ᠯᠢ ᠵᠢᠢ ᠾᠧᠩ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠠᠵᠤ ᠦᠢᠯᠡᠳᠪᠦᠷᠢ ᠶᠢᠨ ᠪᠦᠯᠦᠭᠯᠡᠯ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠤᠤ ᠬᠤᠩ ᠸᠧᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2016/12/6
     12 ᠳ᠋ᠤᠭᠠᠷ ᠰᠠᠷ᠎ᠠ ᠶᠢᠨ 5᠎ ᠤ ᠤᠷᠤᠢ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠬᠦᠬᠡᠬᠤᠲᠠ ᠳᠤ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠠᠵᠤ ᠦᠢᠯᠡᠳᠪᠦᠷᠢ ᠶᠢᠨ ᠪᠦᠯᠦᠭᠯᠡᠯ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ ᠭᠤᠤ ᠬᠤᠩ ᠸᠧᠢ ᠨᠠᠷ ᠲᠠᠢ ᠠᠭᠤᠯᠵᠠᠪᠠ᠃      ᠯᠢ ᠵᠢᠢ ᠾᠧᠩ ᠡᠩ ᠲᠠᠷᠢᠬᠦᠨ ᠳᠤ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠮᠦᠨ᠎ᠠ ᠠᠴᠠ ᠭᠤᠤ ᠬᠤᠩ ᠸᠧᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠳᠤᠵᠤ᠂ ᠰᠠᠨᠰᠠᠷ ᠎ ᠤᠨ ᠠᠶᠠᠯᠠᠯ ᠤᠨ ᠰᠢᠨᠵᠢᠯᠡᠬᠦ ᠤᠬᠠᠭᠠᠨ ᠤ ᠠᠵᠤ ᠦᠢᠯᠡᠳᠪᠦᠷᠢ ᠶᠢᠨ ᠪᠦᠯᠦᠭᠯᠡᠯ ᠺᠤᠮᠫᠠᠨᠢ ᠶᠢᠨ ᠤᠷᠲᠦ ᠬᠤᠭᠤᠴᠠᠭᠠ ᠎ ᠤ ᠲᠤᠷᠰᠢ ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠬᠦᠭᠵᠢᠯᠲᠠ ᠶᠢ ᠳᠡᠮᠵᠢᠭᠰᠡᠭᠡᠷ ᠢᠷᠡᠭᠰᠡᠨ ᠳᠤ ᠲᠠᠯᠠᠷᠬᠠᠵᠦ ᠪᠠᠶᠢᠬᠤ ᠪᠠᠨ ᠢᠯᠡᠳᠭᠡᠪᠡ᠃ ᠲᠡᠷᠡ ᠬᠡᠯᠡᠭᠰᠡᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠦᠪᠦᠷ ᠮᠤᠩᠭᠤᠯ ᠲᠠᠶᠠᠭᠠᠷ ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠠ ᠣᠨᠣᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠭᠦᠨᠵᠡᠭᠡᠢ ᠰᠤᠷᠤᠯᠴᠠᠵᠤ᠂ ᠶᠡᠷᠤᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠡᠬᠡ ᠤᠯᠤᠰ ᠤᠨ ᠤᠮᠠᠷᠠᠲᠦ ᠶᠢᠨ ᠡᠨᠡᠬᠦ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠲᠦ ᠰᠠᠶᠢᠬᠠᠨ ᠪᠤᠯᠭᠠᠨ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠃ ᠰᠠᠶ᠋ᠢᠬᠠᠨ ᠠᠮᠵᠢᠯᠲᠠ ᠲᠠᠢ ᠲᠡᠭᠦᠰᠦᠭᠰᠡᠨ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠢᠷᠡᠬᠦ 5 ᠵᠢᠯ ᠤᠨ ᠦᠪᠦᠷ ᠮᠤᠩᠭᠤᠯ ᠤᠨ ᠬᠦᠭᠵᠢᠯᠲᠠ ᠶᠢᠨ ᠠᠤᠭ᠎ᠠ ᠲᠦᠰᠦᠪ ᠢ ᠵᠢᠷᠤᠭᠯᠠᠪᠠ᠃ ᠪᠦᠬᠦ ᠤᠷᠤᠨ ᠤ ᠬᠢᠨ ᠶᠠᠭ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠭᠵᠢᠯᠲᠠ᠂ ᠠᠮᠢ ᠠᠬᠤᠢ ᠪᠠ ᠠᠷᠠᠳ ᠤᠨ ᠠᠮᠢᠳᠤᠷᠠᠯ ᠤᠨ ᠭᠤᠷᠪᠠᠨ ᠬᠤᠷᠢᠭ᠎ᠠ ᠱᠤᠭᠤᠮ ᠎ ᠢ ᠰᠠᠬᠢᠨ ᠪᠠᠷᠢᠮᠲᠠᠯᠠᠵᠤ᠂ ᠭᠠᠳᠠᠭᠠᠳᠦ ᠨᠡᠬᠡᠬᠡᠯᠲᠡ ᠶᠢ ᠪᠦᠬᠦ ᠲᠠᠯ᠎ᠠ ᠪᠠᠷ ᠦᠷᠭᠡᠳᠭᠡᠬᠦ ᠶᠢ ᠶᠡᠬᠡᠪᠡᠷ ᠬᠡᠷᠡᠭᠵᠢᠭᠦᠯᠤᠨ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ ᠬᠤᠲᠠ ᠶᠢᠨ ᠶᠠᠪᠤᠳᠠᠯ᠂ ᠤᠰᠤᠨ ᠠᠰᠢᠬᠯᠠᠯᠲᠠ᠂ ᠡᠨᠧᠷᠭᠢ᠂ ᠮᠡᠳᠡᠭᠡ ᠵᠠᠩᠭᠢ ᠴᠢᠮᠡᠭᠡ ᠬᠤᠯᠪᠤᠭ᠎ᠠ ᠵᠡᠷᠭᠡ ᠳᠤᠯᠤᠭᠠᠨ ᠲᠤᠤᠷᠵᠢᠯ ᠤᠨ ᠰᠢᠰᠲ᠋ᠧᠮᠵᠢ ᠢ ᠲᠦᠷᠭᠡᠳᠭᠡᠨ ᠪᠠᠶᠢᠭᠤᠯᠵᠤ᠂ ᠬᠦᠬᠡᠬᠤᠲᠠ ᠶᠢᠨ ᠤᠯᠤᠰ ᠤᠨ ᠳᠡᠰ ᠤᠨ ᠰᠢᠨ᠎ᠠ ᠲᠤᠭᠤᠷᠢᠭ ᠤᠨ ᠪᠦᠲᠦᠭᠡᠨ ᠪᠠᠶᠢᠭᠤᠯᠤᠯᠲᠠ ᠪᠠ ᠤᠶᠤᠨᠲᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ ᠠᠬᠢᠭᠤᠯᠵᠤ᠂ ᠲᠤᠮᠤ ᠳ᠋ᠠᠶᠢᠲ᠋ᠠ ᠪᠤᠯᠤᠨ ᠡᠭᠦᠯᠡᠨ ᠪᠤᠳᠤᠯᠲᠠ ᠶᠢᠨ ᠠᠵᠤ ᠦᠢᠯᠡᠰ ᠢ ᠶᠡᠬᠡᠪᠡᠷ ᠬᠦᠭᠵᠢᠭᠦᠯᠬᠦ ᠪᠠᠷ ᠪᠠᠶᠢᠨ᠎ᠠ᠃ ᠡᠨᠡ ᠨᠢ ᠮᠠᠨ ᠤ ᠬᠤᠶᠠᠷ ᠲᠠᠯ᠎ᠠ ᠳᠤ ᠨᠡᠩ ᠰᠠᠷᠠᠭᠤᠯ ᠬᠠᠮᠲᠤᠷᠠᠯᠴᠠᠭᠠᠨ ᠤ ᠢᠷᠡᠭᠡᠳᠦᠢ ᠶᠢ ᠠᠪᠴᠢᠷᠠᠬᠤ ᠪᠤᠯᠤᠨ᠎ᠠ ᠭᠡᠵᠠᠢ᠃      ᠯᠢ ᠵᠢᠢ ᠾᠧᠩ ᠢᠯᠡᠳᠬᠡᠭᠰᠡᠨ ᠨᠢ᠂ ᠰᠠᠨᠰᠠᠷ ᠤᠨ ᠠᠶᠠᠯᠠᠯ ᠤᠨ ᠰᠢᠨᠵᠢᠯᠠᠬᠦ ᠤᠬᠠᠭᠠᠨ ᠤ ᠠᠵᠦ ᠦᠢᠯᠡᠳᠪᠤᠷᠢ᠎ ᠶᠢᠨ ᠪᠦᠯᠦᠭᠯᠡᠯ ᠺᠤᠮᠫᠠᠨᠢ ᠥᠪᠤᠷ ᠮᠤᠩᠭᠤᠯ ᠲᠠᠢ ᠤᠯᠠᠨ ᠬᠦᠷᠢᠶᠡᠨ᠎ᠡ ᠪᠤᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠬᠢᠵᠤ᠂ ᠢᠯᠠᠩᠭᠤᠶ᠎ᠠ ᠪᠡᠭᠡᠵᠢᠩ ᠳᠤ ᠬᠤᠷᠠᠯᠳᠤᠭᠰᠠᠨ ᠥᠪᠤᠷ ᠮᠤᠩᠭᠤᠯ ᠤᠨ ᠲᠤᠮᠤ ᠳ᠋ᠠᠶᠢᠲ᠋ᠠ ᠶᠢᠨ ᠠᠵᠦ ᠦᠢᠯᠡᠰ ᠎ ᠤᠨ ᠲᠠᠨᠢᠯᠴᠠᠭᠤᠯᠭ᠎ᠠ ᠶᠢᠨ ᠶᠡᠭᠡ ᠬᠤᠷᠠᠯ ᠳᠡᠭᠡᠷ᠎ᠡ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠬᠦᠪᠴᠢ ᠵᠦᠪᠯᠡᠯᠴᠡᠭᠡᠷ ᠲᠤᠭᠲᠠᠵᠦ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠠᠭᠤᠷᠢ ᠶᠢ ᠤᠯᠠᠮ ᠪᠠᠬᠢᠵᠢᠭᠦᠯᠪᠡ᠃ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠠᠵᠦ ᠦᠢᠯᠡᠳᠪᠤᠷᠢ ᠶᠢᠨ ᠪᠦᠯᠦᠭᠯᠡᠯ ᠺᠤᠮᠫᠠᠨᠢ ᠶᠢᠨ ᠥᠪᠤᠷ ᠮᠤᠩᠭᠤᠯ ᠳᠠᠬᠢ ᠠᠵᠢᠯ ᠤᠨ ᠬᠡᠪᠴᠢᠶ᠎ᠡ ᠪᠠᠨ ᠲᠠᠰᠤᠷᠠᠯᠲᠠ ᠦᠭᠡᠢ ᠦᠷᠭᠡᠳᠭᠡᠵᠦ᠂ ᠬᠤᠶᠠᠷ ᠲᠠᠯ᠎ᠠ ᠶᠢᠨ ᠮᠡᠳᠡᠭᠡ ᠵᠠᠩᠭᠢ ᠶᠢᠨ ᠠᠵᠦ ᠦᠢᠯᠡᠰ᠂ ᠰᠢᠨ᠎ᠡ ᠮᠠᠲ᠋ᠧᠷᠢᠶᠠᠯ ᠢ ᠰᠤᠳᠤᠯᠤᠨ ᠨᠡᠬᠡᠬᠡᠬᠦ ᠪᠠ ᠬᠡᠷᠡᠭᠯᠡᠬᠦ ᠂ ᠲᠤᠨᠤᠭᠯᠠᠯ ᠦᠢᠯᠡᠳᠬᠦ ᠵᠡᠷᠭᠡ ᠬᠦᠷᠢᠶᠡᠨ ᠳᠠᠬᠢ ᠬᠠᠮᠳᠤᠷᠠᠯᠴᠠᠭ᠎ᠠ ᠪᠠᠨ ᠴᠢᠩᠭᠠᠳᠬᠠᠵᠦ᠂ ᠴᠡᠷᠢᠭ ᠠᠩᠬᠢ ᠤᠷᠤᠨ ᠨᠤᠲᠤᠭ ᠪᠤᠯᠤᠨ ᠴᠡᠷᠢᠭ ᠠᠷᠠᠳ ᠤᠨ ᠭᠡᠷᠡᠭᠯᠡᠭᠡ ᠶᠢᠨ ᠠᠭᠤᠰᠤᠯᠴᠠᠨ ᠬᠦᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ᠃ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠠᠷᠠᠯᠵᠢᠶ᠎ᠠ ᠡᠵᠡᠩᠨᠡᠬᠦ ᠲᠡᠷᠢᠭᠦᠨ ᠤ ᠤᠷᠴᠢᠨ ᠲᠤᠭᠤᠷᠢᠨ ᠢ ᠪᠤᠢ ᠪᠤᠯᠭᠠᠬᠤ ᠪᠠᠷ ᠬᠦᠴᠦᠯᠡᠵᠤ᠂ ᠰᠠᠨᠰᠠᠷ ᠤᠨ ᠠᠶᠠᠯᠠᠯ ᠎ ᠤᠨ ᠰᠢᠨᠵᠢᠯᠡᠬᠦ ᠤᠬᠠᠭᠠᠨ ᠤ ᠠᠵᠦ ᠦᠢᠯᠡᠳᠪᠤᠷᠢ ᠶᠢᠨ ᠪᠦᠯᠦᠭᠯᠡᠯ ᠺᠤᠮᠫᠠᠨᠢ ᠶᠢᠨ ᠥᠪᠤᠷ ᠮᠤᠩᠭᠤᠯ ᠳᠠᠬᠢ ᠬᠦᠭᠵᠢᠯᠲᠡ ᠶᠢ ᠪᠦᠬᠦ ᠬᠦᠴᠦᠨ ᠢᠶᠠᠷ ᠢᠶᠠᠨ ᠲᠡᠮᠵᠢᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠲᠠᠬᠢᠨ ᠰᠢᠨ᠎ᠡ ᠲᠡᠭᠲᠡᠷ ᠲᠤ ᠭᠠᠷᠬᠤ ᠶᠢ ᠠᠬᠢᠭᠤᠯᠤᠨ᠎ᠠ ᠬᠡᠵᠠᠢ᠃      ᠭᠤᠤ ᠬᠤᠩ ᠸᠧᠢ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠎ ᠤᠨ ᠤᠷᠳᠤᠨ ᠤ ᠤᠯᠠᠨ ᠵᠢᠯ ᠤᠨ ᠲᠤᠷᠰᠢᠳᠠ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠠᠵᠦ ᠦᠢᠯᠡᠳᠪᠤᠷᠢ ᠶᠢᠨ ᠪᠦᠯᠦᠭᠯᠡᠯ ᠺᠤᠮᠫᠠᠨᠢ ᠳᠤ ᠬᠦᠴᠦᠲᠠᠢ ᠲᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠵᠦ ᠪᠠᠶᠢᠬᠤ ᠪᠠᠨ ᠢᠯᠡᠳᠭᠡᠭᠰᠡᠨ ᠪᠦᠭᠡᠳ ᠠᠵᠦ ᠠᠬᠤᠢᠢᠯᠠᠯ ᠤᠨ ᠬᠦᠭᠵᠢᠯᠲᠡ ᠶᠢᠨ ᠪᠠᠶᠢᠳᠠᠯ ᠢᠶᠠᠨ ᠲᠦᠬᠦᠮ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠠᠵᠦ ᠦᠢᠯᠡᠳᠪᠤᠷᠢ ᠶᠢᠨ ᠪᠦᠯᠦᠭᠯᠡᠯ ᠺᠤᠮᠫᠠᠨᠢ ᠬᠡᠳᠦᠨ ᠮᠤᠵᠢ ᠳᠤ ᠤᠶᠤᠨᠳᠤ ᠠᠵᠦ ᠦᠢᠯᠡᠰ ᠤᠨ ᠪᠦᠲᠦᠭᠡᠨ ᠪᠠᠶᠢᠭᠤᠯᠤᠯᠲᠠ ᠳᠤ ᠤᠷᠤᠯᠴᠠᠭᠠᠳ ᠵᠤᠬᠢᠬᠤ ᠬᠡᠮᠵᠢᠶᠡᠨ ᠤ ᠲᠤᠷᠰᠢᠯᠭ᠎ᠠ ᠬᠤᠷᠠᠮᠳᠤᠭᠤᠯᠵᠤ᠂ ᠥᠪᠤᠷ ᠮᠤᠩᠭᠤᠯᠯ ᠤᠨ ᠪᠦᠲᠦᠭᠡᠨ ᠪᠠᠶᠢᠭᠤᠯᠤᠯᠲᠠ ᠪᠤᠯᠤᠨ ᠬᠦᠭᠵᠢᠯᠲᠡ ᠶᠢ ᠢᠲᠡᠪᠬᠢᠲᠠᠢ ᠪᠠᠷ ᠲᠡᠮᠵᠢᠵᠦ ᠬᠠᠮᠵᠢᠯᠴᠠᠨ᠎ᠠ᠃ ᠥᠪᠤᠷ ᠮᠤᠩᠭᠤᠯ ᠯᠤᠭ᠎ᠠ ᠤᠶᠤᠨᠳᠤ ᠠᠵᠦ ᠦᠢᠯᠡᠰ ᠤᠨ ᠬᠦᠷᠢᠶᠡᠨ ᠳᠤ ᠬᠠᠮᠲᠤᠷᠠᠯᠴᠠᠭ᠎ᠠ ᠬᠢᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠪᠦᠳᠦᠬᠦᠪᠴᠢ ᠵᠦᠪᠯᠡᠯᠴᠡᠭᠡᠷ ᠢ ᠴᠢᠨᠠᠭᠰᠢᠳᠠ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠪᠡ᠃      ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂ ᠥᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠠᠩ ᠵᠢᠶᠠᠨ ᠮᠢᠨ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠦᠸᠧ ᠶᠦᠩ ᠭᠠᠩ ᠠᠭᠤᠯᠵᠠᠯᠲᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号