ᠲᠡᠮᠦᠷ ᠵᠠᠮ ᠤᠨ ᠤᠲᠠᠰᠤ ᠪᠠᠷ ᠪᠢᠯᠧᠲ ᠵᠠᠬᠢᠶᠠᠯᠠᠬᠤ ᠴᠠᠭ ᠬᠤᠭᠤᠴᠠᠭ᠎ᠠ ᠶᠢ ᠲᠣᠬᠢᠷᠠᠭᠤᠯᠪᠠ
ᠨᠡᠶᠢᠲᠡᠯᠡᠭᠰᠡᠨ ᠴᠠᠭ᠄
2016/12/6
      ᠣᠶᠢᠷ᠎ᠠ ᠳᠤ᠂ ᠲᠡᠮᠦᠷ ᠵᠠᠮ ᠤᠨ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ 11 ᠳ᠋ᠦ᠋ᠭᠡᠷ ᠰᠠᠷ᠎ᠠ ᠶᠢᠨ 26᠎ ᠤ ᠡᠳᠦᠷ ᠠᠴᠠ ᠡᠬᠢᠯᠡᠨ᠂ ᠲᠡᠮᠦᠷ ᠵᠠᠮ ᠤᠨ ᠤᠲᠠᠰᠤ ᠪᠠᠷ ᠪᠢᠯᠧᠲ ᠵᠠᠬᠢᠶᠠᠯᠠᠬᠤ ᠴᠠᠭ ᠬᠤᠭᠤᠴᠠᠭ᠎ᠠ ᠶᠢ 6᠄00 — 23᠄00 ᠪᠣᠯᠭᠠᠨ ᠲᠣᠬᠢᠷᠠᠭᠤᠯᠪᠠ᠃      ᠣᠶᠢᠯᠠᠭᠠᠭᠰᠠᠨ ᠢᠶᠠᠷ᠂ ᠤᠲᠠᠰᠤ ᠪᠠᠷ ᠪᠢᠯᠧᠲ ᠵᠠᠬᠢᠶᠠᠯᠠᠬᠤ ᠶᠢ ᠵᠥᠪᠬᠡᠨ ᠲᠡᠷᠭᠡ ᠬᠥᠳᠡᠯᠬᠦ ᠠᠴᠠ ᠡᠮᠦᠨᠡᠬᠢ 4 ᠡᠳᠦᠷ ᠠᠴᠠ 60 ᠡᠳᠦᠷ ︵ᠲᠤᠰ ᠡᠳᠦᠷ ᠪᠠᠭᠲᠠᠨ᠎ᠠ︶᠎ ᠤᠨ ᠪᠢᠯᠧᠲ ᠢ ᠤᠷᠢᠳᠴᠢᠯᠠᠨ ᠵᠠᠬᠢᠶᠠᠯᠠᠬᠤ ᠶᠢ ᠬᠢᠵᠠᠭᠠᠷᠯᠠᠪᠠ᠂ ᠠᠶᠠᠨᠴᠢᠳ ᠰᠢᠭᠤᠳ 95105105 ᠤᠲᠠᠰᠤ ᠵᠠᠯᠭᠠᠵᠤ ᠪᠢᠯᠧᠲ ᠵᠠᠬᠢᠶᠠᠯᠠᠵᠤ ᠪᠣᠯᠤᠨ᠎ᠠ᠂ ᠤᠲᠠᠰᠤ ᠪᠠᠷ ᠪᠢᠯᠧᠲ ᠢᠶᠠᠨ ᠵᠠᠬᠢᠶᠠᠯᠠᠭᠰᠠᠨ ᠤ ᠳᠠᠷᠠᠭ᠎ᠠ᠂ ᠠᠶᠠᠨᠴᠢᠳ ᠪᠢᠯᠧᠲ ᠵᠠᠬᠢᠶᠠᠯᠠᠨ ᠲᠡᠷᠭᠡᠨ ᠳᠤ ᠰᠠᠭᠤᠬᠤ ᠬᠦᠮᠦᠨ ᠤ ᠬᠦᠴᠦᠨ ᠪᠦᠭᠦᠢ ᠪᠡᠶ᠎ᠡ ᠶᠢᠨ ᠦᠨᠡᠮᠯᠡᠯ ᠢᠶᠠᠷ ᠢᠶᠠᠨ ᠪᠦᠬᠦ ᠤᠯᠤᠰ ᠤᠨ ᠶᠠᠮᠠᠷᠪᠠ ᠨᠢᠭᠡᠨ ᠲᠡᠷᠭᠡᠨ ᠦᠷᠲᠡᠭᠡᠨ ᠤ ᠴᠣᠩᠬᠤᠪᠴᠢ ᠪᠤᠶᠤ ᠪᠢᠯᠧᠲ ᠣᠷᠣᠯᠠᠨ ᠬᠤᠳᠠᠯᠳᠤᠬᠤ ᠴᠢᠭ᠋ ᠲᠤ ᠬᠦᠷᠴᠦ ᠪᠢᠯᠧᠲ ᠢᠶᠠᠨ ᠠᠪᠴᠤ ᠪᠣᠯᠤᠨ᠎ᠠ᠃ ᠤᠲᠠᠰᠤ ᠪᠠᠷ ᠵᠠᠬᠢᠶᠠᠯᠠᠭᠰᠠᠨ ᠪᠢᠯᠧᠲ ᠢᠶᠠᠨ ᠠᠪᠬᠤ ᠴᠠᠭ ᠨᠢ ᠲᠤᠰ ᠡᠳᠦᠷ ᠤᠨ 12:00 ᠡᠮᠦᠨ᠎ᠡ ᠵᠠᠬᠢᠶᠠᠯᠠᠭᠰᠠᠨ ᠪᠠᠶᠢᠪᠠᠯ ᠳᠠᠷᠠᠭ᠎ᠠ ᠡᠳᠦᠷ ᠤᠨ 12:00᠎ ᠠᠴᠠ ᠡᠮᠦᠨ᠎ᠡ ᠵᠠᠬᠢᠶᠠᠯᠠᠭᠰᠠᠨ ᠪᠢᠯᠧᠲ ᠢᠶᠠᠨ ᠠᠪᠬᠤ ᠬᠡᠷᠡᠭᠲᠡᠢ︔ ᠲᠤᠰ ᠡᠳᠦᠷ ᠤᠨ 12᠄ 00᠎ ᠠᠴᠠ ᠬᠤᠶᠢᠰᠢ ᠵᠠᠬᠢᠶᠠᠯᠠᠭᠰᠠᠨ ᠪᠢᠯᠧᠲ ᠢᠶᠠᠨ ᠳᠠᠷᠠᠭ᠎ᠠ ᠡᠳᠦᠷ ᠤᠨ 24᠄00᠎ ᠠᠴᠠ ᠡᠮᠦᠨ᠎ᠡ ᠠᠪᠬᠤ ᠬᠡᠷᠡᠭᠲᠡᠢ᠂ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠪᠢᠯᠧᠲ ᠢᠶᠠᠨ ᠠᠪᠬᠤ ᠦᠭᠡᠢ ᠪᠣᠯ ᠵᠠᠬᠢᠶᠠᠯᠠᠭ᠎ᠠ ᠶᠢᠨ ᠬᠠᠭᠤᠳᠠᠰᠤ ᠶᠢ ᠬᠦᠴᠦᠨ ᠦᠭᠡᠶ ᠪᠣᠯᠭᠠᠨ᠎ᠠ᠂ ᠪᠢᠯᠧᠲ ᠢᠶᠠᠨ ᠠᠪᠬᠤ ᠦᠶᠡᠰ ᠡᠷᠬᠡᠪᠰᠢ ᠪᠣᠳᠠᠲᠠᠶ ᠲᠡᠷᠭᠡᠨ ᠳᠤ ᠰᠠᠭᠤᠬᠤ ᠬᠥᠮᠦᠨ ᠤ ᠪᠡᠶ᠎ᠡ ᠶᠢᠨ ᠦᠨᠡᠮᠯᠡᠯ ︵ᠤᠭ ᠮᠠᠲ᠋ᠧᠷᠢᠶᠠᠯ ᠪᠤᠶᠤ ᠬᠠᠭᠤᠯᠪᠤᠷᠢ ᠮᠠᠲ᠋ᠧᠷᠢᠶᠠᠯ︶ ᠵᠢᠴᠢ ᠵᠠᠬᠢᠶᠠᠯᠠᠭ᠎ᠠ ᠶᠢᠨ ᠳ᠋ᠤᠭᠠᠷ ᠢᠶᠠᠷ ᠢᠶᠠᠨ ᠭᠦᠢᠴᠡᠳᠬᠡᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号