ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2016/12/7
               ᠥᠪᠥᠷ ᠵᠠᠰᠠᠭ ᠠᠯᠪᠠᠨ ᠲᠠᠷᠬᠠᠭᠠᠭᠰᠠᠨ ﹇2016﹈ 49 ᠳ᠋ᠤᠭᠡᠷ ᠲᠤᠭᠠᠳᠤ                      2016 ᠣᠨ ᠤ 4 ᠳ᠋ᠤᠭᠡᠷ ᠰᠠᠷ᠎ᠠ ᠶᠢᠨ 30᠎ ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠵᠠᠬ᠎ᠠ ᠳᠡᠯᠭᠡᠭᠦᠷ ᠤᠨ ᠠᠵᠤ ᠠᠬᠤᠢ ᠶᠢᠨ ᠵᠢᠮ᠎ᠡ ᠶᠣᠰᠣ ᠳᠤ ᠵᠣᠬᠢᠴᠠᠭᠰᠠᠨ ᠰᠢᠨ᠎ᠡ ᠬᠡᠯᠪᠡᠷᠢ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠪᠠᠳᠤᠯᠠᠭ᠎ᠠ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠢ ᠪᠠᠭᠤᠷᠠᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ ᠲᠤᠰᠠᠲᠠ᠂ ︽ᠪᠥᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ︾᠂ ︽ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠠᠵᠢᠯ ᠢ ᠦᠷᠨᠢᠭᠦᠯᠬᠦ ᠲᠤᠬᠠᠢ ᠲᠦᠷᠥ ᠶᠢᠨ ᠶᠠᠪᠤᠳᠠᠯ ᠤᠨ ᠬᠤᠷᠢᠶ᠎ᠠ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠠᠯᠪᠠᠨ ᠭᠡᠷ    ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ    ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠵᠢᠯᠣᠭᠤᠳᠬᠤ ᠰᠠᠨᠠᠯ︾ ︵ᠢᠳᠡᠭᠡᠨ ᠠᠮᠤᠷ ᠠᠯᠪᠠᠨ ﹇2015﹈ 1 ᠳ᠋ᠤᠭᠡᠷ ᠲᠣᠭᠠᠲᠤ︶ ᠪᠠ ︽ᠣᠳᠣ ᠦᠶ᠎ᠡ ᠶᠢᠨ ᠳᠠᠭᠠᠳᠬᠠᠯ ᠤᠨ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠦᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2014﹈ 122 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠮᠠᠨ ᠤ ᠣᠷᠣᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠠᠵᠢᠯ ᠤᠨ ᠪᠣᠳᠠᠲᠠᠢ ᠲᠠᠢ ᠤᠶᠠᠯᠳᠤᠭᠤᠯᠤᠨ᠂ ᠡᠳᠦᠭᠡ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠠᠵᠢᠯ ᠳᠤ ᠳᠣᠣᠷᠠᠬᠢ ᠮᠠᠳᠤ ᠰᠠᠨᠠᠯ ᠢ ᠳᠤᠷᠠᠳᠪᠠ᠃      ᠨᠢᠭᠡ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠦᠷᠨᠢᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ      ᠰᠢ ᠶᠢᠨ ᠫᠢᠩ ᠶᠡᠷᠦᠩᠬᠡᠢ ᠱᠦᠵᠢ ᠠᠴᠠ ᠠᠷᠠᠳ ᠲᠦᠮᠡᠨ ᠢᠶᠠᠷ ᠭᠤᠣᠯᠯᠠᠭᠰᠠᠨ ᠬᠦᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠨ᠂ ᠨᠠᠮ ᠵᠠᠰᠠᠭ ᠬᠠᠮᠲᠤ ᠪᠠᠷ ᠬᠠᠷᠢᠭᠤᠴᠠᠬᠤ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠠᠴᠠ ᠨᠢ ᠵᠡᠷᠭᠡᠪᠡᠷ ᠵᠠᠰᠠᠬᠤ ᠶᠢ ᠪᠠᠷᠢᠮᠲᠠᠯᠠᠵᠤ᠂ ᠨᠢᠭᠡᠳᠦᠯᠲᠡᠢ ᠲᠦᠯᠦᠪᠯᠡᠨ ᠵᠣᠬᠢᠴᠠᠭᠤᠯᠬᠤ ᠶᠢ ᠴᠢᠩᠭᠠᠳᠬᠠᠨ᠂ ᠨᠢᠭᠡᠳᠦᠯᠲᠡᠢ ᠡᠷᠬᠡ ᠰᠦᠷᠲᠡᠢ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠪᠣᠯᠣᠨ ᠳᠦᠷᠢᠮ ᠢ ᠲᠦᠷᠭᠡᠳᠭᠡᠨ ᠲᠡᠭᠦᠯᠳᠡᠷᠵᠢᠭᠦᠯᠵᠦ᠂ ︽ᠳᠦᠷᠪᠡᠨ ᠬᠠᠮᠤᠭ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠪᠤᠷᠢᠯᠠᠪᠠ᠃ ᠣᠳᠣᠬᠠᠨ ᠳᠤ᠂ ᠮᠠᠨ ᠤ ᠤᠯᠤᠰ ᠶᠠᠭ ᠢᠳᠡᠭᠡᠨ ᠤ ᠵᠦᠢᠯ ᠤᠨ ᠠᠮᠤᠷ ᠲᠦᠪᠰᠢᠨ ᠤ ᠵᠥᠷᠢᠴᠡᠯ ᠮᠦᠷᠭᠦᠯᠳᠦᠭᠡᠨ ᠳᠣᠪᠤᠶᠢᠮ᠎ᠠ ᠢᠯᠡᠷᠡᠬᠦ ᠬᠤᠭᠤᠴᠠᠭ᠎ᠠ ᠪᠠ ᠠᠳᠡᠯ ᠠᠮᠠᠷᠬᠠᠨ ᠭᠠᠷᠬᠤ ᠬᠤᠭᠤᠴᠠᠭᠠᠨ ᠳᠤ ᠣᠷᠤᠰᠢᠵᠤ ᠪᠣᠢ᠃ ᠢᠳᠡᠭᠡᠨ ᠤ ᠵᠦᠢᠯ ᠤᠨ ᠠᠮᠤᠷ ᠲᠦᠪᠰᠢᠨ ᠤ ᠠᠳᠡᠯ ᠨᠢ ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠠᠨᠳᠤ ᠪᠠ ᠨᠡᠶᠢᠭᠡᠮ ᠤᠨ ᠲᠣᠭᠲᠠᠭᠤᠨ ᠢ ᠬᠤᠬᠢᠷᠠᠭᠤᠯᠬᠤ ᠪᠣᠯᠣᠨ᠎ᠠ᠂ ᠢᠯᠠᠩᠭᠤᠶ᠎ᠠ ᠵᠠᠷᠢᠮ ᠠᠳᠡᠯ ᠳᠤ ᠭᠡᠨᠡᠳᠡᠭᠰᠡᠳ ᠳᠠᠷᠦ᠋ᠢᠬᠠᠨ ᠲᠦᠯᠦᠪᠦᠷᠢ ᠣᠯᠬᠤ ᠶᠢᠨ ᠠᠷᠭ᠎ᠠ ᠦᠭᠡᠢ ᠪᠤᠯᠪᠠᠯ᠂ ᠨᠡᠶᠢᠭᠡᠮ ᠤᠨ ᠵᠦᠷᠢᠴᠡᠯ ᠮᠦᠷᠭᠦᠯᠳᠦᠭᠡᠨ ᠬᠢᠯᠪᠠᠷ ᠡᠭᠦᠰᠬᠦ ᠪᠣᠯᠣᠨ᠎ᠠ᠃ ᠨᠡᠶᠢᠭᠡᠮ ᠢᠶᠠᠷ ᠢᠶᠠᠨ ᠬᠠᠮᠳᠤ ᠪᠠᠷ ᠵᠠᠰᠠᠬᠤ ᠶᠢ ᠦᠨᠡᠨᠬᠦ ᠴᠢᠩᠭᠠᠳᠬᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠲᠦ ᠴᠢᠨᠠᠷᠲᠠᠢ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠳᠠᠭᠠᠳᠬᠠᠯ ᠤᠨ ᠲᠣᠭᠲᠠᠴᠠ ᠶᠢ ᠢᠳᠡᠭᠡᠨ ᠤ ᠵᠦᠢᠯ ᠤᠨ ᠠᠮᠤᠷ ᠲᠦᠪᠰᠢᠨ ᠤ ᠠᠳᠡᠯ ᠢ ᠰᠡᠷᠭᠡᠶᠢᠯᠡᠬᠦ ᠪᠠ ᠰᠢᠢᠳᠪᠦᠷᠢᠯᠡᠬᠦ ᠳᠤ ᠲᠠᠲᠠᠨ ᠣᠷᠣᠭᠤᠯᠬᠤ ᠨᠢ ᠴᠢᠬᠤᠯᠠ ᠠᠴᠢ ᠬᠤᠯᠪᠣᠭᠳᠠᠯ ᠲᠠᠢ ᠪᠠᠶᠢᠨ᠎ᠠ᠃      2015 ᠣᠨ ᠳᠤ ᠪᠦᠬᠦ ᠣᠷᠣᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠠᠵᠢᠯ ᠢ ᠦᠷᠨᠢᠭᠦᠯᠦᠭᠰᠡᠨ ᠠᠴᠠ ᠨᠠᠰᠢ᠂ ᠰᠠᠶᠢᠨ ᠰᠠᠶᠢᠬᠠᠨ ᠨᠡᠶᠢᠭᠡᠮ ᠤᠨ ᠦᠷ᠎ᠡ ᠠᠰᠢᠭ ᠢ ᠣᠯᠵᠤ᠂ ᠡᠯᠪᠡᠭ ᠪᠠᠶᠠᠯᠢᠭ ᠠᠵᠢᠯ ᠤᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ ᠦᠢᠯᠡᠳᠦᠯᠭᠡ ᠭᠡᠷᠡᠴᠢᠯᠡᠭᠰᠡᠨ ᠨᠢ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠦᠷᠨᠢᠭᠦᠯᠬᠦ ᠪᠠᠷ ᠳᠠᠮᠵᠢᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠦᠭᠰᠢᠭᠦᠷᠢ ᠪᠠ ᠢᠳᠡᠭᠡᠨ ᠤ ᠵᠦᠢᠯ ᠤᠨ ᠠᠮᠤᠷ ᠲᠦᠪᠰᠢᠨ ᠤ ᠠᠳᠡᠯ ᠢ ᠰᠢᠢᠳᠪᠦᠷᠢᠯᠡᠬᠦ ᠳᠠᠷᠤᠯᠲᠠ ᠶᠢ ᠵᠠᠶᠢᠳᠠᠭᠤᠯᠬᠤ ᠪᠠ ᠰᠢᠯᠵᠢᠭᠦᠯᠬᠦ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠬᠤ ᠳᠤ ᠠᠰᠢᠭᠲᠠᠢ ᠪᠣᠯᠣᠨ᠎ᠠ︔ ᠢᠳᠡᠭᠡᠨ ᠤ ᠵᠦᠢᠯ ᠤᠨ ᠠᠮᠤᠷ ᠲᠦᠪᠰᠢᠨ ᠤ ᠠᠳᠡᠯ ᠳᠤ ᠭᠡᠨᠡᠲᠡᠭᠰᠡᠳ ᠳᠠᠷᠦ᠋ᠢᠬᠠᠨ ᠠᠵᠤ ᠠᠬᠤᠢ ᠶᠢᠨ ᠨᠦᠬᠦᠪᠦᠷᠢ ᠣᠯᠬᠤ᠂ ᠣᠯᠠᠨ ᠲᠦᠮᠡᠨ ᠤ ᠠᠰᠢᠭ ᠲᠤᠰᠠ ᠶᠢ ᠪᠠᠲᠤᠯᠠᠬᠤ ᠳᠤ ᠠᠰᠢᠭᠲᠠᠢ ᠪᠣᠯᠣᠨ᠎ᠠ︔ ᠨᠡᠶᠢᠭᠡᠮ ᠤᠨ ᠬᠠᠮᠢᠶᠠᠷᠤᠯᠲᠠ ᠳᠠᠬᠢ ᠳᠠᠭᠠᠳᠬᠠᠯ ᠤᠨ ᠲᠣᠭᠲᠠᠴᠠ ᠶᠢᠨ ᠴᠢᠳᠠᠮᠵᠢ ᠶᠢ ᠪᠠᠳᠠᠷᠠᠭᠤᠯᠬᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠠᠳᠡᠯ ᠠᠴᠠ ᠪᠣᠯᠣᠭᠰᠠᠨ ᠨᠡᠶᠢᠭᠡᠮ ᠤᠨ ᠵᠦᠷᠢᠴᠡᠯ ᠵᠢᠭᠤᠷᠠᠯᠳᠤᠭᠠᠨ ᠢ ᠠᠷᠢᠯᠭᠠᠬᠤ ᠦᠢᠯᠡᠳᠦᠯ ᠢ ᠪᠠᠳᠠᠷᠠᠭᠤᠯᠬᠤ ᠂ ᠣᠯᠠᠨ ᠨᠡᠶᠢᠲᠡᠴᠢ ᠴᠢᠨᠠᠷᠲᠠᠢ ᠬᠡᠷᠡᠭ ᠶᠠᠪᠤᠳᠠᠯ ᠭᠠᠷᠬᠤ ᠠᠴᠠ ᠵᠠᠶᠢᠯᠠᠰᠬᠢᠬᠦ ᠪᠣᠶᠣ ᠰᠡᠷᠭᠡᠶᠢᠯᠡᠨ ᠡᠵᠡᠮᠰᠢᠬᠦ ᠳᠤ ᠠᠰᠢᠭᠲᠠᠢ ᠪᠣᠯᠣᠨ᠎ᠠ︔ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠯᠲᠠ ᠶᠢ ᠲᠦᠷᠭᠡᠳᠭᠡᠬᠦ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠰᠢᠯᠢᠳᠡᠭᠵᠢᠭᠦᠯᠬᠦ᠂ ᠨᠡᠶᠢᠭᠡᠮ ᠤᠨ ᠵᠠᠰᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ᠂ ᠢᠳᠡᠭᠡᠨ ᠤ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠠᠰᠢᠭᠲᠠᠢ ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠦᠷᠨᠢᠭᠦᠯᠬᠦ ᠴᠢᠬᠤᠯᠠ ᠠᠴᠢ ᠬᠤᠯᠪᠣᠭᠳᠠᠯ ᠪᠠ ᠢᠳᠡᠪᠬᠢ ᠦᠢᠯᠡᠳᠦᠯ ᠢ ᠭᠦᠢᠴᠡᠳ ᠲᠠᠨᠢᠵᠤ᠂ ︽ᠲᠠᠪᠣᠨ ᠶᠡᠭᠡ ᠬᠦᠭᠵᠢᠯᠲᠡ ᠶᠢᠨ ᠣᠨᠣᠯᠵᠢᠬᠤᠨ︾ ᠪᠠ ︽ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ︾᠎ ᠶᠢᠨ ᠡᠭᠦᠷᠭᠡ ᠶᠢᠨ ᠱᠠᠭᠠᠷᠳᠠᠯᠭ᠎ᠠ ᠶᠢ ᠢᠳᠡᠪᠬᠢᠲᠡᠢ ᠦᠢᠯᠡᠳᠦᠯᠭᠡᠵᠢᠭᠦᠯᠦᠨ᠂ ᠲᠤᠰ ᠭᠠᠵᠠᠷ ᠣᠷᠣᠨ᠂ ᠲᠣᠰ ᠰᠠᠯᠭ᠎ᠠ ᠮᠦᠴᠢᠷ ᠤᠨ ᠢᠶᠠᠨ ᠪᠣᠳᠠᠲᠠᠢ ᠲᠠᠢ ᠤᠶᠠᠯᠳᠤᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠢᠳᠡᠪᠬᠢᠲᠡᠢ ᠠᠬᠢᠭᠤᠯᠵᠤ᠂ ᠳᠠᠭᠠᠳᠬᠠᠯ ᠤᠨ ᠲᠦᠭᠰᠢᠭᠦᠷᠢ ᠶᠢᠨ ᠡᠵᠡᠮᠰᠢᠯ ᠪᠠ ᠨᠡᠶᠢᠭᠡᠮ ᠤᠨ ᠬᠠᠮᠢᠶᠠᠷᠤᠯᠲᠠ ᠶᠢᠨ ᠴᠢᠳᠠᠮᠵᠢ ᠶᠢ ᠰᠠᠶᠢᠨ ᠰᠠᠶᠢᠬᠠᠨ ᠢᠶᠠᠷ ᠬᠡᠷᠡᠭᠯᠡᠵᠦ᠂ ᠵᠠᠰᠠᠭ ᠤᠨ ᠣᠷᠳᠣᠨ᠂ ᠳᠠᠭᠠᠳᠬᠠᠯ ᠤᠨ ᠪᠠᠶᠢᠭᠤᠯᠤᠮᠵᠢ᠂ ᠠᠵᠤ ᠠᠬᠤᠶᠢᠯᠠᠯ᠂ ᠬᠡᠷᠡᠭᠯᠡᠭᠴᠢᠳ ᠵᠡᠷᠭᠡ ᠣᠯᠠᠨ ᠲᠠᠯ᠎ᠠ ᠪᠠᠷ ᠣᠷᠣᠯᠴᠠᠭᠰᠠᠨ᠂ ᠬᠠᠷᠢᠯᠴᠠᠨ ᠦᠢᠯᠡᠳᠦᠯᠴᠡᠵᠦ ᠬᠠᠮᠳᠤ ᠪᠠᠷ ᠠᠰᠢᠭ ᠣᠯᠬᠤ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠪᠠ ᠲᠦᠭᠰᠢᠭᠦᠷᠢ ᠶᠢ ᠰᠡᠷᠭᠡᠶᠢᠯᠡᠨ ᠡᠵᠡᠮᠰᠢᠬᠦ ᠲᠣᠭᠲᠠᠴᠠ ᠶᠢ ᠪᠠᠶᠢᠭᠤᠯᠵᠤ᠂ ᠬᠠᠮᠤᠭ ᠶᠡᠭᠡ ᠬᠡᠮᠵᠢᠶ᠎ᠡ ᠪᠠᠷ ᠠᠷᠠᠳ ᠣᠯᠠᠨ ᠤ ᠤᠤᠭᠤᠵᠦ ᠢᠳᠡᠬᠦ ᠳᠤ ᠨᠡᠩ ᠠᠮᠤᠷ ᠲᠦᠪᠰᠢᠨ᠂ ᠨᠡᠩ ᠰᠠᠨᠠᠭ᠎ᠠ ᠵᠣᠪᠠᠭ᠋ᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃      ᠬᠤᠶᠠᠷ᠂ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠭᠴᠢᠳ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ      ᠪᠦᠬᠦ ᠣᠷᠣᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠦᠭᠡᠳ ᠯᠠᠪᠳᠠᠭᠤᠨ ᠢᠶᠠᠷ ᠠᠬᠢᠭᠤᠯᠵᠤ᠂ ᠣᠯᠠᠨ ᠡᠰᠢᠲᠦ ᠬᠠᠷᠢᠭᠤᠴᠠᠯᠭ᠎ᠠ ᠭᠦᠢᠴᠡᠳᠭᠡᠬᠦ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠭᠴᠢᠳ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃ ᠦᠢᠯᠡᠳᠪᠦᠷᠢᠯᠡᠨ ᠡᠵᠡᠩᠨᠡᠭᠴᠢᠳ ᠢ ᠰᠢᠮᠳᠠᠭᠤᠯᠤᠨ ︽ᠪᠦᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ︾ ᠵᠢᠴᠢ ᠬᠡᠷᠡᠭᠵᠢᠭᠦᠯᠬᠦ ᠳᠦᠷᠢᠮ ᠵᠡᠷᠭᠡ ᠬᠠᠤᠯᠢ ᠲᠣᠭᠲᠠᠭᠠᠯ ᠢ ᠬᠢᠨᠠᠮᠠᠭᠠᠢ ᠰᠤᠷᠤᠯᠴᠠᠭᠤᠯᠵᠤ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠤᠬᠠᠭᠤᠯᠤᠨ ᠲᠤᠤᠱᠯᠠᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠰᠤᠷᠤᠯᠴᠠᠨ ᠪᠣᠯᠪᠠᠰᠤᠷᠠᠭᠤᠯᠬᠤ ᠪᠠᠨ ᠴᠢᠩᠭᠠᠷᠠᠭᠤᠯᠵᠤ᠂ ᠬᠠᠤᠯᠢ ᠲᠣᠭᠲᠠᠭᠠᠯ ᠢ ᠠᠵᠢᠯᠲᠠᠨ ᠠᠵᠢᠯᠴᠢᠨ ᠪᠦᠬᠦᠨ ᠳᠤ ᠤᠬᠠᠭᠤᠯᠤᠨ ᠲᠣᠣᠱᠯᠠᠭᠤᠯᠵᠤ᠂ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠲᠡᠳᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠶᠠᠰᠤ ᠴᠢᠨᠠᠷ ᠤᠨ ᠦᠵᠡᠯ ᠤᠬᠠᠮᠰᠠᠷ ᠢ ᠨᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠶᠠᠰᠤ ᠴᠢᠨᠠᠷ ᠪᠣᠯ ᠰᠠᠭᠤᠷᠢ᠂ ᠠᠮᠤᠷ ᠲᠦᠪᠰᠢᠨ ᠪᠣᠯ ᠬᠢᠵᠠᠭᠠᠷ ᠱᠣᠭᠤᠮ ᠭᠡᠬᠦ ᠣᠨᠣᠯᠵᠢᠬᠤᠨ ᠢ ᠪᠠᠲᠤ ᠪᠣᠢ ᠪᠣᠯᠭᠠᠨ᠂ ᠢᠳᠡᠭᠡᠨ ᠤ ᠵᠦᠢᠯ ᠤᠨ ᠠᠮᠤᠷ ᠲᠦᠪᠰᠢᠨ ᠢ ᠢᠮᠠᠭᠲᠠ ᠪᠠᠲᠤ ᠴᠡᠭᠡᠵᠢᠯᠡᠵᠦ᠂ ᠪᠣᠳᠠᠲᠠᠢ ᠠᠵᠢᠯᠯᠠᠭ᠎ᠠ ᠪᠣᠯᠭᠠᠬᠤ ᠬᠡᠷᠡᠭᠲᠡᠢ᠃ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠬᠦ ᠬᠦᠮᠦᠰ ᠢ ︽ᠤᠷᠢᠳᠠᠪᠠᠷ ᠪᠣᠯᠪᠠᠰᠤᠷᠠᠭᠤᠯᠵᠤ᠂ ᠳᠠᠷᠠᠭ᠎ᠠ ᠨᠢ ᠠᠵᠢᠯ ᠤᠨ ᠪᠠᠶᠢᠷᠢᠨ ᠳᠤ ᠭᠠᠷᠬᠤ︾ ᠱᠠᠭᠠᠷᠳᠠᠯᠭ᠎ᠠ ᠶᠢᠨ ᠶᠣᠰᠣᠭᠠᠷ᠂ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠬᠦ ᠬᠦᠮᠦᠰ ᠤᠨ ᠦᠵᠡᠯ ᠰᠠᠨᠠᠭᠠᠨ ᠤ ᠴᠢᠨᠠᠷ ᠴᠢᠨᠰᠠᠭ᠎ᠠ ᠪᠣᠯᠣᠨ ᠶᠠᠰᠤ ᠴᠢᠨᠠᠷ ᠢ ᠡᠵᠡᠮᠰᠢᠬᠦ ᠴᠢᠳᠠᠪᠤᠷᠢ ᠶᠢ ᠦᠨᠡᠨᠬᠦ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠲᠦᠭᠦᠬᠡᠢ  ᠮᠠᠲ᠋ᠧᠷᠢᠶᠠᠯ ᠣᠷᠤᠭᠤᠯᠬᠤ ᠳᠤ ᠪᠠᠶᠢᠴᠠᠭᠠᠨ ᠰᠢᠯᠭᠠᠬᠤ᠂ ᠦᠢᠯᠡᠳᠪᠦᠷᠢᠯᠡᠬᠦ ᠶᠠᠪᠤᠴᠠ ᠶᠢᠨ ᠶᠠᠰᠤ ᠴᠢᠨᠠᠷ ᠢ ᠡᠵᠡᠮᠰᠢᠬᠦ᠂ ᠪᠦᠲᠦᠭᠡᠭᠳᠡᠬᠦᠨ ᠢ ᠦᠢᠯᠡᠳᠪᠦᠷᠢ ᠠᠴᠠ ᠭᠠᠷᠭᠠᠬᠤ ᠳᠤ ᠰᠢᠯᠭᠠᠨ ᠪᠠᠶᠢᠴᠠᠭᠠᠬᠤ᠂ ᠪᠦᠲᠦᠭᠡᠭᠳᠡᠬᠦᠨ ᠤ ᠶᠠᠰᠤ ᠴᠢᠨᠠᠷ ᠢ ᠤᠬᠤᠴᠢᠯᠠᠨ ᠮᠦᠷᠳᠡᠬᠦ᠂ ᠪᠦᠲᠦᠭᠡᠭᠳᠡᠬᠦᠨ ᠢ ᠡᠬᠡᠭᠦᠯᠦᠨ ᠠᠪᠬᠤ ᠵᠡᠷᠭᠡ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ᠢᠳᠡᠭᠡᠨ ᠤ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠬᠤᠪᠢᠶᠠᠷᠢᠯᠠᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠰᠢᠯᠭᠠᠨ ᠬᠢᠨᠠᠬᠤ ᠪᠠᠨ ᠴᠢᠩᠭᠠᠳᠬᠠᠬᠤ ᠬᠡᠷᠡᠭᠲᠡᠢ᠃ ᠲᠦᠭᠰᠢᠭᠦᠷᠢ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠳᠠᠯᠳᠠ ᠭᠡᠮ ᠢ ᠳᠠᠷᠦ᠋ᠢᠬᠠᠨ ᠵᠢᠭᠰᠠᠭᠠᠨ ᠪᠠᠶᠢᠴᠠᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ᠢᠳᠡᠭᠡᠨ ᠤ ᠵᠦᠢᠯ ᠤᠨ ᠲᠦᠭᠰᠢᠭᠦᠷᠢ ᠶᠢ ᠬᠢᠨᠠᠨ ᠬᠡᠮᠵᠢᠬᠦ ᠮᠡᠳᠡᠭᠡ ᠵᠠᠩᠭᠢ ᠶᠢ ᠨᠠᠷᠢᠨ ᠨᠢᠮᠪᠠᠢ ᠠᠩᠬᠠᠷᠴᠤ᠂ ᠣᠷᠤᠰᠢᠵᠤ ᠪᠠᠶᠢᠭ᠎ᠠ ᠠᠰᠠᠭᠤᠳᠠᠯ ᠳᠤ ᠳᠠᠷᠦ᠋ᠢᠬᠠᠨ ᠪᠦᠲᠦᠮᠵᠢᠲᠡᠢ ᠰᠢᠢᠳᠪᠦᠷᠢᠯᠡᠬᠦ ᠠᠷᠭ᠎ᠠ ᠬᠡᠮᠵᠢᠶ᠎ᠠ ᠠᠪᠬᠤ ᠬᠡᠷᠡᠭᠲᠡᠢ᠃ ᠶᠠᠰᠤ ᠴᠢᠨᠠᠷ ᠤᠨ ᠥᠨᠡᠨᠴᠢ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠪᠠ ᠨᠡᠶᠢᠭᠡᠮ ᠨᠡᠶᠢᠲᠡ ᠶᠢᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠬᠦ ᠬᠠᠤᠯᠢ ᠶᠢᠨ ᠡᠷᠬᠡᠲᠡᠨ ᠤ ᠬᠠᠷᠢᠭᠤᠴᠠᠯᠭ᠎ᠠ ᠭᠦᠢᠴᠡᠳᠭᠡᠬᠦ ᠮᠡᠳᠡᠭᠦᠯᠦᠯᠲᠡ ᠶᠢᠨ ᠳᠦᠷᠢᠮ ᠢ ᠬᠢᠨᠠᠮᠠᠭᠠᠢ ᠭᠦᠢᠴᠡᠳᠭᠡᠵᠦ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ᠂ ᠨᠡᠶᠢᠭᠡᠮ ᠤᠨ ᠡᠯ᠎ᠡ ᠡᠲᠡᠭᠡᠳ ᠲᠤ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠭᠤᠣᠯ ᠴᠣᠭᠴᠠ ᠶᠢᠨ ᠬᠠᠷᠢᠭᠤᠴᠠᠯᠭ᠎ᠠ᠂ ᠦᠢᠯᠡᠳᠪᠦᠷᠢᠯᠡᠨ ᠡᠵᠡᠩᠨᠡᠬᠦ ᠠᠶᠤᠯ ᠦᠭᠡᠢ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠦᠨᠡᠨ ᠪᠣᠳᠠᠲᠠᠢ ᠪᠦᠭᠡᠳ ᠪᠦᠬᠦ ᠲᠠᠯ᠎ᠠ ᠪᠠᠷ ᠮᠡᠳᠡᠭᠦᠯᠵᠦ᠂ ᠢᠳᠡᠭᠡᠨ ᠤ ᠠᠵᠤ ᠦᠢᠯᠡᠰ ᠢ ︽ᠢᠯᠡ︾ ᠠᠵᠤ ᠦᠢᠯᠡᠰ ᠪᠣᠯᠭᠠᠵᠤ᠂ ᠪᠦᠬᠦ ᠣᠷᠣᠨ ᠤ ᠢᠳᠡᠭᠡᠨ ᠤ ᠠᠵᠤ ᠦᠢᠯᠡᠰ ᠤᠨ ᠡᠷᠡᠭᠦᠯ ᠢᠶᠠᠷ ᠬᠦᠭᠵᠢᠬᠦ ᠶᠢ ᠪᠠᠲᠤᠯᠠᠬᠤ ᠬᠡᠷᠡᠭᠲᠡᠢ᠃      ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠬᠠᠮᠤᠭ ᠴᠢᠩᠭ᠎ᠠ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠠ ᠶᠢ ᠠᠪᠴᠤ᠂ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠭᠴᠢᠳ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠢᠳᠡᠭᠡᠨ ᠤ ᠵᠦᠢᠯ ᠤᠨ ᠥᠢᠯᠡᠳᠪᠦᠷᠢᠯᠡᠨ ᠡᠵᠡᠩᠨᠡᠭᠴᠢᠳ ᠤᠨ ᠲᠦᠷᠦᠭᠦᠯᠡᠨ ᠬᠠᠷᠢᠭᠤᠴᠠᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ ᠪᠠᠶᠢᠭᠠᠳ ᠬᠡᠷᠡᠭᠯᠡᠭᠴᠢᠳ ᠤᠨ ᠬᠠᠤᠯᠢ ᠶᠣᠰᠤᠨ ᠤ ᠡᠷᠬᠡ ᠠᠰᠢᠭ ᠢ ᠴᠠᠭ ᠲᠤᠬᠠᠢ ᠳᠤᠨᠢ ᠬᠠᠮᠠᠭᠠᠯᠠᠬᠤ ᠬᠡᠷᠡᠭᠲᠡᠢ᠃ ᠦᠢᠯᠡᠳᠪᠦᠷᠢᠯᠡᠨ ᠡᠵᠡᠩᠨᠡᠭᠴᠢᠳ ᠢ ᠰᠢᠮᠳᠠᠭᠤᠯᠵᠤ ᠪᠠᠶᠢᠭᠠᠳ ᠢᠳᠡᠭᠡᠨ ᠤ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠳᠤᠨᠢ ᠯᠠᠪᠯᠠᠯᠭ᠎ᠠ ᠠᠪᠴᠤ ᠪᠣᠯᠬᠤ᠂ ᠡᠵᠡᠮᠳᠡᠵᠤ ᠪᠣᠯᠬᠤ᠂ ᠨᠡᠬᠡᠮᠵᠢᠯᠡᠵᠦ ᠪᠣᠯᠬᠤ ᠶᠢᠨ ᠤᠬᠤᠴᠢᠯᠠᠨ ᠮᠦᠷᠳᠡᠬᠦ ᠰᠢᠰᠲ᠋ᠧᠮᠵᠢ ᠪᠠ ᠬᠠᠷᠢᠭᠤᠴᠠᠯᠭ᠎ᠠ ᠶᠢᠨ ᠲᠣᠭᠲᠠᠴᠠ ᠪᠠᠶᠢᠭᠤᠯᠬᠤ ᠬᠡᠷᠡᠭᠲᠡᠢ᠃ ᠬᠠᠷᠢᠶᠠᠲᠤ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠣᠷᠣᠨ ᠨᠤᠲᠤᠭ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠠᠵᠢᠯ ᠤᠨ ᠰᠢᠯᠭᠠᠨ ᠬᠢᠨᠠᠵᠤ ᠦᠨᠡᠯᠡᠬᠦ ᠠᠭᠤᠯᠭ᠎ᠠ ᠳᠤ ᠣᠷᠤᠭᠤᠯᠬᠤ ᠬᠡᠷᠡᠭᠲᠡᠢ᠃ ᠪᠣᠳᠠᠳᠤ ᠲᠠᠢ ᠪᠠᠨ ᠤᠶᠠᠯᠳᠤᠭᠤᠯᠵᠤ ᠣᠯᠠᠨ ᠵᠦᠢᠯ ᠤᠨ ᠤᠷᠮᠠᠰᠢᠭᠤᠯᠤᠨ ᠬᠢᠵᠠᠭᠠᠷᠯᠠᠬᠤ ᠠᠷᠭ᠎ᠠ ᠬᠡᠮᠵᠢᠶ᠎ᠠ ᠶᠢ ᠠᠪᠴᠤ ᠦᠢᠯᠡᠳᠪᠦᠷᠢᠯᠡᠨ ᠡᠵᠡᠩᠨᠡᠭᠴᠢᠳ ᠤᠨ ᠳᠠᠭᠠᠳᠬᠠᠯ ᠳᠤ ᠣᠷᠣᠯᠴᠠᠬᠤ ᠶᠢ ᠠᠬᠢᠭᠤᠯᠵᠤ᠂ ᠳᠠᠭᠠᠳᠬᠠᠯ ᠳᠤ ᠣᠷᠣᠯᠴᠠᠭᠰᠠᠨ ᠡᠰᠡᠬᠦ ᠶᠢ ᠦᠢᠯᠡᠳᠪᠦᠷᠢᠯᠡᠨ ᠡᠵᠡᠩᠨᠡᠭᠴᠢᠳ ᠤᠨ ᠦᠨᠡᠨᠴᠢ ᠢᠲᠡᠭᠡᠮᠵᠢ ᠶᠢᠨ ᠲᠡᠮᠳᠡᠭᠯᠡᠯ ᠪᠠ ᠳᠡᠰ ᠲᠥᠷᠥᠯ ᠬᠤᠪᠢᠶᠠᠨ ᠬᠠᠮᠢᠶᠠᠷᠬᠤ ᠭᠥᠢᠴᠡᠳᠭᠡᠯ ᠲᠣᠭᠠᠨ ᠤ ᠰᠢᠰᠲ᠋ᠧᠮᠵᠢ ᠳᠤ ᠣᠷᠤᠭᠤᠯᠬᠤ ᠬᠡᠷᠡᠭᠲᠡᠢ᠃ ᠲᠣᠭᠲᠠᠭᠠᠯ ᠶᠣᠰᠤᠭᠠᠷ ᠳᠠᠭᠠᠳᠬᠠᠯ ᠳᠤ ᠢᠳᠡᠪᠬᠢᠲᠡᠢ ᠣᠷᠣᠯᠴᠠᠭᠰᠠᠨ ᠦᠢᠯᠡᠳᠪᠦᠷᠢᠯᠡᠨ ᠡᠵᠡᠩᠨᠡᠭᠴᠢᠳ ᠲᠤ ᠪᠣᠳᠠᠳᠤ ᠪᠠᠶᠢᠳᠠᠯ ᠢ ᠨᠢ ᠦᠨᠳᠦᠰᠦᠯᠡᠨ ᠠᠵᠢᠯ ᠲᠥᠷᠥᠯ ᠤᠨ ᠲᠤᠰᠬᠠᠢ ᠳᠡᠮᠵᠢᠯᠭᠡ ᠶᠢ ᠡᠩ ᠲᠡᠷᠢᠭᠦᠨ ᠳᠤ ᠣᠯᠭᠤᠵᠤ᠂ ᠬᠠᠮᠢᠶ᠎ᠠ ᠪᠦᠬᠦᠢ ᠳᠡᠳᠭᠦᠬᠦ ᠲᠥᠷᠥ ᠶᠢᠨ ᠪᠣᠳᠣᠯᠭ᠎ᠠ ᠶᠢ ᠬᠦᠷᠲᠡᠭᠡᠵᠦ ᠪᠣᠯᠣᠨ᠎ᠠ᠃      ᠭᠤᠷᠪᠠ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠲᠡᠢ ᠳᠡᠭᠡᠭᠰᠢᠯᠡᠭᠦᠯᠬᠦ ᠬᠡᠷᠡᠭᠲᠡᠢ      ︽ᠵᠠᠬ᠎ᠠ ᠳᠡᠯᠭᠡᠭᠦᠷ ᠢᠶᠠᠷ ᠠᠵᠢᠯᠯᠠᠭᠤᠯᠵᠤ᠂ ᠡᠷᠬᠡ ᠲᠡᠭᠰᠢ ᠦᠷᠢᠰᠦᠯᠳᠦᠬᠦ︾ ᠵᠠᠷᠴᠢᠮ ᠢ ᠪᠠᠷᠢᠮᠲᠠᠯᠠᠵᠤ᠂ ᠲᠡᠷᠢᠭᠦᠨ ᠤ ᠡᠵᠡᠩᠨᠡᠯᠲᠡ ᠬᠠᠮᠢᠶᠠᠷᠤᠯᠲᠠ ᠶᠢᠨ ᠣᠨᠣᠯᠵᠢᠬᠤᠨ ᠪᠠ ᠮᠡᠷᠭᠡᠵᠢᠯ ᠤᠨ ᠠᠷᠭ᠎ᠠ ᠪᠠᠷᠢᠯ ᠢ ᠣᠷᠤᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠨᠡᠷᠡᠳᠬᠦᠨ᠂ ᠦᠢᠯᠡᠴᠢᠯᠡᠭᠡᠨ᠂ ᠬᠠᠮᠢᠶᠠᠷᠤᠯᠲᠠ ᠪᠠ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠦᠷᠢᠶᠡᠵᠢᠭᠰᠡᠨ ᠦᠷᠢᠰᠦᠯᠳᠦᠭᠡᠨ ᠪᠠ ᠥᠪᠡᠷᠮᠢᠴᠡ ᠥᠢᠯᠡᠴᠢᠯᠡᠭᠡ ᠶᠢ ᠠᠬᠢᠭᠤᠯᠬᠤ ᠬᠡᠷᠡᠭᠲᠡᠢ᠃      ︵ᠨᠢᠭᠡ︶ ᠳᠠᠭᠠᠳᠬᠠᠯ ᠤᠨ ᠵᠠᠷᠤᠳᠠᠯ ᠤᠨ ᠨᠣᠷᠮ᠎ᠠ ᠶᠢᠨ ᠬᠦᠰᠢᠭᠦᠷᠭᠡᠯᠡᠬᠦ ᠲᠣᠬᠢᠷᠠᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠳᠠᠭᠠᠳᠬᠠᠯ ᠤᠨ ᠪᠠᠶᠢᠭᠤᠯᠤᠮᠵᠢ ᠨᠤᠭᠤᠳ ᠳᠠᠭᠠᠳᠬᠠᠯ ᠳᠤ ᠣᠷᠣᠯᠴᠠᠬᠤ ᠠᠵᠤ ᠠᠬᠤᠶᠢᠯᠠᠯ ᠤᠨ ᠠᠵᠢᠯ ᠲᠥᠷᠥᠯ ᠤᠨ ᠵᠦᠢᠯᠡᠰ᠂ ᠦᠢᠯᠡᠳᠪᠦᠷᠢᠯᠡᠨ ᠡᠵᠡᠩᠨᠡᠬᠦ ᠬᠡᠮᠵᠢᠶ᠎ᠡ᠂ ᠥᠩᠭᠡᠷᠡᠭᠰᠡᠨ ᠤ ᠬᠤᠬᠢᠷᠠᠯ ᠵᠡᠷᠭᠡ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠲᠦᠭᠰᠢᠭᠦᠷᠢ ᠶᠢᠨ ᠬᠤᠬᠢᠷᠠᠯ ᠤᠨ ᠵᠠᠷᠴᠢᠮ ᠶᠣᠰᠤᠭᠠᠷ᠂ ᠰᠢᠨᠵᠢᠯᠡᠬᠦ ᠤᠬᠠᠭᠠᠨᠴᠢ ᠪᠦᠭᠡᠳ ᠵᠦᠢ ᠶᠣᠰᠤᠲᠠᠢ ᠪᠠᠷ ᠳᠠᠭᠠᠳᠬᠠᠯ ᠤᠨ ᠰᠠᠭᠤᠷᠢ ᠵᠠᠷᠤᠳᠠᠯ ᠤᠨ ᠨᠣᠷᠮ᠎ᠠ ᠶᠢ ᠲᠣᠭᠲᠠᠭᠠᠬᠤ ᠬᠡᠷᠡᠭᠲᠡᠢ᠃ ᠵᠠᠷᠤᠳᠠᠯ ᠤᠨ ᠨᠣᠷᠮ᠎ᠠ ᠶᠢᠨ ᠬᠦᠪᠦᠮᠡᠯ ᠲᠣᠭᠲᠠᠴᠠ ᠶᠢ ᠪᠠᠶᠢᠭᠤᠯᠵᠤ᠂ ︽ᠦᠨᠳᠦᠰᠦᠨ ᠬᠠᠷᠢᠭᠤᠴᠠᠯᠭ᠎ᠠ ᠶᠢᠨ ᠳᠠᠭᠠᠳᠬᠠᠯ + ᠳᠠᠭᠠᠯᠳᠤᠭᠤᠯᠤᠯ ᠳᠠᠭᠠᠳᠬᠠᠯ︾᠎ ᠢᠶᠠᠷ ᠪᠦᠲᠦᠴᠡ ᠪᠣᠯᠭᠠᠵᠤ᠂ ︽ᠬᠤᠬᠢᠷᠠᠯ ᠤᠨ ᠲᠥᠯᠥᠪᠦᠷᠢ + ᠵᠠᠷᠣᠳᠠᠯ ᠤᠨ ᠨᠥᠬᠦᠪᠦᠷᠢ︾᠎ ᠪᠠᠷ ᠴᠢᠭᠯᠡᠯ ᠪᠣᠯᠭᠠᠵᠤ᠂ ᠳᠠᠭᠠᠳᠬᠠᠯ ᠤᠨ ᠰᠢᠨ᠎ᠡ ᠨᠡᠷᠡᠳᠬᠦᠨ ᠢ ᠢᠳᠡᠪᠬᠢᠲᠡᠢ ᠪᠠᠷ ᠰᠣᠳᠣᠯᠣᠨ ᠨᠡᠬᠡᠭᠡᠵᠥ᠂ ᠥᠪᠡᠷᠲᠡᠭᠡᠨ ᠵᠠᠰᠠᠬᠤ ᠣᠷᠣᠨ ᠤ ᠲᠤᠰᠬᠠᠢ ᠬᠠᠷᠢᠶᠠᠯᠠᠭᠳᠠᠬᠤ ᠳᠠᠭᠠᠳᠬᠠᠯ ᠤᠨ ᠨᠡᠷᠡᠳᠬᠦᠨ ᠢ ᠨᠡᠬᠡᠭᠡᠨ ᠬᠦᠭᠵᠢᠭᠦᠯᠬᠦ ᠬᠡᠷᠡᠭᠲᠡᠢ᠃ ᠳᠠᠭᠠᠳᠬᠠᠯ ᠢᠶᠠᠨ ᠦᠷᠭᠦᠯᠵᠢᠯᠡᠭᠦᠯᠬᠦ ᠠᠵᠤ ᠠᠬᠤᠶᠢᠯᠠᠯ ᠤᠨ ᠨᠢᠭᠡᠴᠡ ᠳᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠣᠯᠭᠤᠵᠤ᠂ ᠠᠵᠤ ᠠᠬᠤᠶᠢᠯᠠᠯ ᠤᠨ ᠨᠢᠭᠡᠴᠡ ᠶᠢ ᠳᠠᠭᠠᠳᠬᠠᠯ ᠳᠤ ᠢᠳᠡᠪᠬᠢᠲᠡᠢ ᠣᠷᠣᠯᠴᠠᠭᠤᠯᠵᠤ᠂ ᠠᠰᠢᠭ ᠲᠤᠰᠠ ᠶᠢ ᠬᠤᠶᠠᠷ ᠲᠠᠯ᠎ᠠ ᠪᠠᠷ ᠢᠶᠠᠨ ᠣᠯᠬᠤ ᠶᠢ ᠪᠡᠶᠡᠯᠡᠭᠦᠯᠬᠦ ᠬᠡᠷᠡᠭᠲᠡᠢ᠃      ︵ᠬᠤᠶᠠᠷ︶ ᠳᠠᠭᠠᠳᠬᠠᠯ ᠢᠶᠠᠷ ᠳᠠᠭᠠᠭᠠᠴᠢᠯᠠᠨ ᠲᠥᠯᠦᠪᠦᠷᠢᠯᠡᠬᠦ ᠲᠣᠭᠲᠠᠴᠠ ᠪᠠᠨ ᠲᠡᠭᠦᠯᠳᠡᠷᠵᠢᠭᠦᠯᠬᠦ ᠬᠡᠷᠡᠭᠲᠡᠢ᠃ ᠳᠠᠭᠠᠳᠬᠠᠯ ᠤᠨ ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠳᠠᠭᠠᠳᠬᠠᠯ ᠠᠪᠤᠭᠰᠠᠨ ᠢᠳᠡᠭᠡᠨ ᠤ ᠵᠦᠢᠯ ᠦᠢᠯᠡᠳᠪᠦᠷᠢᠯᠡᠨ ᠡᠵᠡᠩᠨᠡᠬᠦ ᠠᠵᠤ ᠠᠬᠤᠶᠢᠯᠠᠯ ᠤᠨ ᠨᠢᠭᠡᠴᠡ ᠶᠢᠨ ᠲᠥᠭᠰᠢᠭᠦᠷᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠢ ᠴᠢᠩᠭᠠᠳᠬᠠᠵᠤ᠂ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠨᠢᠭᠡᠴᠡ ᠶᠢ ᠲᠣᠭᠲᠠᠭᠰᠠᠨ ᠬᠤᠭᠤᠴᠠᠭ᠎ᠠ ᠲᠠᠢ ᠪᠠᠷ ᠵᠢᠯᠣᠭᠤᠳᠴᠤ ᠲᠦᠭᠰᠢᠭᠦᠷᠢ ᠶᠢᠨ ᠬᠦᠮᠦᠵᠢᠯ ᠪᠠ ᠠᠳᠡᠯ ᠢ ᠤᠷᠢᠳᠴᠢᠯᠠᠨ ᠰᠡᠷᠭᠡᠶᠢᠯᠡᠬᠦ ᠬᠠᠮᠢᠶᠠᠷᠤᠯᠲᠠ ᠶᠢ ᠦᠷᠨᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠠᠳᠡᠯ ᠢ ᠤᠷᠢᠳᠴᠢᠯᠠᠨ ᠰᠡᠷᠭᠡᠶᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠨᠢᠭᠡᠴᠡ ᠳᠤ ᠢᠳᠡᠭᠡᠨ ᠤ ᠵᠦᠢᠯ ᠤᠨ ᠠᠮᠤᠷ ᠲᠦᠪᠰᠢᠨ ᠤ ᠬᠤᠬᠢᠷᠠᠯ ᠤᠨ ᠠᠳᠡᠯ ᠭᠠᠷᠤᠭᠰᠠᠨ ᠤ ᠳᠠᠷᠠᠭ᠎ᠠ᠂ ᠬᠠᠮᠢᠶ᠎ᠠ ᠪᠦᠬᠦᠢ ᠲᠣᠭᠲᠠᠭᠠᠯ ᠶᠣᠰᠤᠭᠠᠷ ᠳᠠᠷᠦ᠋ᠢᠬᠠᠨ ᠠᠳᠡᠯ ᠢ ᠰᠢᠢᠳᠪᠦᠷᠢᠯᠡᠵᠦ᠂ ᠠᠳᠡᠯ ᠤᠨ ᠦᠷᠭᠡᠳᠬᠦ ᠶᠢ ᠰᠡᠷᠭᠡᠶᠢᠯᠡᠬᠦ ᠶᠢᠨ ᠬᠠᠮᠳᠤ ᠲᠣᠭᠲᠠᠭᠠᠯ ᠶᠣᠰᠤᠭᠠᠷ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠲᠡᠢ᠂ ᠡᠭᠦᠨ ᠤ ᠵᠡᠷᠭᠡ ᠳᠤᠨᠢ ᠳᠠᠭᠠᠳᠬᠠᠯ ᠤᠨ ᠪᠠᠶᠢᠭᠤᠯᠤᠮᠵᠢ ᠳᠤ ᠮᠡᠳᠡᠭᠳᠡᠬᠦ ᠬᠡᠷᠡᠭᠲᠡᠢ᠃ ᠳᠠᠭᠠᠳᠬᠠᠯ ᠤᠨ ᠪᠠᠶᠢᠭᠤᠯᠤᠮᠵᠢ ᠨᠢ ᠬᠠᠮᠤᠭ ᠤᠨ ᠲᠡᠷᠢᠭᠦᠨ ᠳᠤ ᠠᠳᠡᠯ ᠢ ᠬᠠᠶᠢᠨ ᠪᠠᠶᠢᠴᠠᠭᠠᠬᠤ ᠪᠠ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ ᠶᠢ ᠦᠷᠨᠢᠭᠦᠯᠵᠦ᠂ ᠲᠦᠯᠦᠪᠦᠷᠢᠯᠡᠬᠦ ᠦᠷ᠎ᠡ ᠪᠦᠲᠦᠮᠵᠢ ᠪᠠᠨ ᠥᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠪᠠᠷ ᠲᠣᠳᠣᠷᠬᠠᠢ ᠪᠠᠶᠢᠬᠤ ᠬᠦᠨᠳᠦ ᠶᠡᠭᠡ ᠳᠠᠭᠠᠳᠬᠠᠯ ᠤᠨ ᠠᠳᠡᠯ ᠢ ᠪᠣᠯ ᠳᠠᠭᠠᠳᠬᠠᠯ ᠤᠨ ᠪᠠᠶᠢᠭᠤᠯᠤᠮᠵᠢ ᠨᠢ ︽ᠰᠠᠭᠠᠳ ᠦᠭᠡᠢ ᠨᠡᠪᠲᠡᠷᠡᠬᠦ ᠵᠠᠮ︾ ᠪᠠᠶᠢᠭᠤᠯᠵᠤ ᠬᠤᠬᠢᠷᠠᠯ ᠳᠤ ᠤᠴᠠᠷᠠᠭᠰᠠᠳ ᠲᠤ ᠰᠢᠭᠤᠳ ᠮᠥᠷᠲᠡᠭᠡᠨ ᠤᠷᠢᠳᠠᠪᠠᠷ ᠲᠦᠯᠦᠪᠦᠷᠢ ᠥᠭᠬᠦ ᠪᠣᠶᠤ ᠲᠦᠯᠦᠪᠦᠷᠢ ᠶᠢᠨ ᠵᠣᠭᠤᠰ ᠢ ᠨᠢ ᠤᠷᠢᠳᠴᠢᠯᠠᠨ ᠥᠭᠬᠦ ᠪᠠᠷ ᠢᠳᠡᠪᠬᠢᠲᠡᠢ ᠬᠠᠩᠭᠠᠵᠤ᠂ ᠨᠡᠶᠢᠭᠡᠮ ᠤᠨ ᠵᠦᠷᠢᠴᠡᠯ ᠵᠢᠭᠤᠷᠠᠯᠳᠤᠭᠠᠨ ᠢ ᠳᠠᠷᠦ᠋ᠢᠬᠠᠨ ᠠᠷᠢᠯᠭᠠᠬᠤ ᠬᠡᠷᠡᠭᠲᠡᠢ᠃      ︵ᠭᠤᠷᠪᠠ︶ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠭᠤᠯᠤᠮᠵᠢ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ᠃ ᠮᠠᠨ ᠤ ᠣᠷᠣᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠵᠠᠬ᠎ᠠ ᠳᠡᠯᠭᠡᠭᠦᠷ ᠤᠨ ᠲᠣᠭᠲᠠᠴᠠ ᠠᠷᠠᠢ ᠪᠥᠷᠢᠯᠳᠦᠭᠡᠳᠦᠢ ᠪᠠᠶᠢᠳᠠᠯ ᠢ ᠦᠨᠳᠦᠰᠦᠯᠡᠨ᠂ ᠮᠠᠨ ᠤ ᠣᠷᠣᠨ ᠳᠤ ᠬᠤᠪᠢᠶᠠᠷᠢ ᠺᠤᠮᠫᠠᠨᠢ ᠪᠠᠶᠢᠭᠤᠯᠤᠭᠠᠳ 3 ᠵᠢᠯ ᠠᠴᠠ ᠳᠡᠭᠡᠭᠰᠢ᠂ ᠬᠤᠰᠢᠭᠤ ᠰᠢᠶᠠᠨ ︵ᠬᠤᠲᠠ᠂ ᠲᠣᠭᠤᠷᠢᠭ︶᠎ ᠳᠠᠬᠢ ᠬᠠᠮᠤᠷᠬᠤ ᠨᠣᠷᠮ᠎ᠠ ᠨᠢ 70%᠎ ᠠᠴᠠ ᠳᠡᠭᠡᠭᠰᠢ᠂ ᠠᠰᠢᠭ ᠣᠯᠵᠠᠪᠤᠷᠢ ᠨᠢ ᠦᠷᠭᠦᠯᠵᠢᠯᠡᠨ 3 ᠵᠢᠯ ᠠᠴᠠ ᠳᠡᠭᠡᠭᠰᠢ ᠪᠣᠯᠣᠭᠰᠠᠨ ᠪᠣᠳᠠᠳᠤ ᠬᠦᠴᠦᠨ ᠢᠶᠠᠷ ᠴᠢᠩᠭ᠎ᠠ᠂ ᠢᠲᠡᠭᠡᠯ ᠬᠦᠨᠳᠦ ᠪᠠᠷ ᠰᠠᠶᠢᠨ᠂ ᠦᠢᠯᠡᠴᠢᠯᠡᠭᠡᠨ ᠤ ᠲᠣᠣᠷ ᠴᠢᠬ ᠢᠶᠠᠷ ᠪᠦᠷᠢᠨ᠂ ᠲᠦᠷᠭᠡᠨ ᠲᠥᠯᠥᠬᠦ ᠳᠤ ᠳᠦᠭᠦᠮ ᠪᠠᠶᠢᠭ᠎ᠠ 3᠎ ᠠᠴᠠ 5 ᠳᠠᠭᠠᠳᠬᠠᠯ ᠤᠨ ᠺᠤᠮᠫᠠᠨᠢ ᠶᠢ ᠰᠤᠩᠭᠤᠵᠤ᠂ 2015 ᠣᠨ ᠤ ᠰᠠᠭᠤᠷᠢᠨ ᠳᠡᠭᠡᠷ᠎ᠡ ᠳᠠᠭᠠᠳᠬᠠᠯ ᠳᠠᠭᠠᠭᠠᠬᠤ ᠲᠤᠭ᠎ᠠ ᠬᠡᠮᠵᠢᠶ᠎ᠠ ᠪᠣᠯᠣᠨ ᠬᠦᠷᠢᠶ᠎ᠡ ᠬᠡᠪᠴᠢᠶ᠎ᠡ ᠶᠢ ᠨᠢ ᠦᠷᠭᠡᠳᠭᠡᠵᠦ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠦᠷᠭᠦᠯᠵᠢᠯᠡᠨ ᠵᠢᠷᠤᠮᠵᠢᠭᠤᠯᠵᠤ᠂ ᠬᠠᠮᠢᠶ᠎ᠠ ᠪᠦᠬᠦᠢ ᠠᠵᠢᠯ ᠤᠨ ᠤᠷᠤᠭᠰᠢᠲᠠᠢ ᠦᠷᠨᠢᠬᠦ ᠶᠢ ᠪᠠᠲᠤᠯᠠᠬᠤ ᠬᠡᠷᠡᠭᠲᠡᠢ᠃      ︵ᠳᠥᠷᠪᠡ︶ ᠳᠠᠭᠠᠳᠬᠠᠯ ᠳᠤ ᠣᠷᠣᠯᠴᠠᠬᠰᠠᠨ ᠢᠳᠡᠭᠡᠨ ᠤ ᠵᠦᠢᠯ ᠦᠢᠯᠡᠳᠪᠦᠷᠢᠯᠡᠨ ᠡᠵᠡᠩᠨᠡᠭᠰᠡᠨ ᠡᠵᠡᠩᠨᠡᠯᠲᠡ ᠶᠢᠨ ᠪᠠᠶᠢᠳᠠᠯ ᠲᠥᠯᠥᠪ ᠤᠨ ᠬᠦᠷᠢᠶ᠎ᠡ ᠬᠡᠪᠴᠢᠶ᠎ᠡ ᠪᠠᠨ ᠦᠷᠭᠡᠳᠭᠡᠬᠦ ᠶᠢ ᠴᠢᠩᠭᠠᠷᠠᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠬᠦᠳᠦᠯᠦᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠦᠢᠯᠡᠴᠢᠯᠡᠭᠡᠨ ᠤ ᠠᠵᠢᠯ ᠳᠤ ᠰᠢᠨ᠎ᠡ ᠶᠢ ᠡᠭᠦᠳᠬᠦ ᠪᠠᠨ ᠦᠷᠭᠦᠯᠵᠢᠯᠡᠨ ᠴᠢᠩᠭᠠᠳᠬᠠᠵᠤ᠂ ᠳᠠᠭᠠᠳᠬᠠᠯ ᠤᠨ ᠳᠡᠯᠭᠡᠷᠡᠭᠦᠯᠬᠦ ᠵᠠᠭᠪᠤᠷ ᠲᠤ ᠰᠢᠨ᠎ᠡ ᠶᠢ ᠡᠭᠦᠳᠴᠦ᠂ ᠲᠤᠬᠠᠶᠢᠯᠠᠭᠰᠠᠨ ᠠᠵᠢᠯ ᠤᠨ ᠬᠠᠮᠤᠷᠬᠤ ᠬᠡᠪᠴᠢᠶ᠎ᠡ ᠪᠠᠨ ᠦᠷᠭᠡᠳᠭᠡᠬᠦ ᠬᠡᠷᠡᠭᠲᠡᠢ᠃ ᠳᠠᠭᠠᠳᠬᠠᠯ ᠳᠤ ᠣᠷᠣᠯᠴᠠᠭᠰᠠᠨ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠬᠦ ᠠᠵᠤ ᠠᠬᠤᠶᠢᠯᠠᠯ ᠤᠨ ᠲᠤᠷᠰᠢᠯᠲᠠ ᠶᠢᠨ ᠨᠢᠭᠡᠴᠡ ᠶᠢᠨ ᠰᠠᠭᠤᠷᠢᠨ ᠳᠡᠭᠡᠷ᠎ᠡ᠂ ᠳᠠᠭᠠᠳᠬᠠᠯ ᠳᠤ ᠣᠷᠣᠬᠤ ᠡᠵᠡᠩᠨᠡᠯᠲᠡ ᠶᠢᠨ ᠪᠠᠶᠢᠳᠠᠯ ᠲᠥᠯᠥᠪ ᠤᠨ ᠪᠦᠲᠦᠴᠡ ᠶᠢᠨ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠭᠡᠵᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠤ ᠠᠬᠤᠶᠢᠯᠠᠯ ᠤᠳ ᠢ ᠬᠠᠩᠭᠠᠬᠤ ᠪᠠᠷ ᠭᠤᠣᠯ ᠪᠣᠯᠭᠠᠵᠤ᠂ ᠲᠣᠮᠤ ᠳᠤᠮᠳᠠ ᠬᠡᠯᠪᠡᠷᠢ ᠶᠢᠨ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠭᠦᠢᠯᠭᠡᠭᠡᠨ ᠤ ᠠᠵᠤ ᠠᠬᠤᠶᠢᠯᠠᠯ ᠲᠡᠰᠢ ᠳᠡᠯᠭᠡᠷᠡᠭᠦᠯᠬᠦ ᠪᠠᠨ ᠴᠢᠩᠭᠠᠷᠠᠭᠤᠯᠵᠤ᠂ ᠨᠡᠶᠢᠭᠡᠮ ᠤᠨ ᠨᠥᠯᠦᠭᠡᠯᠡᠬᠦ ᠬᠡᠪᠴᠢᠶ᠎ᠡ ᠪᠠᠨ ᠦᠷᠭᠡᠳᠭᠡᠵᠦ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠥᠷᠢᠮ ᠢ ᠬᠦᠮᠦᠰ ᠤᠨ ᠰᠡᠳᠬᠢᠯ ᠳᠤ ᠨᠡᠩ ᠭᠦᠨ ᠰᠠᠭᠤᠭᠳᠠᠭᠤᠯᠵᠤ᠂ ᠳᠠᠭᠠᠳᠬᠠᠯ ᠳᠤ ᠣᠷᠣᠬᠤ ᠪᠦᠲᠦᠴᠡ ᠶᠢ ᠨᠢ ᠠᠳᠠᠯᠢ ᠲᠡᠭᠰᠢ ᠪᠣᠯᠭᠠᠬᠤ ᠶᠢ ᠨᠢ ᠪᠡᠶᠡᠯᠡᠭᠦᠯᠬᠦ ᠬᠡᠷᠡᠭᠲᠡᠢ᠃      ︵ᠲᠠᠪᠤ︶ ᠴᠠᠭ ᠲᠤᠨᠢ ᠲᠣᠬᠢᠷᠠᠭᠤᠯᠵᠤ ᠪᠠᠶᠢᠭᠠᠳ ᠵᠠᠭᠤᠴᠢᠯᠠᠬᠤ ᠺᠤᠮᠫᠠᠨᠢ ᠪᠣᠯᠣᠨ ᠬᠠᠮᠳᠤ ᠪᠠᠷ ᠳᠠᠭᠠᠳᠬᠠᠬᠤ ᠲᠣᠭᠲᠠᠴᠠ ᠶᠢ ᠣᠷᠤᠭᠤᠯᠬᠤ ᠬᠡᠷᠡᠭᠲᠡᠢ᠃ ᠨᠡᠶᠢᠭᠡᠮ ᠤᠨ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ 2᠎ ᠠᠴᠠ 3 ᠳᠠᠭᠠᠳᠬᠠᠯ ᠤᠨ ᠵᠠᠭᠤᠴᠢᠯᠠᠬᠤ ᠺᠤᠮᠫᠠᠨᠢ ᠶᠢ ᠰᠤᠩᠭᠤᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠦᠴᠢᠷ ᠤᠳ ᠤᠨ ᠡᠷᠬᠡ ᠣᠯᠭᠤᠯᠲᠠ ᠪᠠᠷ ᠠᠵᠢᠯ ᠢᠶᠠᠨ ᠦᠷᠨᠢᠭᠦᠯᠵᠦ᠂ ᠵᠠᠰᠠᠭ ᠤᠨ ᠣᠷᠳᠣᠨ᠂ ᠳᠠᠭᠠᠳᠬᠠᠯ ᠳᠤ ᠣᠷᠣᠯᠴᠠᠭᠰᠠᠳ᠂ ᠳᠠᠭᠠᠳᠬᠠᠯ ᠳᠠᠭᠠᠭᠠᠭᠴᠢᠳ᠂ ᠬᠡᠷᠡᠭᠯᠡᠭᠴᠢᠳ ᠲᠦᠷᠪᠡᠨ ᠲᠠᠯ᠎ᠠ ᠳᠤ ᠰᠠᠭᠤᠷᠢᠯᠠᠵᠤ ᠬᠠᠮᠢᠶ᠎ᠠ ᠪᠦᠬᠦᠢ ᠲᠤᠰᠬᠠᠢ ᠳᠡᠮᠵᠢᠯᠭᠡ ᠶᠢᠨ ᠦᠢᠯᠡᠴᠢᠯᠡᠭᠡ ᠬᠠᠩᠭᠠᠵᠤ᠂ ᠮᠦᠨ ᠴᠦ ᠳᠠᠭᠠᠳᠬᠠᠯ ᠳᠠᠭᠠᠭᠠᠬᠤ ᠪᠠᠶᠢᠭᠤᠯᠤᠮᠵᠢ ᠠᠴᠠ ᠬᠠᠮᠳᠤ ᠪᠠᠷ ᠳᠠᠭᠠᠳᠬᠠᠬᠤ ᠴᠣᠭᠴᠠ ᠪᠠᠶᠢᠭᠤᠯᠬᠤ ᠠᠷᠭ᠎ᠠ ᠠᠪᠴᠤ᠂ ᠳᠠᠭᠠᠳᠬᠠᠯ ᠤᠨ ᠵᠦᠢᠯ ᠵᠣᠷᠪᠣᠰ᠂ ᠳᠠᠭᠠᠳᠬᠠᠯ ᠤᠨ ᠵᠠᠷᠤᠳᠠᠯ ᠤᠨ ᠨᠣᠷᠮ᠎ᠠ᠂ ᠳᠠᠭᠠᠳᠬᠠᠯ ᠳᠠᠭᠠᠭᠠᠬᠤ ᠵᠠᠭᠪᠤᠷ ᠪᠣᠯᠣᠨ ᠦᠢᠯᠡᠴᠢᠯᠡᠭᠡᠨ ᠤ ᠴᠣᠪᠣᠷᠠᠯ ᠢᠶᠠᠨ ᠨᠢᠭᠡᠳᠤᠯᠲᠠᠢ ᠪᠣᠯᠭᠠᠵᠤ᠂ ᠳᠠᠭᠠᠳᠬᠠᠯ ᠤᠨ ᠬᠠᠮᠤᠷᠬᠤ ᠬᠡᠪᠴᠢᠶ᠎ᠡ ᠪᠠᠨ ᠦᠷᠭᠡᠳᠭᠡᠬᠦ ᠬᠡᠷᠡᠭᠲᠡᠢ᠃      ᠳᠥᠷᠪᠡ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠥᠷᠢᠮ ᠤᠨ ᠪᠠᠳᠤᠯᠠᠭ᠎ᠠ ᠶᠢ ᠪᠦᠷᠢᠨᠰᠢᠭᠦᠯᠬᠦ ᠬᠡᠷᠡᠭᠲᠡᠢ      ︵ᠨᠢᠭᠡ︶ ᠢᠳᠡᠭᠡᠨ ᠤ ᠵᠦᠢᠯ ᠤᠨ ᠠᠮᠤᠷ ᠲᠦᠪᠰᠢᠨ ᠤ ᠲᠥᠭᠰᠢᠭᠦᠷᠢ ᠶᠢᠨ ᠳᠡᠰ ᠲᠣᠭᠲᠠᠭᠠᠬᠤ ᠳᠥᠷᠢᠮ ᠶᠢ ᠪᠦᠷᠢᠨᠰᠢᠭᠦᠯᠬᠦ ᠬᠡᠷᠡᠭᠲᠡᠢ᠃ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠲᠥᠭᠰᠢᠭᠦᠷᠢ ᠶᠢᠨ ᠬᠠᠮᠢᠶᠠᠷᠤᠯᠲᠠ ᠳᠤ ᠰᠠᠭᠤᠷᠢᠯᠠᠭᠰᠠᠨ ᠠᠵᠤ ᠠᠬᠤᠶᠢᠯᠠᠯ ᠤᠨ ᠳᠡᠰ ᠲᠥᠷᠥᠯ ᠬᠤᠪᠢᠶᠠᠭᠰᠠᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠰᠥᠪᠡᠭᠴᠢᠯᠡᠨ ᠪᠠᠶᠢᠭᠤᠯᠬᠤ ᠬᠡᠷᠡᠭᠲᠡᠢ᠃ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠳᠠᠭᠠᠳᠬᠠᠯ ᠤᠨ ᠺᠤᠮᠫᠠᠨᠢ ᠶᠢ ᠰᠢᠮᠳᠠᠭᠤᠯᠵᠤ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠳᠤ ᠲᠥᠭᠰᠢᠭᠦᠷᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠪᠠᠨ ᠴᠢᠩᠭᠠᠳᠬᠠᠵᠤ᠂ ᠲᠤᠬᠠᠢ ᠶᠢᠨ ᠲᠠᠯᠠᠪᠠᠢ ᠶᠢᠨ ᠬᠠᠶᠢᠨ ᠪᠠᠶᠢᠴᠠᠭᠠᠯᠲᠠ ᠪᠠᠨ ᠴᠢᠩᠭᠠᠷᠠᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠬᠡᠷᠡᠭ ᠤᠨ ᠡᠮᠦᠨᠡᠬᠢ ᠲᠥᠭᠰᠢᠭᠦᠷᠢ ᠶᠢ ᠤᠷᠢᠳᠴᠢᠯᠠᠨ ᠰᠡᠷᠭᠡᠶᠢᠯᠡᠬᠦ᠂ ᠠᠵᠢᠯ ᠬᠡᠷᠡᠭ ᠤᠨ ᠶᠠᠪᠤᠴᠠ ᠳᠠᠬᠢ ᠲᠥᠭᠰᠢᠭᠦᠷᠢ ᠶᠢ ᠡᠵᠡᠮᠰᠢᠬᠦ ᠵᠡᠷᠭᠡ ᠲᠠᠯ᠎ᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠦᠭᠰᠢᠭᠦᠷᠢ ᠶᠢᠨ ᠵᠡᠷᠭᠡ ᠳᠡᠰ ᠢ ᠳᠠᠭᠠᠳᠬᠠᠯ ᠳᠤ ᠣᠷᠣᠯᠴᠠᠬᠤ ᠪᠠᠶᠢᠳᠠᠯ᠂ ᠳᠠᠭᠠᠳᠬᠠᠯ ᠤᠨ ᠵᠠᠷᠤᠳᠠᠯ ᠤᠨ ᠨᠣᠷᠮ᠎ᠠ ᠶᠢᠨ ᠬᠢᠷᠢ ᠬᠡᠮᠵᠢᠶ᠎ᠡ ᠯᠦᠭᠡ ᠬᠤᠯᠪᠣᠬᠤ ᠶᠢᠨ ᠬᠠᠮᠳᠤ᠂ ᠬᠠᠷᠢᠭᠤᠴᠠᠯᠭ᠎ᠠ ᠶᠢᠨ ᠬᠢᠵᠠᠭᠠᠷ ᠲᠤᠭ᠎ᠠ᠂ ᠦᠯᠦ ᠲᠦᠯᠦᠪᠦᠷᠢᠯᠡᠬᠦ ᠲᠤᠭ᠎ᠠ ᠵᠡᠷᠭᠡ ᠠᠷᠭ᠎ᠠ ᠪᠠᠷᠢᠯ ᠢ ᠬᠡᠷᠡᠭᠯᠡᠵᠦ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠭᠴᠢᠳ ᠢ ᠰᠢᠮᠳᠠᠭᠤᠯᠵᠤ ᠶᠠᠰᠤ ᠴᠢᠨᠠᠷ ᠤᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃      ︵ᠬᠤᠶᠠᠷ︶ ᠢᠳᠡᠭᠡᠨ ᠤ ᠵᠦᠢᠯ ᠤᠨ ᠠᠮᠤᠷ ᠲᠦᠪᠰᠢᠨ ᠤ ᠢᠲᠡᠭᠡᠮᠵᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠢ᠃ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠠᠵᠤ ᠠᠬᠤᠶᠢᠯᠠᠯ ᠤᠳ ᠢ ᠰᠢᠮᠳᠠᠭᠤᠯᠵᠤ ᠢᠳᠡᠭᠡᠨ ᠤ ᠵᠦᠢᠯ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠠᠳᠡᠯ ᠢ ᠤᠷᠢᠳᠴᠢᠯᠠᠨ ᠰᠡᠷᠭᠡᠶᠢᠯᠡᠬᠦ᠂ ᠠᠳᠡᠯ ᠢ ᠴᠡᠭᠴᠡᠯᠡᠨ ᠵᠠᠰᠠᠬᠤ᠂ ᠠᠳᠡᠯ ᠢ ᠰᠢᠢᠳᠪᠦᠷᠢᠯᠡᠬᠦ ᠵᠢᠴᠢ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠦᠰᠦᠪ ᠲᠣᠭᠲᠠᠭᠠᠬᠤ ᠵᠡᠷᠭᠡ ᠠᠵᠢᠯ ᠢᠶᠠᠨ ᠰᠠᠶᠢᠲᠤᠷ ᠬᠢᠵᠦ᠂ ᠢᠲᠡᠭᠡᠮᠵᠢ ᠶᠢᠨ ᠲᠡᠮᠳᠡᠭᠯᠡᠯ ᠢᠶᠠᠨ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠳᠠᠭᠠᠳᠬᠠᠯ ᠤᠨ ᠺᠤᠮᠫᠠᠨᠢ ᠨᠢ ᠠᠵᠤ ᠠᠬᠤᠶᠢᠯᠠᠯ ᠤᠳ ᠤᠨ ᠢᠲᠡᠭᠡᠮᠵᠢ ᠶᠢᠨ ᠲᠡᠮᠳᠡᠭᠯᠡᠯ ᠢ ᠢᠳᠡᠪᠬᠢᠲᠡᠢ ᠯᠠᠪᠯᠠᠨ ᠠᠰᠠᠭᠤᠵᠤ᠂ ᠲᠡᠭᠦᠨ ᠢ ᠳᠠᠭᠠᠳᠬᠠᠯ ᠤᠨ ᠵᠥᠷᠢᠶᠡᠴᠢᠯᠡᠭᠰᠡᠨ ᠵᠠᠷᠤᠳᠠᠯ ᠤᠨ ᠨᠣᠷᠮ᠎ᠠ ᠶᠢ ᠬᠡᠷᠡᠭᠵᠢᠭᠦᠯᠬᠦ ᠴᠢᠬᠤᠯᠠ ᠯᠠᠪᠯᠠᠯᠲᠠ ᠶᠢᠨ ᠦᠨᠳᠦᠰᠦᠯᠡᠯ ᠪᠣᠯᠭᠠᠵᠤ᠂ ᠢᠲᠡᠭᠡᠯ ᠢ ᠵᠢᠷᠤᠮᠯᠠᠭᠴᠢᠳ ᠲᠤ ᠳᠠᠭᠠᠳᠬᠠᠯ ᠤᠨ ᠵᠠᠷᠤᠳᠠᠯ ᠤᠨ ᠨᠣᠷᠮ᠎ᠠ ᠶᠢᠨ ᠬᠠᠷᠠᠭᠠᠯᠵᠠᠯ ᠢ ᠬᠡᠷᠡᠭᠵᠢᠭᠦᠯᠵᠦ᠂ ᠢᠲᠡᠭᠡᠯ ᠠᠯᠳᠠᠭᠰᠠᠳ ᠲᠤ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠬᠠᠷᠢᠴᠠᠩᠭᠤᠢ ᠳᠡᠭᠡᠭᠰᠢᠯᠡᠭᠦᠯᠬᠦ ᠬᠡᠷᠡᠭᠲᠡᠢ᠃      ︵ᠭᠤᠷᠪᠠ︶ ᠲᠤᠭ᠎ᠠ ᠪᠠᠷᠢᠮᠲᠠ ᠶᠢᠨ ᠵᠠᠳᠠᠯᠤᠯᠲᠠ ᠬᠢᠬᠦ ᠪᠠ ᠬᠠᠮᠳᠤᠪᠠᠷ ᠬᠦᠷᠲᠡᠬᠦ ᠪᠠᠨ ᠴᠢᠩᠭᠠᠳᠬᠠᠬᠤ ᠬᠡᠷᠡᠭᠲᠡᠢ᠃ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠢᠳᠡᠭᠡᠨ ᠤ ᠠᠮᠤᠷ ᠲᠦᠪᠰᠢᠨ ᠤ ᠠᠳᠡᠯ ᠤᠨ ᠲᠤᠭ᠎ᠠ ᠪᠦᠷᠢᠳᠭᠡᠯ ᠤᠨ ᠵᠠᠳᠠᠯᠤᠯᠲᠠ ᠪᠠᠨ ᠴᠢᠩᠭᠠᠳᠬᠠᠵᠤ᠂ ᠬᠡᠷᠡᠭᠴᠡᠭᠡ ᠪᠠᠨ ᠦᠨᠳᠦᠰᠦᠯᠡᠨ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠬᠠᠩᠭᠠᠬᠤ ᠬᠡᠷᠡᠭᠲᠡᠢ᠃ ᠳᠠᠭᠠᠳᠬᠠᠯ ᠤᠨ ᠺᠤᠮᠫᠠᠨᠢ ᠨᠤᠭᠤᠳ ᠲᠦᠭᠰᠢᠭᠦᠷᠢ ᠶᠢᠨ ᠳ᠋ᠠᠶᠢᠲ᠋ᠠ ᠬᠦᠮᠦᠷᠭᠡ ᠶᠢ ᠲᠦᠷᠭᠡᠨ ᠪᠠᠶᠢᠭᠤᠯᠵᠤ᠂ ᠠᠵᠢᠯ ᠲᠥᠷᠥᠯ ᠤᠨ ᠬᠤᠭᠤᠷᠣᠨᠳᠤ ᠶᠢᠨ ᠲᠤᠭ᠎ᠠ ᠪᠠᠷᠢᠮᠲᠠ ᠪᠠᠨ ᠬᠠᠮᠳᠤᠪᠠᠷ ᠬᠦᠷᠲᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠢᠳᠡᠭᠡᠨ ᠤ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠢᠯᠭᠠᠨ ᠲᠣᠳᠣᠯᠠᠬᠤ ᠬᠢᠷᠢ ᠬᠡᠮᠵᠢᠶ᠎ᠡ ᠪᠠ ᠲᠦᠭᠰᠢᠭᠦᠷᠢ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠳᠠᠭᠠᠳᠬᠠᠯ ᠤᠨ ᠺᠣᠮᠫᠠᠨᠢ ᠶᠢ ᠳᠠᠮᠵᠢᠵᠤ ᠪᠠᠶᠢᠭᠠᠳ ᠲᠤᠬᠠᠢ ᠶᠢᠨ ᠭᠠᠵᠠᠷ ᠲᠠᠭᠠᠨ ᠲᠣᠬᠢᠷᠠᠭᠤᠯᠵᠤ ᠣᠨᠴᠠᠯᠢᠭᠲᠤ ᠨᠡᠷᠡᠳᠬᠦᠨ ᠨᠡᠬᠡᠭᠡᠨ ᠬᠦᠭᠵᠢᠭᠦᠯᠦᠨ᠂ ᠲᠣᠣᠷ ᠰᠦᠯᠵᠢᠶ᠎ᠡ᠂ ᠡᠭᠦᠯᠡᠨ ᠪᠣᠳᠣᠯᠲᠠ᠂ ᠲᠣᠮᠣ ᠲᠤᠭ᠎ᠠ ᠪᠠᠷᠢᠮᠲᠠ᠂ ᠰᠢᠯᠵᠢᠭᠡ ᠢᠨᠲ᠋ᠧᠷ ᠰᠦᠯᠵᠢᠶ᠎ᠡ ᠵᠡᠷᠭᠡ ᠰᠢᠨ᠎ᠡ ᠮᠡᠷᠭᠡᠵᠢᠯ ᠤᠳ ᠢ ᠢᠳᠡᠪᠬᠢᠲᠡᠢ ᠬᠡᠷᠡᠭᠯᠡᠵᠦ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠳᠠᠬᠢ ᠪᠣᠷᠤᠯᠠᠭᠤᠯᠬᠤ ᠠᠷᠭ᠎ᠠ ᠵᠠᠮ ᠢᠶᠠᠨ ᠦᠷᠭᠡᠳᠭᠡᠬᠦ᠂ ᠦᠢᠯᠡᠴᠢᠯᠡᠭᠡᠨ ᠤ ᠬᠡᠪ ᠮᠠᠶ᠋ᠢᠭ ᠲᠤ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃      ︵ᠳᠥᠷᠪᠡ︶ ᠲᠥᠭᠰᠢᠭᠦᠷᠢ ᠶᠢ ᠦᠨᠡᠯᠡᠨ ᠵᠢᠱᠢᠵᠦ ᠮᠦᠷᠲᠡᠨ ᠦᠢᠯᠡᠴᠢᠯᠡᠬᠦ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠢᠳᠡᠭᠡᠨ ᠤ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢᠨ ᠳᠡᠰ ᠲᠣᠭᠲᠠᠭᠠᠬᠤ ᠳᠥᠷᠢᠮ ᠢ ᠪᠠᠶᠢᠭᠤᠯᠵᠤ᠂ ᠳᠠᠭᠠᠳᠬᠠᠯ ᠳᠠᠭᠠᠭᠠᠬᠤ ᠠᠴᠠ ᠡᠮᠦᠨᠡᠬᠢ ᠲᠤᠬᠠᠢ ᠶᠢᠨ ᠲᠠᠯᠠᠪᠠᠢ ᠶᠢᠨ ᠬᠠᠶᠢᠨ ᠪᠠᠶᠢᠴᠠᠭᠠᠯᠲᠠ ᠪᠠᠨ ᠴᠢᠩᠭᠠᠳᠬᠠᠵᠤ᠂ ᠳᠠᠭᠠᠳᠬᠠᠯ ᠳᠤ ᠣᠷᠣᠯᠴᠠᠭᠰᠠᠨ ᠨᠢᠭᠡᠴᠡ ᠳᠤ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠲᠣᠭᠲᠠᠭᠰᠠᠨ ᠬᠤᠭᠤᠴᠠᠭ᠎ᠠ ᠲᠠᠢ ᠪᠠᠷ ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠠᠳᠡᠯ ᠢ ᠰᠡᠷᠭᠡᠶᠢᠯᠡᠬᠦ ᠠᠵᠢᠯ ᠳᠤ ᠪᠠᠶᠢᠴᠠᠭᠠᠯᠲᠠ ᠬᠢᠵᠦ᠂ ᠪᠢᠴᠢᠭ ᠢᠶᠠᠷ ᠴᠡᠭᠴᠡᠯᠡᠨ ᠵᠠᠰᠠᠬᠤ ᠰᠠᠨᠠᠯ ᠢᠶᠠᠨ ᠳᠤᠷᠠᠳᠤᠨ ᠭᠠᠷᠭᠠᠬᠤ ᠬᠡᠷᠡᠭᠲᠡᠢ᠃ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ ᠪᠠᠷ ᠢᠳᠡᠭᠡᠨ ᠤ ᠵᠦᠢᠯ ᠤᠨ ᠠᠮᠤᠷ ᠲᠦᠪᠰᠢᠨ ᠳᠤ ᠬᠤᠬᠢᠷᠠᠯᠲᠠᠢ ᠠᠳᠡᠯ ᠤᠨ ᠬᠢᠨᠠᠨ ᠲᠣᠭᠲᠠᠭᠠᠬᠤ ᠶᠠᠪᠤᠴᠠ ᠪᠠ ᠪᠠᠷᠢᠮᠵᠢᠶ᠎ᠠ ᠶᠢ ᠲᠣᠭᠲᠠᠭᠠᠵᠤ᠂ ᠠᠳᠡᠯ ᠤᠨ ᠬᠢᠨᠠᠨ ᠲᠣᠭᠲᠠᠭᠠᠬᠤ ᠮᠡᠳᠡᠭᠦᠯᠦᠯᠲᠡ ᠪᠠ ᠰᠣᠳᠣᠯᠣᠨ ᠪᠠᠶᠢᠴᠠᠭᠠᠭᠰᠠᠨ ᠦᠷ᠎ᠡ ᠳ᠋ᠦᠩ ᠤᠨ ᠮᠠᠭᠠᠳᠯᠠᠨ ᠲᠣᠭᠲᠠᠭᠠᠬᠤ ᠳᠡᠰ ᠳᠠᠷᠠᠭᠠᠯᠠᠯ ᠢ ᠲᠣᠳᠣᠷᠬᠠᠶᠢᠯᠠᠵᠤ᠂ ᠲᠦᠯᠦᠪᠦᠷᠢ ᠥᠭᠬᠦ ᠶᠠᠪᠤᠴᠠ ᠶᠢᠨ ᠢᠯᠡ ᠲᠣᠳᠣᠷᠬᠠᠢ᠂ ᠳᠦᠭᠦᠮ ᠪᠦᠭᠡᠳ ᠲᠦᠷᠭᠡᠨ ᠪᠠᠶᠢᠬᠤ ᠶᠢ ᠪᠠᠲᠤᠯᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃      ᠲᠠᠪᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠤᠨ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ      ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠵᠥᠪ ᠣᠨᠣᠪᠴᠢᠲᠠᠢ ᠶᠠᠷᠢᠶ᠎ᠠ ᠬᠡᠯᠡᠯᠴᠡᠭᠡ ᠶᠢᠨ ᠤᠳᠤᠷᠢᠳᠤᠮᠵᠢ ᠶᠢ ᠪᠠᠷᠢᠮᠲᠠᠯᠠᠵᠤ᠂ ︽ᠪᠦᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ︾᠎ ᠶᠢ ᠲᠣᠣᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠤᠨ ᠴᠢᠬᠤᠯᠠ ᠠᠴᠢ ᠬᠤᠯᠪᠣᠭᠳᠠᠯ᠂ ᠳᠠᠭᠠᠳᠬᠠᠯ ᠤᠨ ᠨᠡᠷᠡᠳᠬᠦᠨ ᠪᠠ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠭᠴᠢᠳ ᠢ ᠵᠢᠯᠣᠭᠤᠳᠴᠤ ᠳᠠᠭᠠᠳᠬᠠᠯ ᠤᠨ ᠲᠣᠭᠲᠠᠴᠠ ᠪᠠᠷ ᠳᠠᠮᠵᠢᠵᠤ ᠢᠳᠡᠭᠡᠨ ᠤ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠵᠠᠳᠠᠷᠠᠭᠤᠯᠤᠨ ᠠᠷᠢᠯᠭᠠᠵᠤ᠂ ᠲᠡᠳᠡᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠠᠯ᠎ᠠ ᠪᠠᠷ ᠬᠢ ᠮᠡᠳᠡᠷᠡᠮᠵᠢ ᠶᠢᠨ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠬᠤ ᠢᠳᠡᠪᠬᠢᠵᠢᠯ ᠢ ᠨᠢ ᠳᠡᠭᠡᠭᠰᠢᠯᠡᠭᠦᠯᠬᠦ ᠬᠡᠷᠡᠭᠲᠡᠢ᠃ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠭᠴᠢᠳ ᠤᠨ ᠲᠦᠭᠰᠢᠭᠦᠷᠢ ᠶᠢᠨ ᠦᠵᠡᠯ ᠤᠬᠠᠮᠰᠠᠷ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠳᠠᠭᠠᠳᠬᠠᠯ ᠳᠤ ᠣᠷᠣᠯᠴᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ᠂ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠪᠠ ᠲᠦᠯᠦᠪᠦᠷᠢ ᠨᠡᠬᠡᠬᠦ ᠦᠵᠡᠯ ᠤᠬᠠᠮᠰᠠᠷ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠥᠷᠢᠮ ᠢ ᠬᠦᠮᠦᠰ ᠤᠨ ᠰᠡᠳᠬᠢᠯ ᠳᠤ ᠭᠦᠨ ᠰᠠᠭᠤᠭᠳᠠᠭᠤᠯᠬᠤ ᠬᠡᠷᠡᠭᠲᠡᠢ᠃ ᠦᠭᠦᠯᠡᠯ ᠤᠨ ᠲᠠᠪᠴᠠᠩ᠂ ᠭᠡᠷ᠎ᠡ ᠲᠣᠭᠲᠠᠭᠠᠬᠤ ᠶᠣᠰᠤᠯᠠᠯ᠂ ᠥᠨᠡᠨᠴᠢ ᠢᠲᠡᠭᠡᠮᠵᠢ ᠶᠢᠨ ᠰᠠᠨᠠᠭᠠᠴᠢᠯᠠᠭ᠎ᠠ᠂ ᠠᠵᠢᠯ ᠲᠥᠷᠥᠯ ᠤᠨ ᠠᠮᠠᠯᠠᠯᠲᠠ᠂ ᠫᠠᠶᠢᠰᠠ ᠦᠨᠡᠮᠯᠡᠯ ᠣᠯᠭᠤᠨ ᠥᠭᠬᠦ ᠵᠡᠷᠭᠡ ᠬᠡᠯᠪᠡᠷᠢ ᠮᠠᠶ᠋ᠢᠭ ᠢᠶᠠᠷ ᠳᠠᠮᠵᠢᠵᠤ᠂ ᠳᠠᠭᠠᠳᠬᠠᠯ ᠳᠤ ᠣᠷᠣᠯᠴᠠᠬᠤ ᠠᠵᠤ ᠠᠬᠤᠶᠢᠯᠠᠯ ᠤᠳ ᠢ ᠵᠣᠬᠢᠶᠠᠨ ᠪᠠᠶᠢᠭᠤᠯᠤᠨ ᠬᠦᠳᠦᠯᠦᠨ ᠵᠢᠯᠣᠭᠤᠳᠴᠤ ᠢᠳᠡᠭᠡᠮᠵᠢᠲᠦ ᠨᠡᠷᠡᠲᠦ ᠲᠦᠷᠦᠯ ᠲᠡᠮᠳᠡᠭ ᠪᠠᠶᠢᠭᠤᠯᠵᠤ᠂ ᠥᠨᠡᠨᠴᠢ ᠢᠲᠡᠭᠡᠮᠵᠢᠲᠦ ᠰᠣᠶᠣᠯ ᠢ ᠪᠣᠢ ᠪᠣᠯᠭᠠᠬᠤ ᠬᠡᠷᠡᠭᠲᠡᠢ᠃ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠤᠬᠠᠭᠤᠯᠭ᠎ᠠ ᠶᠢ ︽ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠪᠠᠷᠢᠯᠭ᠎ᠠ ᠶᠢᠨ ᠭᠠᠵᠠᠷ ᠲᠤ ᠣᠷᠣᠭᠤᠯᠬᠤ᠂ ᠬᠡᠳᠦ ᠳᠡᠯᠭᠡᠭᠦᠷ ᠲᠤ ᠣᠷᠤᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ︾ ᠠᠵᠢᠯᠯᠠᠭ᠎ᠠ ᠨᠤᠭᠤᠳ ᠢ ᠢᠳᠡᠪᠬᠢᠲᠡᠢ ᠦᠷᠨᠢᠭᠦᠯᠵᠦ᠂ ᠢᠳᠡᠭᠡᠨ ᠤ ᠵᠦᠢᠯ ᠤᠨ ᠠᠮᠤᠷ ᠲᠦᠪᠰᠢᠨ ᠤ ᠳᠠᠭᠠᠳᠬᠠᠯ ᠤᠨ ᠳᠥᠷᠢᠮ ᠢ ᠦᠷᠭᠡᠨ ᠳᠡᠯᠭᠡᠷ ᠤᠬᠠᠭᠤᠯᠵᠤ᠂ ᠬᠡᠷᠡᠭᠯᠡᠭᠴᠢᠳ ᠢ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠦᠨᠡᠨᠬᠦ ᠬᠠᠮᠠᠭᠠᠯᠠᠬᠤ ᠪᠠᠷ ᠬᠦᠮᠦᠵᠢᠭᠦᠯᠵᠦ ᠬᠦᠳᠦᠯᠦᠨ ᠵᠢᠯᠣᠭᠤᠳᠬᠤ ᠬᠡᠷᠡᠭᠲᠡᠢ᠃ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠠᠵᠢᠯ ᠢ ᠦᠷᠨᠢᠭᠦᠯᠦᠭᠰᠡᠨ ᠠᠮᠵᠢᠯᠲᠠ ᠪᠦᠲᠦᠭᠡᠯᠲᠠᠢ ᠲᠤᠷᠰᠢᠯᠭ᠎ᠠ ᠶᠢ ᠶᠡᠬᠡᠪᠡᠷ ᠤᠬᠠᠭᠤᠯᠵᠤ᠂ ᠨᠢᠭᠡᠨ ᠪᠦᠯᠦᠭ ᠨᠡᠶᠢᠭᠡᠮ ᠤᠨ ᠬᠠᠷᠢᠭᠤᠴᠠᠯᠭ᠎ᠠ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠳᠠᠭᠠᠳᠬᠠᠯ ᠳᠤ ᠢᠳᠡᠪᠬᠢᠲᠡᠢ ᠣᠷᠣᠯᠴᠠᠭᠰᠠᠨ ᠨᠡᠶᠢᠲᠡᠯᠢᠭ ᠠᠵᠤ ᠠᠬᠤᠶᠢᠯᠠᠯ ᠤᠳ ᠣᠨᠴᠤᠭᠤᠢᠢᠯᠠᠨ ᠨᠡᠷ᠎ᠡ ᠴᠣᠣᠲᠠᠢ ᠠᠵᠤ ᠠᠬᠤᠶᠢᠯᠠᠯ ᠤᠳ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃      ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠪᠠᠨ ᠡᠳᠦᠷ ᠳᠣᠲᠣᠮ ᠤᠨ ᠵᠦᠪᠯᠡᠬᠦ ᠵᠦᠢᠯ ᠳᠡᠭᠡᠨ ᠦᠨᠡᠨᠬᠦ ᠣᠷᠤᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠲᠣᠭᠲᠠᠴᠠ ᠪᠠᠨ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠪᠠᠶᠢᠷᠢᠯᠠᠭᠤᠯᠬᠤ᠂ ᠬᠡᠷᠡᠭᠵᠢᠭᠦᠯᠬᠦ᠂ ᠪᠠᠶᠢᠴᠠᠭᠠᠬᠤ᠂ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠨᠢᠭᠡᠳᠦᠯᠲᠡᠢ ᠲᠦᠯᠦᠪᠯᠡᠨ ᠬᠠᠮᠵᠢᠯᠴᠠᠵᠤ᠂ ᠠᠵᠢᠯ ᠤᠨ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠪᠠᠷ ᠳᠠᠮᠵᠢᠵᠤ᠂ ᠢᠳᠡᠭᠡᠨ ᠤ ᠵᠦᠢᠯ ᠤᠨ ᠠᠮᠤᠷ ᠲᠦᠪᠰᠢᠨ ᠢ ᠨᠡᠶᠢᠭᠡᠮ ᠢᠶᠠᠷ ᠢᠶᠠᠨ ᠬᠠᠮᠳᠤ ᠪᠠᠷ ᠵᠠᠰᠠᠬᠤ ᠪᠠᠶᠢᠳᠠᠯ ᠲᠠᠢ ᠪᠣᠯᠭᠠᠬᠤ ᠶᠢ ᠠᠬᠢᠭᠤᠯᠵᠤ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠪᠦᠬᠦ ᠣᠷᠣᠨ ᠤ ᠥᠨᠳᠦᠰᠦᠲᠡᠨ ᠨᠦᠭᠦᠳ ᠤᠨ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠥᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号