ᠤᠷᠳᠤᠰ ᠬᠤᠳᠠ ᠶᠢᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠢᠯᠡᠴᠢᠯᠡᠭᠡᠨ ᠤ ᠲᠥᠪ ︽ᠰᠠᠶᠢᠲᠤᠷ ᠪᠠᠶᠢᠭᠤᠯᠬᠤ ᠰᠠᠶᠢᠲᠤᠷ ᠬᠠᠮᠢᠶᠠᠷᠬᠤ ᠰᠠᠶᠢᠲᠤᠷ ᠬᠡᠷᠡᠭᠯᠡᠬᠦ︾ ᠳᠡᠭᠡᠷ᠎ᠡ ᠬᠦᠴᠦ ᠲᠠᠯᠪᠢᠵᠤ ᠪᠠᠶᠢᠨ᠎ᠠ
ᠨᠡᠶᠢᠲᠡᠯᠡᠭᠰᠡᠨ ᠴᠠᠭ᠄
2016/12/27
     ᠤᠷᠴᠢᠮᠬᠠᠨ᠂ ︽ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾᠎ ᠢ ᠳᠠᠷᠤᠮᠠᠯᠯᠠᠨ ᠲᠠᠷᠬᠠᠭᠠᠵᠤ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠨᠢ ︽ᠰᠠᠶᠢᠲᠤᠷ ᠪᠠᠶᠢᠭᠤᠯᠬᠤ︾ ᠳᠡᠭᠡᠷ᠎ᠡ ᠬᠦᠴᠦ ᠲᠠᠯᠪᠢᠵᠤ᠂ ᠦᠢᠯᠡᠴᠢᠯᠡᠭᠡᠨ ᠤ ᠴᠢᠳᠠᠮᠵᠢ ᠪᠠ ᠦᠢᠯᠡᠴᠢᠯᠡᠭᠡᠨ ᠤ ᠪᠡᠯᠡᠳᠬᠡᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ︽ᠰᠠᠶᠢᠲᠤᠷ ᠬᠠᠮᠢᠶᠠᠷᠬᠤ︾ ᠳᠡᠭᠡᠷ᠎ᠡ ᠬᠦᠴᠦ ᠲᠠᠯᠪᠢᠵᠤ᠂ ᠪᠠᠷᠢᠮᠵᠢᠶᠠᠵᠢᠭᠤᠯᠤᠭᠰᠠᠨ᠂ ᠳᠦᠷᠢᠮᠵᠢᠭᠦᠯᠦᠭᠰᠡᠨ ᠬᠠᠮᠢᠶᠠᠷᠤᠯᠲᠠ ᠶᠢᠨ ᠠᠵᠢᠯᠯᠠᠭᠠᠨ ᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠰᠠᠶᠢᠲᠤᠷ ᠬᠡᠷᠡᠭᠯᠡᠬᠦ︾ ᠳᠡᠭᠡᠷ᠎ᠡ ᠬᠦᠴᠦ ᠲᠠᠯᠪᠢᠵᠤ᠂ ᠨᠡᠶᠢᠭᠡᠮ ᠤᠨ ᠶᠡᠷᠦᠩᠬᠡᠶᠢᠯᠡᠭᠰᠡᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠳᠤ ᠳᠥᠭᠦᠮ ᠳᠥᠲᠡ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠵᠤ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠲᠡᠩᠴᠡᠭᠦᠷᠢᠰᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠤᠷᠳᠤᠰ ᠬᠤᠳᠠ ᠶᠢᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢᠨ ᠠᠵᠢᠯ ᠤᠨ ᠬᠠᠷᠠᠯᠲᠠ ᠪᠣᠯ᠄ 2018 ᠣᠨ ᠪᠣᠯᠬᠤ ᠳᠤ ᠪᠦᠬᠦ ᠬᠤᠲᠠ ᠶᠢᠨ ᠰᠤᠷᠲᠠᠯ ᠤᠬᠠᠭᠤᠯᠭ᠎ᠠ᠂ ᠷᠠᠳᠢᠣ᠋ ᠨᠡᠪᠲᠡᠷᠡᠭᠦᠯᠭᠡ ᠲᠧᠯᠸᠢᠰ᠂ ᠨᠠᠮ ᠤᠨ ᠭᠡᠰᠢᠭᠦᠨ ᠤ ᠬᠥᠮᠦᠵᠢᠯ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠥᠮᠦᠵᠢᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ ᠵᠡᠷᠭᠡ ᠡᠯ᠎ᠡ ᠵᠦᠢᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠨᠢᠭᠡ ᠴᠤᠭᠴᠠᠵᠢᠭᠤᠯᠵᠤ᠂ ᠪᠡᠯᠡᠳᠬᠡᠮᠵᠢ ᠪᠦᠷᠢᠨ ᠭᠦᠢᠴᠡᠳ᠂ ᠦᠢᠯᠡᠳᠦᠯ ᠴᠢᠳᠠᠮᠵᠢ ᠪᠦᠷᠢᠨ᠂ ᠦᠢᠯᠡᠴᠢᠯᠡᠭᠡ ᠨᠢ ᠵᠢᠷᠤᠮᠵᠢᠭᠰᠠᠨ᠂ ᠪᠠᠲᠤᠯᠠᠭ᠎ᠠ ᠎ ᠨᠢ ᠡᠷᠴᠢᠮᠲᠡᠢ᠂ ᠤᠯᠠᠨ ᠲᠦᠮᠡᠨ ᠤ ᠲᠠᠭᠠᠰᠢᠶᠠᠯ ᠦᠨᠳᠦᠷ ᠪᠠᠶᠢᠬᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠣᠳᠠᠲᠤ ᠪᠠᠶᠢᠳᠠᠯ ᠲᠠᠢ ᠨᠡᠶᠢᠴᠡᠭᠰᠡᠨ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠭᠰᠠᠨ᠂ ᠰᠠᠶᠢᠨ ᠰᠠᠶᠢᠬᠠᠨ ᠠᠵᠢᠯᠯᠠᠭ᠎ᠠ ᠲᠠᠢ ᠪᠠᠶᠢᠬᠤ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠦᠨᠳᠦᠰᠦᠨ ᠱᠠᠲᠤᠨ ᠳᠤ ᠦᠨᠳᠦᠰᠦᠯᠡᠭᠰᠡᠨ᠂ ᠲᠤᠰᠬᠠᠶ ᠲᠤᠰᠢᠶᠠᠯ ᠪᠠ ᠲᠤᠰᠢᠶᠠᠯ ᠬᠠᠪᠰᠤᠷᠭᠠᠬᠤ ᠶᠢ ᠤᠶᠠᠯᠳᠤᠭᠤᠯᠤᠭᠰᠠᠨ᠂ ᠶᠡᠷᠦᠩᠬᠡᠶᠢᠯᠡᠭᠰᠡᠨ ᠬᠡᠪ ᠴᠢᠨᠠᠷ ᠨᠡᠯᠢᠶᠡᠳ ᠥᠨᠳᠥᠷ ᠪᠦᠬᠦᠢ ᠦᠨᠳᠦᠰᠦᠨ ᠱᠠᠲᠤᠨ ᠤ ᠰᠣᠶᠣᠯ ᠤᠨ ᠡᠩᠨᠡᠭᠡ ᠶᠢ ᠪᠠᠶᠢᠭᠤᠯᠵᠤ᠂ ᠤᠯᠠᠨ ᠲᠦᠮᠡᠨ ᠦᠵᠡᠵᠦ ᠰᠣᠨᠢᠷᠬᠠᠬᠤ ᠳᠤᠷᠠᠲᠠᠶ ᠪᠥᠭᠡᠳ ᠵᠣᠬᠢᠬᠤ ᠬᠡᠮᠵᠢᠶᠡᠨ ᠤ ᠨᠥᠯᠥᠭᠡᠯᠡᠬᠦ ᠬᠦᠴᠦᠨ ᠪᠦᠬᠦᠢ ᠨᠡᠷᠡᠲᠦ ᠳᠡᠮᠳᠡᠭ ᠤᠨ ᠰᠣᠶᠣᠯ ᠤᠨ ᠠᠵᠢᠯᠯᠠᠭ᠎ᠠ ᠶᠢ ᠵᠢᠯ ᠲᠤᠷᠰᠢ ᠥᠷᠨᠢᠭᠦᠯᠵᠦ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠢᠯᠡᠴᠢᠯᠡᠭᠡᠨ ᠤ ᠲᠥᠪ ᠢ ᠮᠠᠨ ᠤ ᠬᠤᠲᠠ ᠶᠢᠨ ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠴᠢᠬᠤᠯᠠ ᠵᠢᠭᠰᠠᠭᠠᠯ ᠤᠨ ᠭᠠᠵᠠᠷ ᠪᠠ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠡᠷᠦᠩᠬᠡᠶᠢᠯᠡᠭᠰᠡᠨ ᠲᠠᠪᠴᠠᠩ ᠪᠤᠯᠭᠠᠵᠤ᠂ ᠨᠠᠮ ᠪᠠ ᠵᠠᠰᠠᠭ ᠤᠨ ᠣᠷᠳᠣᠨ ᠠᠴᠠ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ᠂ ᠤᠯᠠᠨ ᠲᠦᠮᠡᠨ ᠳᠤ ᠤᠬᠠᠭᠤᠯᠬᠤ ᠬᠤᠯᠪᠣᠭᠠᠰᠤ ᠪᠠ ᠬᠥᠭᠦᠷᠭᠡ ᠪᠤᠯᠭᠠᠬᠤ ᠶᠠᠪᠤᠳᠠᠯ ᠪᠤᠯᠤᠨ᠎ᠠ᠃      ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠣᠷᠳᠣᠰ ᠬᠤᠲᠠ ᠦᠨᠳᠦᠰᠦᠨ ᠱᠠᠲᠤᠨ ᠤ ᠰᠣᠶᠣᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠦᠢ ᠵᠣᠬᠢᠰᠲᠠᠶ ᠲᠥᠯᠥᠪᠵᠢᠭᠦᠯᠦᠨ ᠪᠠᠶᠢᠷᠢᠰᠢᠭᠤᠯᠵᠤ᠂ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭᠠᠷᠠᠭᠤᠯᠵᠤ᠂ ᠪᠦᠳᠦᠭᠡᠨ ᠪᠠᠶᠢᠭᠤᠯᠬᠤ ᠠᠬᠢᠴᠠ ᠶᠢ ᠲᠦᠷᠭᠡᠳᠬᠡᠨ᠎ᠡ᠃ ᠡᠬᠢ ᠪᠠᠶᠠᠯᠢᠭ ᠢ ᠨᠡᠶᠢᠯᠡᠭᠦᠯᠦᠨ ᠦᠢᠯᠡᠴᠢᠯᠡᠭᠡᠨ ᠤ ᠴᠢᠳᠠᠮᠵᠢ ᠶᠢ ᠦᠷᠭᠡᠳᠬᠡᠵᠦ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠪᠦᠷᠢᠨᠰᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠵᠤ᠂ ᠦᠢᠯᠡᠴᠢᠯᠡᠬᠦ ᠠᠷᠭ᠎ᠠ ᠬᠡᠯᠪᠡᠷᠢ ᠪᠠ ᠠᠷᠭ᠎ᠠ ᠪᠠᠷᠢᠯ ᠢ ᠰᠢᠨᠡᠴᠢᠯᠡᠨ᠎ᠡ᠃ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠬᠤᠰᠢᠭᠤ ᠲᠤᠭᠤᠷᠢᠭ ᠤᠨ ᠭᠤᠤᠯᠯᠠᠬᠤ ᠦᠢᠯᠡᠳᠦᠯ ᠢ ᠪᠠᠳᠠᠷᠠᠭᠤᠯᠵᠤ᠂ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯᠯᠠᠭᠠᠨ ᠤ ᠲᠣᠭᠲᠠᠴᠠ ᠶᠢ ᠰᠢᠨᠡᠴᠢᠯᠡᠨ᠎ᠡ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠵᠤ᠂ ᠵᠠᠷᠤᠳᠠᠯ ᠤᠨ ᠪᠠᠲᠤᠯᠠᠭ᠎ᠠ ᠶᠢ ᠴᠢᠩᠭᠠᠷᠠᠭᠤᠯᠵᠤ᠂ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠮᠳᠠᠭᠤᠯᠤᠨ ᠵᠢᠯᠣᠭᠤᠳᠴᠤ ᠬᠢᠨᠠᠨ ᠦᠨᠡᠯᠡᠬᠦ ᠶᠢ ᠴᠢᠩᠭᠠᠷᠠᠭᠤᠯᠵᠤ᠂ ᠪᠦᠭᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠶᠡᠷᠦᠩᠬᠡᠶ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号