12 ᠳ᠋ᠤᠭᠠᠷ ᠰᠠᠷ᠎ᠠ ᠶᠢᠨ 1 ᠤ ᠡᠳᠦᠷ ᠪᠣᠯ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ | ᠮᠡᠳᠡᠭᠦᠯᠬᠦ ᠠᠩᠬᠠᠨ ᠤ ᠡᠳᠦᠷ ᠪᠤᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠤᠨ ᠬᠤᠯᠪᠣᠭᠳᠠᠯ ᠪᠦᠭᠦᠢ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ 2017 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠭᠤᠷᠪᠠᠨ | ᠬᠤᠪᠢᠷᠠᠯᠲᠠ ᠲᠠᠢ ᠭᠡᠵᠡᠢ᠃ | 2017 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠠᠴᠠ ᠪᠡᠶ᠎ᠡ ᠶᠢᠨ ᠲᠠᠮᠢᠷ ᠤᠨ ᠲᠥᠷᠥᠯ ᠤᠨ | ᠰᠢᠯᠭᠠᠭᠤᠯᠤᠭᠰᠠᠳ ᠤᠨ ᠲᠤᠰᠬᠠᠶ ᠵᠦᠢᠯ ᠤᠨ ᠰᠢᠯᠭᠠᠯᠲᠠ ᠶᠢ ᠨᠢᠭᠡᠳᠦᠯᠲᠡᠢ ᠵᠤᠬᠢᠶᠠᠨ ᠪᠠᠶᠢᠭᠤᠯᠬᠤ ᠦᠭᠡᠢ᠂ ᠵᠦᠪᠬᠡᠨ | ᠬᠡᠪ ᠴᠢᠨᠠᠷ ᠤᠨ ᠰᠢᠯᠭᠠᠯᠲᠠ ᠶᠢ ᠯᠡ ᠨᠢᠭᠡᠳᠦᠯᠲᠡᠢ ᠵᠤᠬᠢᠶᠠᠨ ᠪᠠᠶᠢᠭᠤᠯᠤᠨ᠎ᠠ᠂ ᠭᠡᠪᠡᠴᠦ ᠶᠡᠭᠡ ᠳᠡᠭᠡᠳᠦ | ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠦᠶ᠎ᠡ ᠳᠤ᠂ ᠪᠡᠶ᠎ᠡ ᠶᠢᠨ ᠲᠠᠮᠢᠷ ᠤᠨ ᠲᠥᠷᠥᠯ ᠤᠨ | ᠰᠢᠯᠭᠠᠭᠤᠯᠤᠭᠰᠠᠳ ᠮᠥᠨ ᠯᠡ ᠲᠤᠰᠬᠠᠶ ᠵᠦᠢᠯ ᠢ ᠰᠤᠩᠭᠤᠵᠤ᠂ ᠡᠯᠰᠡᠭᠳᠡᠬᠦ ᠦᠶ᠎ᠡ ᠳᠤ ᠡᠯᠰᠡᠬᠦ ᠰᠤᠷᠭᠠᠭᠤᠯᠢ ᠳᠤ | ᠥᠭᠴᠦ ᠯᠠᠪᠯᠠᠯᠲᠠ ᠪᠤᠯᠭᠠᠨ᠎ᠠ᠃ | ᠳᠠᠭᠤᠤ ᠬᠥᠭᠵᠢᠮ ᠤᠨ ᠲᠥᠷᠥᠯ ᠤᠨ ᠰᠢᠯᠭᠠᠭᠤᠯᠤᠭᠰᠠᠳ ᠨᠡᠷ᠎ᠡ ᠮᠡᠳᠡᠭᠦᠯᠬᠦ ᠦᠶ᠎ᠡ ᠳᠤ᠂ ᠥᠪᠡᠷᠲᠡᠭᠡᠨ | ᠵᠠᠰᠠᠬᠤ ᠣᠷᠣᠨ ᠠᠴᠠ ᠨᠢᠭᠡᠳᠦᠯᠲᠡᠶ ᠨᠣᠲ ᠬᠠᠩᠭᠠᠵᠤ᠂ ᠬᠡᠷᠪᠡ ᠲᠤᠰ ᠬᠥᠮᠦᠨ ᠤ ᠲᠤᠭᠯᠠᠯᠲᠠ ᠶᠢᠨ ᠠᠶ᠎ᠠ ᠨᠢ | ᠭᠠᠷᠴᠠᠭ ᠳᠣᠲᠣᠷ᠎ᠠ ᠪᠠᠶᠢᠬᠤ ᠦᠭᠡᠢ ᠪᠤᠯ ᠰᠠᠶ᠋ᠢ ᠲᠤᠭᠯᠠᠯᠲᠠ ᠶᠢᠨ ᠠᠶ᠎ᠠ ᠳᠤ ᠬᠠᠷᠠᠭᠠᠯᠵᠠᠭᠰᠠᠨ ᠨᠣᠲ ᠤᠨ ᠵᠢᠷᠤᠭ ᠢ | ᠰᠦᠯᠵᠢᠶᠡᠨ ᠳᠡᠭᠡᠷ᠎ᠡ ᠳᠠᠮᠵᠢᠭᠤᠯᠵᠤ ᠪᠣᠯᠤᠨ᠎ᠠ᠃ | ᠬᠡᠷᠪᠡ ᠠᠳᠠᠯᠢ ᠨᠢᠭᠡᠨ ᠰᠢᠯᠭᠠᠭᠤᠯᠤᠭᠰᠠᠳ ᠤᠨ ᠰᠤᠩᠭᠤᠭᠰᠠᠨ ᠪᠤᠶᠤ ᠰᠦᠯᠵᠢᠶᠡᠨ ᠳᠤ ᠳᠠᠮᠵᠢᠭᠤᠯᠤᠭᠰᠠᠨ | ᠲᠤᠭᠯᠠᠯᠲᠠ ᠶᠢᠨ ᠠᠶ᠎ᠠ ᠶᠢᠨ ᠨᠣᠲ ᠨᠢ ᠠᠳᠠᠯᠢ ᠨᠣᠲ ᠪᠤᠯᠬᠤ᠂ ᠨᠡᠷ᠎ᠡ ᠮᠡᠳᠡᠭᠦᠯᠬᠦ ᠰᠢᠰᠲ᠋ᠧᠮ ᠳᠣᠲᠣᠷ᠎ᠠ ᠨᠢᠭᠡᠨᠲᠡ | ᠪᠠᠶᠢᠭ᠎ᠠ ᠨᠣᠲ ᠶᠢ ᠰᠦᠯᠵᠢᠶᠡᠨ ᠳᠤ ᠳᠠᠮᠵᠢᠭᠤᠯᠤᠭᠰᠠᠨ᠂ ᠰᠦᠯᠵᠢᠶᠡᠨ ᠳᠤ ᠳᠠᠮᠵᠢᠭᠤᠯᠤᠭᠰᠠᠨ ᠲᠤᠭᠯᠠᠯᠲᠠ ᠶᠢᠨ ᠠᠶ᠎ᠠ | ᠨᠣᠲ ᠨᠢ ᠰᠢᠯᠭᠠᠭᠤᠯᠤᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ ᠯᠡᠪᠡᠷᠡᠭᠦᠯᠦᠭᠰᠡᠨ ᠪᠤᠶᠤ ᠢᠯᠡ ᠲᠣᠳᠣᠷᠬᠠᠶ | ᠳᠡᠮᠳᠡᠭ ᠲᠠᠯᠪᠢᠭᠰᠠᠨ ᠵᠡᠷᠭᠡ ᠰᠢᠯᠭᠠᠯᠲᠠ ᠶᠢᠨ ᠡᠷᠬᠡ ᠲᠡᠭᠰᠢ ᠲᠥᠪ ᠭᠤᠣᠯᠴᠢ ᠪᠠᠶᠢᠬᠤ ᠶᠢ ᠵᠥᠷᠢᠴᠡᠭᠰᠡᠨ ᠪᠠᠶᠢᠳᠠᠯ | ᠲᠠᠢ ᠪᠠᠶᠢᠪᠠᠯ ᠳᠠᠭᠤᠤ ᠬᠥᠭᠵᠢᠮ ᠤᠨ ᠲᠥᠷᠥᠯ ᠤᠨ ᠨᠢᠭᠡᠳᠦᠯᠲᠡᠶ ᠰᠢᠯᠭᠠᠯᠲᠠ ᠳᠤ ᠤᠷᠤᠯᠴᠠᠬᠤ ᠬᠢᠷᠢ ᠬᠡᠮ ᠢ ᠨᠢ | ᠬᠠᠰᠤᠨ᠎ᠠ᠃ | ᠣᠷᠣᠨ ᠤ ᠳᠣᠲᠣᠷᠠᠬᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠰ ᠢᠶᠠᠷ ᠢᠶᠠᠨ | ᠰᠤᠷᠤᠭᠴᠢ ᠡᠯᠰᠡᠬᠦ ᠳᠤ ᠤᠷᠤᠯᠴᠠᠬᠤ ᠰᠢᠯᠭᠠᠭᠤᠯᠤᠭᠰᠠᠳ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ | ᠨᠡᠷ᠎ᠡ ᠮᠡᠳᠡᠭᠦᠯᠬᠦ ᠳᠤ ᠤᠷᠤᠯᠴᠠᠬᠤ ᠠᠴᠠ ᠭᠠᠳᠠᠨ᠎ᠠ ᠪᠠᠰᠠ ᠲᠣᠭᠲᠠᠭᠰᠠᠨ ᠴᠠᠭ ᠤᠨ ᠳᠣᠲᠣᠷ᠎ᠠ ᠥᠪᠥᠷ ᠮᠣᠩᠭᠤᠯ ᠤᠨ | ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠭᠠᠷᠴᠦ᠂ ᠨᠡᠷ᠎ᠡ ᠮᠡᠳᠡᠭᠦᠯᠦᠨ | ᠰᠢᠯᠭᠠᠭᠤᠯᠬᠤ ᠶᠡᠭᠡ ᠰᠤᠷᠭᠠᠭᠤᠯᠢ ᠶᠢᠨ ᠮᠡᠳᠡᠭᠡ ᠵᠠᠩᠭᠢ ᠶᠢᠨ ᠬᠦᠰᠦᠨᠦᠭᠲᠦ ᠶᠢ ᠲᠠᠭᠯᠠᠬᠤ ᠬᠡᠷᠡᠭᠲᠡᠢ᠃ |