2017 ᠣᠨ ᠠᠴᠠ ᠡᠬᠢᠯᠡᠨ ᠬᠥᠬᠡᠬᠤᠲᠠ ᠶᠢᠨ ᠡᠳᠡᠭᠡᠷ ᠵᠠᠮ ᠱᠤᠭᠤᠮ ᠤᠨ ᠨᠡᠪᠲᠡᠷᠡᠯ ᠢ ᠬᠤᠪᠢᠷᠠᠭᠤᠯᠤᠨ᠎ᠠ
ᠨᠡᠶᠢᠲᠡᠯᠡᠭᠰᠡᠨ ᠴᠠᠭ᠄
2016/12/30
      ᠬᠥᠬᠡᠬᠤᠲᠠ ᠶᠢᠨ ᠭᠤᠣᠯ ᠪᠤᠯᠬᠤ ᠬᠤᠳᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠲᠦᠭᠵᠢᠷᠡᠯ ᠤᠨ ᠣᠳᠣᠬᠢ ᠪᠠᠶᠢᠳᠠᠯ ᠢ ᠨᠠᠮᠳᠠᠭᠤᠯᠵᠤ᠂ ᠡᠮᠦᠨ᠎ᠡ ᠤᠮᠠᠷ᠎ᠠ ᠴᠢᠭᠯᠡᠯ ᠢᠶᠠᠷ ᠶᠠᠪᠤᠬᠤ ᠮᠠᠰᠢᠨ ᠲᠡᠷᠭᠡᠨ ᠤ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠬᠦ ᠶᠢᠨ ᠲᠤᠯᠠᠳᠠ᠂ ᠬᠥᠬᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ 2017 ᠤᠨ ᠤ 1 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠰᠡᠭ ᠵᠠᠮ ᠱᠤᠭᠤᠮ ᠤᠨ ᠵᠡᠭᠦᠨᠰᠢ ᠮᠤᠷᠤᠶᠢᠬᠤ ᠴᠠᠭᠠᠵᠠᠯᠠᠯ ᠪᠤᠶᠤ ᠴᠠᠭ ᠲᠤᠭᠲᠠᠭᠠᠨ ᠵᠡᠬᠦᠨᠰᠢ ᠮᠤᠷᠤᠶᠢᠬᠤ ᠴᠠᠭᠠᠵᠠᠯ ᠢ ᠬᠦᠴᠦᠨ ᠦᠭᠡᠢ ᠪᠣᠯᠭᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠤᠨ᠎ᠠ᠃      2017 ᠤᠨ ᠤ 1 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠭᠤᠸᠠᠩ ᠮᠢᠩ ᠶᠡᠭᠡ ᠵᠡᠭᠡᠯᠢ ᠪᠣᠯᠤᠨ ᠵᠢᠮᠢᠰ ᠤᠨ ᠬᠦᠷᠢᠶᠡᠯᠡᠩ ᠤᠨ ᠪᠠᠷᠠᠭᠤᠨ ᠵᠠᠮ ᠤᠨ ᠵᠠᠮ ᠤᠨ ᠠᠭᠤᠯᠵᠠᠷ ᠲᠤ ᠤᠤᠯ ᠳᠠᠭᠠᠨ ᠮᠠᠰᠢᠨ ᠲᠡᠷᠭᠡ ᠡᠮᠦᠨ᠎ᠡ ᠤᠮᠠᠷ᠎ᠠ ᠴᠢᠭᠯᠡᠯ ᠢᠶᠠᠷ ᠵᠡᠭᠦᠨᠰᠢ ᠮᠤᠷᠤᠶᠢᠬᠤ ᠶᠢ ᠴᠠᠭᠠᠵᠠᠯᠠᠵᠤ ᠪᠠᠶᠢᠭᠰᠠᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠤᠬᠢᠷᠠᠭᠤᠯᠤᠨ᠂ ᠮᠠᠰᠢᠨ ᠲᠡᠷᠭᠡ ᠡᠨᠡ ᠬᠦ ᠵᠠᠮ ᠤᠨ ᠠᠭᠤᠯᠵᠠᠷ ᠲᠤ ᠡᠮᠦᠨ᠎ᠡ ᠤᠮᠠᠷ᠎ᠠ ᠴᠢᠭᠯᠡᠯ ᠢᠶᠠᠷ ᠵᠡᠭᠦᠨᠰᠢ ᠮᠤᠷᠤᠶᠢᠬᠤ ᠶᠢ ᠵᠦᠪᠰᠢᠶᠡᠷᠡᠵᠤ᠂ ᠵᠡᠭᠦᠨ ᠪᠠᠷᠠᠭᠤᠨ ᠴᠢᠭᠯᠡᠯ ᠢᠶᠠᠷ ᠶᠠᠪᠤᠬᠤ ᠮᠠᠰᠢᠨ ᠲᠡᠷᠭᠡ ᠳᠤ ᠤᠤᠯ ᠤᠨ ᠨᠡᠪᠲᠡᠷᠡᠯ ᠤᠨ ᠬᠡᠯᠪᠡᠷᠢ ᠶᠢ ᠪᠠᠷᠢᠮᠲᠠᠯᠠᠨ᠎ᠠ᠃ 2017 ᠤᠨ ᠤ 1 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠰᠢᠯᠢ ᠶᠢᠨ ᠡᠮᠦᠨ᠎ᠡ ᠵᠠᠮ ᠬᠢᠭᠡᠳ ᠵᠢᠶᠠᠨ ᠺᠠᠨᠭ᠌ ᠵᠡᠭᠡᠯᠢ ᠶᠢᠨ ᠬᠤᠶᠢᠲᠤ ᠠᠭᠤᠯᠵᠠᠷ ᠪᠤᠯᠤᠨ ᠰᠢ ᠱᠦᠨ ᠴᠧᠩ ᠵᠡᠭᠡᠯᠢ ᠬᠢᠭᠡᠳ ᠳ᠋ᠠ ᠰᠢ ᠵᠡᠭᠡᠯᠢ ᠶᠢᠨ ᠬᠤᠶᠢᠲᠤ ᠠᠭᠤᠯᠵᠠᠷ ᠲᠤ ᠲᠤᠭᠲᠠᠭᠠᠭᠰᠠᠨ ᠴᠠᠭ ᠲᠤ ᠮᠠᠰᠢᠨ ᠲᠡᠷᠭᠡᠨ ᠤ ᠵᠡᠭᠦᠨᠰᠢ ᠮᠤᠷᠤᠶᠢᠬᠤ ᠶᠢ ᠴᠠᠭᠠᠵᠠᠯᠠᠨ᠎ᠠ᠃ ᠪᠣᠳᠠᠲᠠᠶ ᠪᠠᠷ ᠬᠡᠯᠡᠪᠡᠯ᠄ ᠰᠢᠯᠢ ᠶᠢᠨ ᠡᠮᠦᠨ᠎ᠡ ᠵᠠᠮ ᠬᠢᠭᠡᠳ ᠵᠢᠶᠠᠨ ᠺᠠᠨᠭ᠌ ᠵᠡᠭᠡᠯᠢ ᠶᠢᠨ ᠬᠤᠶᠢᠲᠤ ᠠᠭᠤᠯᠵᠠᠷ ᠲᠤ 9 ᠴᠠᠭ ~ 22 ᠴᠠᠭ ᠪᠣᠯᠲᠠᠯ᠎ᠠ ᠮᠠᠰᠢᠨ ᠲᠡᠷᠭᠡ ᠬᠤᠶᠢᠨ᠎ᠠ ᠵᠦᠭ ᠠᠴᠠ ᠵᠡᠭᠦᠨᠰᠢ ᠮᠤᠷᠦ᠋ᠢᠬᠤ ᠶᠢ ᠴᠠᠭᠠᠵᠠᠯᠠᠵᠤ᠂ ᠰᠢ ᠱᠦᠨ ᠴᠧᠩ ᠵᠡᠭᠡᠯᠢ ᠬᠢᠭᠡᠳ ᠳ᠋ᠠ ᠰᠢ ᠵᠡᠭᠡᠯᠢ ᠶᠢᠨ ᠬᠤᠶᠢᠲᠤ ᠠᠭᠤᠯᠵᠠᠷ ᠲᠤ 18 ᠴᠠᠭ ~19 ᠴᠠᠭ ᠪᠤᠯᠲᠠᠯ᠎ᠠ ᠮᠠᠰᠢᠨ ᠲᠡᠷᠭᠡ ᠬᠤᠶᠢᠨ᠎ᠠ ᠵᠦᠭ ᠠᠴᠠ ᠵᠡᠭᠦᠨᠰᠢ ᠮᠤᠷᠦ᠋ᠢᠬᠤ ᠶᠢ ᠴᠠᠭᠠᠵᠠᠯᠠᠨ᠎ᠠ᠃ ᠳᠡᠭᠡᠷ᠎ᠡ ᠳᠤᠷᠠᠳᠤᠭᠰᠠᠨ ᠵᠠᠮ ᠱᠤᠭᠤᠮ ᠢᠶᠠᠷ ᠥᠩᠭᠡᠷᠡᠬᠦ ᠨᠡᠶᠢᠲᠡ ᠶᠢᠨ ᠮᠠᠰᠢᠨ ᠲᠡᠷᠭᠡᠨ ᠤ ᠵᠡᠭᠦᠨᠰᠢ ᠮᠤᠷᠤᠶᠢᠬᠤ ᠶᠢ ᠴᠠᠭᠠᠵᠠᠯᠠᠬᠤ ᠦᠭᠡᠢ᠃      ᠣᠶᠢᠯᠠᠭᠠᠭᠰᠠᠨ ᠢᠶᠠᠷ᠂ 2017 ᠤᠨ ᠤ 1 ᠳ᠋ᠤᠬᠡᠷ ᠰᠠᠷ᠎ᠠ ᠶᠢᠨ 1~15᠎ ᠤ ᠡᠳᠦᠷ ᠪᠤᠯᠲᠠᠯ᠎ᠠ ᠪᠤᠯ ᠵᠡᠭᠦᠨᠰᠢ ᠮᠤᠷᠤᠶᠢᠬᠤ ᠴᠠᠭᠠᠵᠠᠯ ᠢ ᠨᠡᠶᠢᠲᠡ ᠳᠤ ᠵᠠᠷᠯᠠᠬᠤ ᠬᠤᠭᠤᠴᠠᠭ᠎ᠠ ᠪᠤᠯᠤᠨ᠎ᠠ᠂ ᠡᠨᠡ ᠬᠤᠭᠤᠴᠠᠭᠠᠨ ᠳᠤ ᠮᠠᠰᠢᠨ ᠲᠡᠷᠭᠡ ᠨᠡᠪᠲᠡᠷᠡᠬᠦ ᠶᠢ ᠴᠠᠭᠠᠵᠠᠯᠠᠬᠤ ᠵᠠᠷᠯᠢᠭ ᠠᠴᠠ ᠵᠦᠷᠢᠴᠡᠪᠡᠯ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠤᠯᠳᠠᠭᠤ ᠰᠡᠷᠡᠮᠵᠢᠯᠡᠭᠦᠯᠦᠯ ᠦᠭᠭᠦ ᠪᠠᠷ ᠰᠢᠢᠳᠪᠦᠷᠢᠯᠡᠨ᠎ᠡ᠃ 1 ᠳ᠋ᠤᠭᠡᠷ ᠰᠠᠷ᠎ᠠ ᠶᠢᠨ 16᠎ ᠤ ᠡᠳᠦᠷ ᠤᠨ ᠲᠡᠭ ᠴᠠᠭ ᠠᠴᠠ ᠡᠬᠢᠯᠡᠨ᠂ ᠡᠯᠧᠺᠲᠷᠣᠨ ᠴᠠᠭᠳᠠᠭ᠎ᠠ ᠲᠡᠷᠭᠡ ᠬᠥᠰᠬᠡ ᠶᠢᠨ ᠬᠠᠤᠯᠢ ᠠᠴᠠ ᠵᠦᠷᠢᠴᠡᠨ ᠨᠡᠪᠲᠡᠷᠡᠬᠦ ᠠᠵᠢᠯᠯᠠᠭ᠎ᠠ ᠶᠢ ᠵᠢᠩᠬᠢᠨᠢ ᠪᠠᠷ ᠵᠠᠪᠳᠤᠨ ᠰᠡᠭᠦᠳᠡᠷᠯᠡᠵᠤ᠂ ᠵᠥᠷᠢᠴᠡᠭᠰᠡᠳ ᠢ 150 ᠲᠥᠭᠦᠷᠢᠭ ᠢᠶᠠᠷ ᠲᠤᠷᠭᠠᠨ 3 ᠬᠤᠪᠢ ᠬᠠᠰᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号