠰᠡᠨ ᠪᠠᠶᠢᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号