ᠯᠢ ᠵᠢᠢ ᠡᡁᠧᠩ ᠠᠯᠠᠱᠠ ᠠᠶᠢᠮᠠᠭ ᠲᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠭᠰᠠᠠ ᠨᠢ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠦᠨᠳᠦᠰᠦ ᠬᠠᠳᠬᠤᠨ ᠰᠤᠶᠤᠭᠠᠯᠠᠵᠥ ᠴᠡᠴᠡᠭᠯᠡᠨ ᠵᠢᠮᠢᠰᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2016-12-05
     12 ᠳ᠋ᠤᠭᠠᠷ ᠰᠠᠷ᠎ᠠ ᠶᠢᠨ 3 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠵᠤ᠂ ᠨᠠᠮ  ᠤᠨ ᠬᠡᠰᠢᠬᠦᠨ ᠭᠤᠤᠯ ᠡᠷᠦᠬᠡ᠂ ᠮᠠᠯᠴᠢᠳ ᠤᠨ ᠪᠠᠶᠠᠵᠢᠯ ᠤᠨ ᠲᠠᠭᠠᠭᠤᠯᠤᠭᠴᠢ ᠪᠠᠳᠤᠪᠠᠭᠠᠳᠤᠷ ᠤᠨ ᠬᠢᠨ ᠢ ᠲᠤᠳᠤᠨᠤ ᠪᠠᠷ ᠡᠷᠭᠢᠨ ᠦᠵᠡᠪᠡ᠃      12 ᠳ᠋ᠤᠭᠠᠷ ᠰᠠᠷ᠎ᠠ ᠶᠢᠨ 1 ᠠᠴᠠ 3 ᠤ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠠᠯᠠᠱᠠ ᠠᠶᠢᠮᠠᠭ ᠲᠤ ᠬᠦᠨᠵᠡᠬᠡᠶᠢᠷᠡᠨ ᠪᠠᠶᠢᠴᠠᠭᠠᠨ ᠰᠤᠳᠤᠯᠤᠯᠳᠡ ᠬᠢᠪᠡ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠨᠦᠬᠦᠷ ᠢᠶᠠᠷ ᠶᠡᠷᠤᠩᠬᠡᠢ ᠱᠦᠵᠢ ᠪᠤᠯᠭᠠᠭᠰᠠᠠ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠥ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠦᠨᠳᠦᠰᠦ ᠬᠠᠳᠬᠤᠨ ᠰᠤᠶᠤᠭᠠᠯᠠᠵᠥ ᠴᠡᠴᠡᠭᠯᠡᠨ ᠵᠢᠮᠢᠰᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠥ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠵᠥ᠂ ᠴᠤᠴᠠᠯᠳᠡ ᠦᠭᠡᠢ ᠤᠷᠤᠭᠰᠢᠯᠠᠵᠥ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠪᠦᠳᠦᠭᠡᠨ ᠪᠠᠶᠢᠭᠤᠯᠬᠤ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠵᠠᠢ᠃      ᠬᠠᠨ ᠲᠡᠭᠷᠢ ᠠᠯᠠᠱᠠ ᠶᠢ ᠬᠦᠨᠳᠦᠳᠬᠡᠨ ᠪᠢᠰᠢᠷᠡᠭᠰᠡᠡ ᠰᠡᠳᠬᠢᠯ ᠢ ᠡᠪᠤᠷᠯᠡᠨ ᠯᠢ ᠵᠢᠢ ᠡᡁᠧᠩ ᠡᠵᠡᠨ᠎ᠡ ᠬᠤᠰᠢᠭᠤ ᠪᠤᠯᠤᠨ ᠠᠯᠠᠱᠠ ᠪᠠᠷᠠᠭᠤᠨ ᠬᠤᠰᠢᠭᠤᠨ ᠳᠤ ᠬᠦᠷᠴᠦ᠂ ᠬᠠᠷ᠎ᠠ ᠬᠤᠳᠠ ᠶᠢᠨ ᠵᠢᠭᠤᠯᠴᠢᠯᠠᠯ ᠤᠨ ᠨᠡᠬᠡᠬᠡᠨ ᠬᠦᠭᠵᠢᠬᠦᠯᠥᠯᠳᠡ᠂ ᠴᠡᠭᠡ ᠪᠤᠭᠤᠮᠳᠠ ᠶᠢᠨ ᠭᠠᠳᠠᠭᠠᠳᠤ ᠨᠡᠬᠡᠬᠡᠯᠳᠡ᠂ ᠰᠤᠪᠨᠠᠭᠤᠷ ᠤᠨ ᠠᠮᠢ ᠠᠬᠤᠢ ᠶᠢᠨ ᠤᠰᠤᠨ ᠤ ᠨᠦᠬᠦᠪᠦᠷᠢᠯᠡᠯᠳᠡ᠂ ᠴᠡᠷᠢᠭ ᠠᠩᠬᠢ ᠤᠷᠤᠨ ᠨᠤᠳᠤᠭ ᠠᠭᠤᠰᠤᠯᠴᠠᠨ ᠬᠦᠭᠵᠢᠵᠥ ᠬᠤᠶᠠᠷ ᠢ ᠬᠦᠷᠢᠶᠡᠯᠡᠵᠥ ᠬᠠᠮᠳᠤ ᠪᠠᠷ ᠪᠠᠶᠢᠭᠤᠯᠬᠤ᠂ ᠪᠠᠳᠠᠢ ᠶᠢᠨ ᠵᠢᠷᠠᠨ ᠤ ᠡᠯᠡᠰᠦ ᠶᠢᠨ ᠭᠠᠵᠠᠷ ᠰᠢᠨᠵᠢᠯᠡᠬᠡᠨ ᠤ ᠴᠡᠴᠡᠷᠯᠢᠭ ᠵᠡᠷᠬᠡ ᠶᠢ ᠪᠠᠶᠢᠴᠠᠭᠠᠨ ᠦᠵᠡᠵᠥ᠂ ᠦᠨᠳᠦᠰᠦᠨ ᠱᠠᠳᠤᠨ ᠤ ᠨᠠᠮ ᠤᠨ ᠬᠡᠰᠢᠬᠦᠨ ᠺᠠᠳ᠋ᠷ ᠪᠤᠯᠤᠨ ᠦᠨᠳᠦᠰᠦᠳᠡᠨ ᠨᠦᠭᠦᠳ ᠤᠨ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠥ᠂ ᠬᠢᠯᠢ ᠶᠢᠨ ᠬᠠᠮᠠᠭᠠᠯᠠᠯᠳᠠ ᠶᠢᠨ ᠬᠠᠷᠠᠭᠤᠯ ᠤᠨ ᠭᠠᠵᠠᠷ ᠤᠨ ᠲᠠᠷᠤᠭ᠎ᠠ ᠪᠠᠶᠢᠯᠳᠤᠭᠴᠢ ᠪᠤᠯᠤᠨ ᠦᠨᠳᠦᠰᠦᠨ ᠱᠠᠳᠤᠨ ᠤ ᠮᠠᠯᠴᠢᠳ ᠢ ᠡᠷᠬᠢᠨ ᠲᠤᠬᠤᠨᠢᠭᠤᠯᠵᠥ᠂ ᠲᠡᠳᠡᠨ ᠳᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      ᠴᠡᠭᠡ ᠪᠤᠭᠤᠮᠳᠠ ᠪᠤᠯ ᠪᠦᠬᠦ ᠤᠯᠤᠰ ᠤᠨ ᠲᠦᠷᠪᠡᠳᠤᠭᠡᠷ ᠶᠡᠭᠡ᠂ ᠦᠪᠤᠷ ᠮᠤᠩᠭᠤᠯ ᠤᠨ ᠭᠤᠷᠪᠠᠳᠤᠭᠠᠷ ᠶᠡᠭᠡ ᠬᠠᠭᠤᠷᠠᠢ ᠵᠠᠮ ᠤᠨ ᠪᠤᠭᠤᠮᠳᠠ ᠪᠠᠶᠢᠵᠤ᠂ ᠲᠤᠮᠳᠠᠳᠤ ᠮᠤᠩᠭᠤᠯ ᠬᠤᠶᠠᠷ ᠤᠯᠤᠰ ᠤᠨ ᠴᠢᠬᠤᠯᠠ ᠠᠷᠠᠯᠵᠢᠶᠠᠨ ᠤ ᠵᠠᠮ  ᠤᠨ ᠨᠢᠬᠡ ᠪᠤᠯᠤᠨ᠎ᠠ᠃ ᠪᠤᠭᠤᠮᠳᠠ ᠶᠢᠨ ᠠᠵᠥ ᠠᠬᠤᠢ ᠶᠢᠨ ᠨᠡᠬᠡᠬᠡᠯᠳᠡ ᠶᠢᠨ ᠤᠷᠤᠨ ᠤ ᠬᠠᠷᠢᠭᠤᠴᠠᠯᠭᠠᠳᠠᠨ ᠪᠤᠭᠤᠮᠳᠠ ᠶᠢᠨ ᠬᠦᠭᠵᠢᠯᠳᠡ ᠶᠢᠨ ᠪᠠᠶᠢᠳᠠᠯ ᠪᠤᠯᠤᠨ ᠭᠠᠳᠠᠭᠠᠳᠤ ᠨᠡᠬᠡᠬᠡᠯᠳᠡ ᠪᠠᠨ ᠦᠷᠭᠡᠳᠭᠡᠬᠦ ᠪᠤᠳᠤᠯᠬᠢᠯᠠᠯ ᠢᠶᠠᠨ ᠨᠠᠷᠢᠨ ᠲᠠᠨᠢᠯᠴᠠᠭᠤᠯᠪᠠ᠃ ᠯᠢ ᠵᠢᠢ ᠡᡁᠧᠩ ᠰᠤᠨᠤᠰᠤᠭᠠᠳ ᠶᠡᠬᠡᠳᠡ ᠪᠠᠶᠠᠷᠯᠠᠵᠠᠢ᠃ ᠲᠡᠷᠡ ᠬᠡᠯᠡᠭᠰᠡᠨ ᠨᠢ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ ᠨᠡᠭᠡᠭᠡᠯᠲᠡᠳᠤ ᠬᠦᠭᠵᠢᠯᠳᠡ ᠪᠤᠯ ᠦᠪᠦᠷ ᠮᠤᠩᠭᠤᠯ ᠤᠨ ᠠᠷᠠᠳ ᠢ ᠪᠠᠶᠠᠵᠢᠭᠤᠯᠵᠤ ᠤᠷᠤᠨ ᠢᠶᠠᠨ ᠬᠦᠴᠦᠷᠬᠡᠭᠵᠢᠭᠦᠯᠬᠦ ᠶᠢᠨ ᠡᠷᠬᠡᠪᠰᠢ ᠵᠠᠮᠨᠠᠬᠤ ᠵᠠᠮ ᠪᠤᠯᠤᠨ᠎ᠠ ᠬᠡᠵᠥ ᠵᠢᠭᠠᠵᠥ ᠭᠠᠷᠭᠠᠪᠠ᠃ ᠠᠯᠠᠱᠠ ᠪᠤᠯ ᠮᠠᠨ ᠤ ᠤᠷᠤᠨ ᠤ ᠪᠦᠬᠦ ᠲᠠᠯ᠎ᠠ ᠶᠢᠨ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠂ ᠬᠢᠯᠢ ᠳᠡᠭᠠᠤ ᠨᠡᠭᠡᠭᠡᠯᠲᠡ ᠶᠢᠨ ᠤᠨᠴᠠᠭᠠᠢ ᠳᠠᠪᠠᠭᠤᠯᠢᠭ ᠢᠶᠠᠨ ᠪᠠᠳᠠᠷᠠᠭᠤᠯᠤᠨ ᠮᠤᠩᠭᠤᠯ ᠳᠤ ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠶᠢ ᠬᠦᠨᠵᠡᠭᠡᠶᠢᠷᠡᠭᠦᠯᠵᠦ᠂ ᠪᠠᠷᠠᠭᠤᠨ ᠠᠽᠢᠶ᠎ᠠ ᠶᠢᠨ ᠤᠯᠤᠰ ᠲᠡᠰᠢ ᠨᠡᠭᠡᠭᠡᠯᠲᠡ ᠬᠢᠬᠦ ᠶᠢ ᠢᠳᠡᠪᠬᠢᠲᠡᠢ ᠠᠬᠢᠭᠤᠯᠵᠤ᠂ ᠬᠦᠬᠡᠬᠤᠲᠠ ᠪᠤᠭᠤᠲᠤ ᠢᠷᠭᠠᠢ ᠲᠠᠮᠡᠬᠡᠳᠤ ᠶᠢᠨ ᠨᠢᠬᠡ ᠴᠤᠭᠴᠠᠵᠢᠯᠲᠠ ᠪᠤᠯᠤᠨ ᠯᠦᠩ ᠬᠠᠢ — ᠯᠠᠨ ᠰᠢᠨ ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠦᠷᠰᠢ ᠮᠤᠵᠢ ᠤᠷᠤᠨ ᠬᠤᠲᠠ ᠲᠠᠢ ᠰᠤᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦ ᠲᠠᠯ᠎ᠠ ᠪᠠᠷ ᠨᠡᠭᠡᠭᠡᠯᠲᠡ ᠬᠢᠬᠦ᠂ ᠦᠨᠳᠦᠷ ᠲᠦᠪᠰᠢᠨ ᠲᠠᠢ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠬᠡᠵᠠᠢ᠃ ᠲᠡᠷᠡ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠭᠰᠡᠨ ᠠᠶᠢᠮᠠᠭ ᠬᠤᠰᠢᠭᠤᠨ ᠤ ᠺᠠᠳ᠋ᠷᠴᠤᠳ ᠲᠤ ᠪᠤᠭᠤᠮᠲᠠ ᠶᠢᠨ ᠠᠵᠤ ᠠᠬᠤᠢ ᠶᠢ ᠬᠦᠴᠦᠯᠡᠨ ᠬᠦᠭᠵᠢᠭᠦᠯᠵᠦ᠂ ᠴᠡᠭᠡ ᠪᠤᠭᠤᠮᠲᠠ ᠶᠢᠨ ᠦᠢᠯᠡᠴᠢᠯᠡᠭᠡᠨ ᠤ ᠲᠦᠪᠰᠢᠨ ᠢ ᠴᠢᠨᠠᠭᠰᠢᠲᠠ ᠳᠡᠭᠡᠭᠰᠢᠯᠡᠬᠦᠯᠬᠦ ᠬᠡᠷᠡᠭᠲᠡᠢ ᠭᠡᠵᠦ ᠵᠠᠬᠢᠪᠠ᠃      ᠠᠯᠠᠱᠠ ᠠᠶᠢᠮᠠᠭ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠤᠯᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠪᠠᠶᠢᠳᠠᠯ ᠶᠠᠮᠠᠷ ᠵᠡᠷᠭᠡ ᠪᠠᠶᠢᠬᠤ ᠶᠢ ᠯᠢ ᠵᠢᠢ ᠾᠧᠩ ᠲᠦᠢᠯ ᠢᠶᠠᠷ ᠠᠩᠬᠠᠷᠴᠦ ᠪᠠᠶᠢᠪᠠ᠃ ᠬᠠᠷ᠎ᠠ ᠬᠤᠲᠠ ᠪᠤᠯᠤᠨ ᠰᠤᠪᠨᠠᠭᠤᠷ ᠲᠤ ᠪᠠᠶᠢᠴᠠᠭᠠᠯᠲᠠ ᠬᠢᠭᠰᠡᠨ ᠤ ᠳᠠᠷᠠᠭ᠎ᠠ ᠯᠢ ᠵᠢᠢ ᠾᠧᠩ ᠰᠡᠳᠬᠢᠯ ᠬᠦᠳᠡᠯᠦᠨ ᠬᠡᠯᠡᠭᠰᠡᠨ ᠨᠢ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ ᠪᠤᠬᠢᠷᠳᠤᠯ ᠦᠭᠡᠢ ᠪᠤᠯ ᠦᠪᠦᠷ ᠮᠤᠩᠭᠤᠯ ᠤᠨ ᠦᠪᠡᠷᠮᠢᠴᠡ ᠲᠠᠪᠠᠭᠤᠯᠢᠭ ᠪᠦᠬᠡᠳ ᠦᠨ᠎ᠡ ᠦᠷᠲᠡᠭ ᠮᠦᠨ᠂ ᠠᠮᠢ ᠠᠬᠤᠢ ᠪᠤᠯ ᠦᠪᠦᠷ ᠮᠤᠩᠭᠤᠯ  ᠤᠨ ᠬᠠᠷᠢᠭᠤᠴᠠᠯᠭ᠎ᠠ ᠪᠠ ᠳᠠᠯᠲᠠ ᠬᠦᠴᠦᠨ ᠪᠤᠯᠤᠨ᠎ᠠ ᠬᠡᠵᠤ ᠲᠤᠷᠠᠳᠴᠠᠢ᠃ ᠬᠠᠷ᠎ᠠ ᠬᠤᠲᠠ ᠶᠢᠨ ᠮᠠᠨᠳᠤᠯ ᠳᠤᠷᠦ᠋ᠢᠳᠠᠯ᠂ ᠰᠤᠪᠨᠠᠭᠤᠷ ᠤᠨ ᠬᠤᠪᠢᠷᠠᠯᠲᠠ ᠨᠢ ᠪᠢᠳᠠᠨ ᠳᠤ ᠬᠠᠮᠤᠭ ᠤᠨ ᠶᠡᠭᠡ ᠰᠡᠩᠬᠡᠭᠡᠷᠡᠭᠦᠯᠦᠯ ᠦᠭᠬᠦᠭᠰᠡᠨ᠂ ᠳᠠᠷᠤᠢ ᠪᠤᠬᠢᠳᠤᠯ ᠦᠭᠡᠢ ᠬᠦᠭᠵᠢᠯᠲᠡ ᠶᠢᠨ ᠣᠨᠣᠯᠵᠢᠬᠤᠨ ᠢ ᠡᠷᠬᠡᠪᠰᠢ ᠪᠠᠲᠤ ᠪᠤᠢ ᠪᠤᠯᠭᠠᠬᠤ ᠶᠢᠨ ᠬᠠᠮᠲᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠠᠷᠢᠬᠦᠨ ᠳᠤ ᠲᠠᠯᠪᠢᠭᠰᠠᠨ ᠪᠤᠬᠢᠷᠳᠤᠯ ᠦᠭᠡᠢ ᠬᠦᠭᠵᠢᠯᠲᠡ ᠶᠢᠨ ᠵᠠᠮ ᠢᠶᠠᠷ ᠵᠠᠮᠨᠠᠬᠤ ᠪᠤᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠦᠷᠭᠡᠨ ᠤᠯᠠᠨ ᠺᠠᠳ᠋ᠷ᠂ ᠤᠨᠴᠠᠭᠠᠢᠢᠯᠠᠨ ᠤᠳᠤᠷᠢᠳᠬᠤ ᠺᠠᠳ᠋ᠷᠴᠤᠳ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠬᠤ ᠪᠠᠷ ᠡᠷᠬᠢᠮ ᠳᠡᠭᠡᠳᠦ ᠲᠡᠤᠬᠡᠨ ᠡᠭᠦᠷᠭᠡ ᠪᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠤᠯᠭᠠᠵᠤ᠂ ᠨᠢᠳᠤ ᠪᠠᠨ ᠬᠠᠮᠠᠭᠠᠯᠠᠬᠤ ᠲᠠᠢ ᠠᠳᠠᠯᠢ ᠪᠠᠷ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠵᠤ᠂ ᠠᠮᠢ ᠨᠠᠰᠤᠨ ᠳᠤ ᠬᠠᠨᠳᠤᠬᠤ ᠲᠠᠢ ᠠᠳᠠᠯᠢ ᠪᠠᠷ ᠠᠮᠢ ᠠᠬᠤᠢ ᠤᠷᠴᠢᠨ ᠲᠤᠭᠤᠷᠢᠨ ᠳᠤ ᠬᠠᠨᠳᠤᠵᠤ᠂ ᠠᠯᠠᠱᠠ ᠶᠢᠨ ᠡᠨᠡᠬᠦ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠦᠨᠡᠨᠬᠦ ᠰᠠᠶᠢᠳᠤᠷ ᠰᠠᠬᠢᠨ ᠬᠠᠮᠠᠭᠠᠯᠠᠵᠤ᠂ ᠰᠠᠶᠢᠳᠤᠷ ᠴᠤᠭᠴᠠᠯᠠᠬᠤ ᠬᠡᠷᠡᠭᠲᠡᠢ ᠬᠡᠪᠡ᠃      ᠶᠠᠭᠠᠬᠢᠵᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠪᠤᠢ︖ ᠡᠨᠡ ᠪᠤᠯ ᠯᠢ ᠵᠢᠢ ᠾᠧᠩ ᠤᠨ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠴᠢᠬᠤᠯᠠ ᠠᠭᠤᠯᠭ᠎ᠠ ᠪᠤᠯᠤᠨ᠎ᠠ᠃ ᠳ᠋ᠦᠩ ᠹᠧᠩ ᠰᠠᠨᠰᠠᠷ ᠤᠨ ᠠᠶᠠᠯᠠᠯ ᠤᠨ ᠬᠤᠲᠠ᠂ ᠪᠠᠳᠠᠢ ᠶᠢᠨ ᠵᠢᠷᠠᠨ ᠤ ᠡᠯᠡᠰᠦ ᠶᠢᠨ ᠭᠠᠵᠠᠷ ᠰᠢᠨᠵᠢᠯᠡᠬᠡᠨ ᠤ ᠴᠡᠴᠡᠷᠯᠢᠭ ᠵᠡᠷᠭᠡ ᠭᠠᠵᠠᠷ ᠲᠤ ᠯᠢ ᠵᠢᠢ ᠾᠧᠩ ᠵᠢᠭᠠᠵᠤ ᠭᠠᠷᠭᠠᠭᠰᠠᠨ ᠨᠢ᠂ ᠠᠵᠤ ᠦᠢᠯᠡᠰ ᠪᠤᠯ ᠤᠷᠤᠨ ᠪᠦᠰᠡ ᠶᠢᠨ ᠠᠵᠤ ᠠᠬᠤᠢ ᠶᠢᠨ ᠭᠤᠤᠯ ᠨᠢᠷᠤᠭᠤ ᠪᠤᠯᠤᠨ᠎ᠠ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ ᠤᠨᠴᠠᠯᠢᠭᠳᠤ ᠠᠵᠤ ᠦᠢᠯᠡᠰ ᠢᠶᠠᠷ ᠭᠠᠷᠳᠠᠴᠠ ᠪᠤᠯᠭᠠᠵᠤ ᠪᠠᠶᠢᠭᠠᠳ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠶᠢ ᠳᠠᠶᠢᠴᠢᠯᠠᠵᠤ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠪᠠᠷ ᠠᠵᠤ ᠠᠬᠤᠢ ᠶᠢᠨ ᠬᠦᠭᠵᠢᠯᠲᠠ ᠶᠢᠨ ᠠᠷᠭ᠎ᠠ ᠬᠡᠯᠪᠡᠷᠢ ᠶᠢᠨ ᠲᠦᠷᠭᠡᠨ ᠬᠤᠪᠢᠷᠠᠯᠲᠠ ᠶᠢ ᠳᠠᠶᠢᠴᠢᠯᠠᠬᠤ ᠬᠡᠷᠡᠭᠲᠡᠢ᠃ ᠰᠤᠶᠤᠯ ᠤᠨ ᠵᠢᠭᠤᠯᠴᠢᠯᠠᠯ ᠤᠨ ᠲᠦᠯᠦᠪᠵᠢᠭᠦᠯᠭᠡ ᠶᠢ ᠴᠢᠨᠠᠭᠰᠢᠳᠠ ᠲᠡᠭᠦᠯᠳᠡᠷᠵᠢᠭᠦᠯᠤᠨ ᠰᠤᠳᠤᠨ ᠵᠢᠭᠤᠯᠴᠢᠯᠠᠯ ᠤᠨ ᠤᠷᠤᠨ ᠢ ᠪᠦᠳᠦᠬᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠪᠤᠷᠤᠯᠠᠭᠤᠯᠭ᠎ᠠ ᠤᠬᠠᠭᠤᠯᠭ᠎ᠠ ᠪᠠᠨ ᠴᠢᠩᠭᠠᠳᠬᠠᠨ ᠰᠤᠶᠤᠯ ᠤᠨ ᠵᠢᠭᠤᠯᠴᠢᠯᠠᠯ ᠤᠨ ᠲᠠᠯ᠎ᠠ ᠪᠠᠷ ᠠᠷᠠᠯᠵᠢᠶᠡᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ︽ᠬᠠᠨ ᠲᠡᠭᠷᠢ ᠠᠯᠠᠱᠠ︾ ᠭᠡᠬᠦ ᠵᠢᠭᠤᠯᠴᠢᠯᠠᠯ ᠤᠨ ᠪᠦᠲᠦᠭᠡᠭᠳᠡᠭᠦᠨ ᠢ ᠰᠠᠶᠢᠲᠤᠷ ᠬᠢᠵᠤ᠂ ᠪᠦᠬᠦ ᠤᠯᠤᠰ ᠪᠦᠬᠦ ᠳᠡᠯᠡᠬᠡᠢ ᠳᠤ ᠠᠯᠳᠠᠷᠰᠢᠭᠰᠠᠨ ᠠᠯᠠᠱᠠ ᠶᠢ ᠪᠦᠲᠦᠭᠡᠨ ᠪᠠᠶᠢᠭᠤᠯᠬᠤ ᠬᠡᠷᠡᠭᠲᠡᠢ᠃ ᠰᠤᠶᠤᠯ ᠤᠨ ᠵᠢᠭᠤᠯᠴᠢᠯᠠᠯ ᠤᠨ ᠲᠠᠭᠠᠭᠤᠯᠤᠭᠴᠢ ᠠᠵᠤ ᠠᠬᠤᠢᠢᠯᠠᠯ ᠪᠤᠯᠤᠨ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠯᠪᠤᠭᠠᠨ ᠤ ᠲᠤᠭᠳᠠᠴᠠ ᠶᠢ ᠪᠠᠶᠢᠭᠤᠯᠵᠤ᠂ ᠮᠠᠯᠴᠢᠨ ᠲᠠᠷᠢᠶᠠᠴᠢᠨ ᠵᠢᠭᠤᠯᠴᠢᠯᠠᠯ ᠤᠨ ᠦᠢᠯᠡᠰ ᠤᠨ ᠬᠦᠭᠵᠢᠯᠲᠠ ᠠᠴᠠ ᠨᠡᠩ ᠤᠯᠠᠨ ᠠᠰᠢᠭ ᠬᠦᠷᠲᠡᠬᠦ ᠶᠢ ᠪᠠᠶᠡᠯᠡᠬᠦᠯᠬᠦ ᠬᠡᠷᠡᠭᠲᠡᠢ᠃ ᠠᠯᠠᠱᠠ ᠶᠢ ᠤᠯᠤᠰ ᠤᠨ ᠴᠢᠬᠤᠯᠠ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠭᠦᠯᠬᠦ ᠠᠭᠠᠷ ᠰᠠᠨᠰᠠᠷ ᠤᠨ ᠠᠶᠠᠯᠠᠯ ᠤᠨ ᠰᠠᠭᠤᠷᠢᠨ ᠪᠤᠯᠭᠠᠨ ᠪᠦᠳᠦᠬᠡᠨ ᠪᠠᠶᠢᠭᠤᠯᠬᠤ ᠬᠡᠷᠡᠭᠲᠡᠢ ᠬᠡᠵᠠᠢ᠃      ᠪᠠᠶᠢᠴᠠᠭᠠᠨ ᠰᠤᠳᠤᠯᠤᠯᠲᠠ ᠬᠢᠭᠰᠡᠨ ᠬᠤᠭᠤᠴᠠᠭᠠᠨ ᠳᠠᠭᠠᠨ ᠯᠢ ᠵᠢᠢ ᠾᠧᠩ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠠᠯᠠᠱᠠ ᠶᠢᠨ ᠠᠵᠤ ᠠᠬᠤᠢ ᠨᠡᠶᠢᠭᠡᠮ ᠤᠨ ᠬᠦᠭᠵᠢᠯᠲᠠ ᠳᠤ ᠤᠯᠤᠭᠰᠠᠨ ᠠᠮᠵᠢᠯᠲᠠ ᠪᠠ ᠨᠠᠮ ᠤᠨ ᠪᠠᠶᠢᠭᠤᠯᠤᠯᠲᠠ ᠶᠢᠨ ᠠᠵᠢᠯ ᠢ ᠭᠦᠢᠴᠡᠳ ᠨᠤᠲᠠᠯᠠᠪᠠ᠃ ᠲᠡᠷᠡ ᠠᠯᠠᠱᠠ ᠠᠶᠢᠮᠠᠭ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠪᠤᠯᠤᠨ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ᠂ ᠤᠬᠠᠭᠤᠯᠬᠤ ᠪᠠ ᠲᠤᠤᠱᠠᠯᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠶᠡᠭᠡ ᠬᠤᠷᠠᠯ ᠤᠨ ᠵᠤᠷᠢᠭ ᠰᠠᠨᠠᠭ᠎ᠠ ᠶᠢ ᠠᠯᠠᠱᠠ ᠠᠶᠢᠮᠠᠭ ᠲᠤ ᠨᠠᠷᠢᠯᠢᠭ ᠪᠤᠳᠠᠳᠠᠢ ᠨᠠᠶᠢᠳᠠᠪᠤᠷᠢᠵᠢᠭᠤᠯᠵᠤ᠂ ᠦᠨᠳᠤᠰᠤ ᠬᠠᠳᠬᠤᠨ ᠰᠤᠶᠤᠭᠠᠯᠠᠵᠤ ᠴᠡᠴᠡᠭᠯᠡᠨ ᠵᠢᠮᠢᠰᠯᠡᠬᠦᠯᠬᠦ ᠶᠢ ᠬᠦᠰᠡᠭᠰᠡᠨ ᠪᠠᠶᠢᠨ᠎ᠠ᠃      ᠯᠢ ᠵᠢᠢ ᠾᠧᠩ ᠵᠢᠭᠠᠵᠤ ᠭᠠᠷᠭᠠᠭᠰᠠᠨ ᠨᠢ᠂ ᠤᠨᠴᠠᠯᠢᠬᠲᠦ ᠠᠵᠦ ᠦᠢᠯᠡᠰ ᠢ ᠶᠡᠬᠡᠪᠡᠷ ᠬᠦᠭᠵᠢᠭᠦᠯᠬᠦ ᠳᠡᠭᠡᠷ᠎ᠡ ᠶᠡᠬᠡᠬᠡᠨ ᠬᠦᠴᠦ ᠲᠠᠯᠪᠢᠵᠦ᠂ ᠤᠯᠤᠰ ᠤᠨ ᠲᠤᠲᠤᠭᠠᠳᠦ ᠭᠠᠳᠠᠭᠠᠳᠦ ᠶᠢᠨ ᠨᠡᠷᠡᠲᠦ ᠵᠢᠭᠤᠯᠴᠢᠯᠠᠯ ᠤᠨ ᠬᠠᠷᠠᠯᠳᠠᠳᠤ ᠤᠷᠤᠨ ᠢ ᠪᠦᠳᠦᠬᠡᠨ ᠪᠠᠶᠢᠭᠤᠯᠬᠤ ᠪᠠᠷ ᠬᠠᠷᠠᠯᠳᠠ ᠪᠤᠯᠭᠠᠨ ᠵᠢᠭᠤᠯᠴᠢᠯᠠᠯ ᠤᠨ ᠦᠢᠯᠡᠰ ᠢ ᠶᠡᠬᠡᠪᠡᠷ ᠬᠦᠭᠵᠢᠭᠦᠯᠵᠤ᠂ ᠠᠯᠠᠱᠠ ᠶᠢ ᠤᠯᠤᠰ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠭᠦᠯᠬᠦ ᠴᠢᠬᠤᠯᠠ ᠰᠠᠨᠰᠠᠷ  ᠤᠨ ᠠᠶᠠᠯᠠᠯ ᠤᠨ ᠰᠠᠭᠤᠷᠢᠨ ᠪᠤᠯᠭᠠᠨ ᠪᠦᠳᠦᠬᠡᠨ ᠪᠠᠶᠢᠭᠤᠯᠵᠦ᠂ ᠤᠷᠤᠨ ᠨᠤᠳᠤᠭ ᠤᠨ ᠪᠤᠳᠠᠳᠤ ᠪᠠᠶᠢᠳᠠᠯ ᠳᠠᠭᠠᠨ ᠵᠤᠬᠢᠴᠠᠭᠤᠯᠤᠨ ᠦᠪᠡᠷᠮᠢᠴᠡ ᠤᠨᠴᠠᠯᠢᠭ ᠲᠠᠢ ᠮᠠᠯ ᠠᠵᠦ ᠠᠬᠤᠢ ᠲᠠᠷᠢᠶᠠᠯᠠᠩ ᠤᠨ ᠬᠦᠭᠵᠢᠯᠲᠡ ᠶᠢᠨ ᠵᠠᠮ ᠢᠶᠠᠷ ᠵᠠᠮᠨᠠᠨ᠂ ᠠᠵᠦ ᠦᠢᠯᠡᠰ ᠤᠨ ᠪᠦᠲᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠬᠢᠷᠠᠭᠤᠯᠤᠯᠲᠠ ᠶᠢ ᠠᠬᠢᠭᠤᠯᠬᠤ ᠬᠡᠷᠡᠭᠲᠠᠢ᠃ ᠨᠡᠭᠡᠭᠡᠯᠲᠡ ᠬᠢᠵᠤ ᠬᠠᠮᠳᠤᠷᠠᠨ ᠠᠵᠢᠯᠯᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠬᠦᠯᠬᠦ ᠲᠡᠭᠡᠷ᠎ᠡ ᠶᠡᠬᠡᠬᠡᠨ ᠬᠦᠴᠦ ᠲᠠᠯᠪᠢᠵᠦ᠂ ᠬᠢᠯᠢ ᠲᠠᠭᠠᠤ ᠨᠡᠭᠡᠭᠡᠯᠲᠡ ᠶᠢᠨ ᠦᠪᠡᠷᠮᠢᠴᠡ ᠤᠨᠴᠠᠯᠢᠬ ᠲᠠᠢ ᠲᠠᠪᠠᠭᠤᠯᠢᠭ ᠢᠶᠠᠨ ᠪᠠᠳᠠᠷᠠᠭᠤᠯᠤᠨ ᠮᠤᠩᠭᠤᠯ ᠤᠯᠤᠰ ᠪᠤᠯᠤᠨ ᠡᠷᠬᠢᠨ ᠲᠤᠭᠤᠷᠢᠨ ᠤ ᠭᠠᠵᠠᠷ ᠤᠷᠤᠨ ᠯᠤᠭ᠎ᠠ ᠶᠢᠨ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠲᠡᠷᠡᠯᠴᠡᠬᠦ ᠪᠦᠳᠦᠬᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠦ᠂ ᠪᠤᠭᠤᠮᠲᠠ ᠶᠢᠨ ᠠᠵᠦ ᠠᠬᠤᠢ ᠶᠢ ᠶᠡᠬᠡᠪᠡᠷ ᠬᠦᠭᠵᠢᠬᠦᠯᠦᠨ ᠭᠠᠵᠠᠷ ᠤᠷᠤᠨ ᠤ ᠨᠢᠭᠡ ᠴᠤᠭᠴᠠᠵᠢᠭᠰᠠᠨ ᠬᠦᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠠᠯᠬᠤᠴᠠ ᠶᠢ ᠪᠠᠶᠡᠯᠡᠬᠦᠯᠬᠦ ᠬᠡᠷᠡᠭᠲᠠᠢ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠤᠯᠤᠨ ᠤᠷᠴᠢᠨ ᠲᠤᠭᠤᠷᠢᠨ ᠤ ᠬᠠᠮᠠᠭᠠᠯᠠᠯᠲᠠ ᠳᠡᠭᠡᠷ᠎ᠡ ᠶᠡᠬᠡᠬᠡᠨ ᠬᠦᠴᠦ ᠲᠠᠯᠪᠢᠵᠦ᠂ ᠪᠤᠬᠢᠷᠳᠤᠯ ᠦᠭᠡᠢ ᠬᠦᠭᠵᠢᠯᠲᠡ ᠶᠢᠨ ᠣᠨᠣᠯᠵᠢᠬᠤᠨ ᠢ ᠪᠠᠲᠦ ᠪᠤᠢ ᠪᠤᠯᠭᠠᠨ ᠲᠤᠤᠱᠯᠠᠭᠤᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠭᠰᠠᠨ ᠪᠤᠬᠢᠷᠳᠤᠯ ᠦᠭᠡᠢ ᠬᠦᠭᠵᠢᠯᠲᠡ ᠶᠢᠨ ᠵᠠᠮ ᠢᠶᠠᠷ ᠵᠠᠮᠨᠠᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠡᠷᠡᠰ ᠰᠠᠬᠢᠨ ᠰᠠᠶᠢᠲᠤᠷ ᠰᠠᠬᠢᠵᠦ᠂ ᠡᠬᠡ ᠤᠯᠤᠰ ᠤᠨ ᠤᠮᠠᠷᠠᠲᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠭᠴᠠᠯᠠᠬᠤ ᠬᠡᠷᠡᠭᠲᠠᠢ᠃ ᠤᠳᠤ ᠦᠶ᠎ᠡ ᠶᠢᠨ ᠰᠠᠭᠤᠷᠢ  ᠪᠡᠯᠡᠳᠬᠡᠮᠵᠢ ᠶᠢᠨ ᠲᠤᠤᠷᠵᠢᠯ ᠤᠨ ᠪᠦᠲᠦᠭᠡᠨ ᠪᠠᠶᠢᠭᠤᠯᠥᠯᠲᠠ ᠶᠢ ᠴᠢᠩᠭᠠᠳᠬᠠᠬᠤ ᠳᠡᠭᠡᠷ᠎ᠡ ᠶᠡᠬᠡᠬᠡᠨ ᠬᠦᠴᠦ ᠲᠠᠯᠪᠢᠵᠦ ᠂ ︽ᠲᠤᠯᠤᠭᠠᠨ ᠲᠤᠤᠷᠵᠢᠯ︾ ᠤᠨ ᠰᠠᠭᠤᠷᠢ ᠪᠡᠯᠡᠳᠬᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠨ ᠰᠠᠭᠤᠷᠢ ᠪᠡᠯᠡᠳᠬᠡᠮᠵᠢ ᠶᠢᠨ ᠠᠵᠦ ᠠᠬᠤᠢ ᠨᠡᠶᠢᠭᠡᠮ ᠤᠨ ᠬᠦᠭᠵᠢᠯᠲᠡ ᠶᠢ ᠲᠤᠯᠵᠤ ᠪᠠᠳᠤᠯᠠᠬᠤ ᠴᠢᠳᠠᠪᠤᠷᠢ ᠶᠢ ᠬᠦᠴᠦᠯᠡᠨ ᠴᠢᠩᠭᠠᠳᠬᠠᠬᠤ ᠬᠡᠷᠡᠭᠲᠠᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠡᠭᠡᠷ᠎ᠡ ᠶᠡᠬᠡᠬᠡᠨ ᠬᠦᠴᠦ ᠲᠠᠯᠪᠢᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠶᠢ ᠠᠷᠠᠳ ᠤᠨ ᠠᠮᠢᠳᠤᠷᠠᠯ ᠤᠨ ᠲᠡᠷᠢᠬᠦᠨ ᠴᠢᠬᠤᠯᠠ ᠢᠨᠵᠧᠨᠧᠷᠢᠩ ᠪᠤᠯᠭᠠᠨ ᠰᠠᠶᠢᠲᠤᠷ ᠠᠳᠬᠤᠵᠦ᠂ ᠴᠢᠨᠡᠭᠡᠯᠢᠭ ᠨᠡᠶᠢᠭᠡᠮ ᠤᠨ ᠪᠦᠬᠦ ᠲᠠᠯ᠎ᠠ ᠪᠠᠷ ᠪᠡᠶᠡᠯᠡᠬᠦᠯᠬᠦ ᠵᠠᠮ ᠳᠡᠭᠡᠷ᠎ᠡ ᠨᠢᠭᠡ ᠡᠷᠦᠬᠡ ᠶᠢ ᠴᠦ ᠬᠤᠴᠤᠷᠤᠭᠤᠯᠬᠤ ᠦᠭᠡᠢ᠂ ᠨᠢᠭᠡ ᠬᠦᠮᠦᠨ ᠢ ᠴᠦ ᠬᠡᠬᠡᠭᠳᠡᠬᠦᠯᠬᠦ ᠦᠭᠡᠢ ᠪᠠᠶᠢᠬᠤ ᠶᠢ ᠦᠨᠡᠨᠬᠦ ᠪᠠᠲᠤᠯᠠᠵᠦ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠠᠵᠢᠯ ᠤᠯᠭᠤᠯᠲᠠ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ  ᠤᠳ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠦ᠂ ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠯᠠᠪᠳᠠᠭᠤᠨ ᠢᠶᠠᠷ ᠲᠡᠭᠡᠭᠰᠢᠯᠡᠭᠦᠯᠬᠦ ᠬᠡᠷᠡᠭᠲᠠᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠡᠭᠡᠷ᠎ᠡ ᠶᠡᠬᠡᠬᠡᠨ ᠬᠦᠴᠦ ᠲᠠᠯᠪᠢᠵᠦ᠂ ᠨᠠᠮ  ᠢ ᠬᠠᠮᠢᠶᠠᠷᠬᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠨᠠᠮ ᠤᠨ ᠲᠤᠲᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠨ ᠠᠵᠢᠯ ᠤᠨ ᠰᠤᠷᠲᠠᠯ ᠢᠶᠠᠨ ᠤᠯᠠᠮ ᠴᠢᠩᠭᠠᠳᠬᠠᠨ ᠰᠠᠶᠢᠵᠢᠷᠠᠭᠤᠯᠵᠦ᠂ ᠢᠯᠵᠢᠷᠠᠯ ᠢ ᠡᠰᠡᠷᠭᠦᠴᠡᠬᠦ ᠦᠨᠳᠦᠷ ᠲᠠᠷᠤᠯᠲᠠ ᠶᠢᠨ ᠪᠠᠶᠢᠳᠠᠯ ᠢᠶᠠᠨ ᠦᠷᠭᠦᠯᠵᠢᠯᠡᠨ ᠪᠠᠳᠤᠯᠠᠵᠤ᠂ ᠤᠪᠤᠷ ᠲᠦᠪ ᠰᠤᠷᠳᠠᠯ ᠴᠢᠬᠡᠴᠢ ᠤᠯᠤᠰ ᠲᠦᠷᠦ ᠶᠢᠨ ᠠᠮᠢ ᠠᠬᠤᠢ ᠶᠢᠨ ᠤᠷᠴᠢᠨ ᠲᠤᠭᠤᠷᠢᠨ ᠢ ᠬᠦᠴᠦᠯᠡᠨ ᠪᠤᠢ ᠪᠤᠯᠭᠠᠬᠤ ᠬᠡᠷᠡᠭᠲᠠᠢ ᠬᠡᠪᠡ᠃      ᠥᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠦᠸᠧ ᠶᠦᠩ ᠭᠠᠩ᠂ ᠪᠠᠢ ᠰᠢᠶᠠᠩ ᠴᠢᠶᠦ᠋ᠨ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号