︽ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠬᠢᠨᠠᠨ ᠬᠠᠮᠢᠶᠠᠷᠬᠤ ᠶᠢᠨ ᠬᠠᠤᠯᠢ ᠬᠡᠷᠡᠭᠵᠢᠭᠦᠯᠬᠦ ᠶᠢ | ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾᠂ ︽ᠣᠷᠴᠢᠨ | ᠠᠬᠤᠶ ᠶᠢᠨ ᠬᠠᠮᠠᠭᠠᠯᠠᠯᠲᠠ ᠶᠢᠨ ᠲᠥᠷᠢᠮ ᠢ ᠵᠥᠷᠢᠴᠡᠭᠰᠡᠨ ᠪᠦᠳᠤᠭᠡᠨ ᠪᠠᠶᠢᠭᠤᠯᠤᠯᠲᠠ ᠶᠢᠨ ᠲᠦᠢᠷᠦᠯ ᠵᠦᠢᠯ ᠢ ᠪᠦᠬᠦ | ᠲᠠᠯ᠎ᠠ ᠪᠠᠷ ᠢᠯᠭᠠᠷᠠᠭᠤᠯᠤᠨ ᠴᠡᠭᠴᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠪᠤᠯᠤᠨ ︽ᠣᠷᠴᠢᠨ ᠠᠬᠤᠶ ᠶᠢᠨ ᠬᠠᠮᠠᠭᠠᠯᠠᠯᠲᠠ ᠶᠢᠨ | ᠲᠥᠷᠢᠮ ᠢ ᠵᠥᠷᠢᠴᠡᠭᠰᠡᠨ ᠪᠦᠳᠤᠭᠡᠨ ᠪᠠᠶᠢᠭᠤᠯᠤᠯᠲᠠ ᠶᠢᠨ ᠲᠦᠷᠦᠯ ᠵᠦᠢᠯ ᠢ ᠢᠯᠭᠠᠷᠠᠭᠤᠯᠤᠨ ᠴᠡᠭᠴᠡᠯᠡᠭᠰᠡᠨ ᠦᠷ᠎ᠡ | ᠳ᠋ᠦᠩ ᠢ ᠮᠡᠳᠡᠭᠦᠯᠦᠨ ᠬᠦᠷᠭᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠤᠨ ᠵᠠᠬᠢᠳᠠᠯ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠦᠨᠳᠦᠰᠦᠯᠡᠨ᠂ ᠪᠤᠭᠤᠲᠤ ᠬᠤᠲᠠ ᠬᠠᠷᠢᠶ᠎ᠠ ᠣᠷᠣᠨ ᠤ ᠪᠠᠨ ᠳᠣᠲᠣᠷᠠᠬᠢ ᠣᠷᠴᠢᠨ ᠠᠬᠤᠶ ᠶᠢᠨ ᠬᠠᠮᠠᠭᠠᠯᠠᠯᠲᠠ ᠶᠢᠨ | ᠲᠥᠷᠢᠮ ᠢ ᠵᠥᠷᠢᠴᠡᠭᠰᠡᠨ ᠪᠦᠳᠤᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠬᠦᠴᠦᠲᠡᠶ ᠠᠷᠭ᠎ᠠ ᠬᠡᠮᠵᠢᠶ᠎ᠡ | ᠠᠪᠴᠤ᠂ ᠪᠦᠬᠦ ᠲᠠᠯ᠎ᠠ ᠪᠠᠷ ᠢᠯᠭᠠᠷᠠᠭᠤᠯᠤᠨ ᠴᠡᠭᠴᠡᠯᠡᠵᠦ᠂ ᠢᠳᠡᠪᠬᠢᠲᠡᠶ ᠠᠬᠢᠴᠠ ᠲᠠᠢ ᠪᠣᠯᠪᠠ᠃ ᠪᠢᠴᠢᠭ | ᠮᠠᠲ᠋ᠧᠷᠢᠶᠠᠯ ᠤᠨ ᠳᠠᠭᠠᠯᠲᠠ ᠨᠠᠷᠢᠨ ᠬᠠᠭᠤᠳᠠᠰᠤ ᠶᠤᠰᠤᠭᠠᠷ᠂ ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ | ᠬᠦᠢᠴᠡᠳᠭᠡᠭᠰᠡᠨ ᠣᠷᠴᠢᠨ ᠠᠬᠤᠶ ᠶᠢᠨ ᠬᠠᠮᠠᠭᠠᠯᠠᠯᠲᠠ ᠶᠢᠨ ᠲᠥᠷᠢᠮ ᠢ ᠵᠥᠷᠢᠴᠡᠭᠰᠡᠨ ᠪᠦᠳᠤᠭᠡᠨ ᠪᠠᠶᠢᠭᠤᠯᠤᠯᠲᠠ ᠶᠢᠨ | 445 ᠲᠦᠷᠦᠯ ᠵᠦᠢᠯ ᠪᠤᠯᠤᠨ ᠪᠤᠭᠤᠲᠤ ᠬᠤᠲᠠ ᠶᠢᠨ ᠰᠢᠮᠳᠠᠭᠤᠯᠤᠨ ᠬᠦᠢᠴᠡᠳᠭᠡᠭᠰᠡᠨ ᠣᠷᠴᠢᠨ ᠲᠣᠭᠤᠷᠢᠨ ᠤ | ᠲᠥᠷᠢᠮ ᠢ ᠵᠥᠷᠢᠴᠡᠭᠰᠡᠨ ᠪᠦᠳᠤᠭᠡᠨ ᠪᠠᠶᠢᠭᠤᠯᠤᠯᠲᠠ ᠶᠢᠨ 867 ᠲᠦᠷᠦᠯ ᠵᠦᠢᠯ ᠢ ᠨᠡᠶᠢᠯᠡᠭᠦᠯᠦᠭᠡᠳ 1008 | ᠪᠤᠯᠪᠠ᠂ ᠡᠭᠦᠨ ᠳᠤ ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠥᠳᠥᠭᠡᠨ ᠪᠠᠶᠢᠭᠤᠯᠤᠭᠰᠠᠨ ᠲᠥᠷᠥᠯ ᠵᠦᠢᠯ 621᠂ | ᠤᠳᠠᠭᠠᠰᠢᠷᠠᠭᠤᠯᠤᠭᠠᠳ ᠰᠢᠯᠭᠠᠭᠰᠠᠨ ᠦᠭᠡᠢ ᠲᠦᠷᠦᠯ ᠵᠦᠢᠯ 38 ᠪᠤᠢ᠃ ᠣᠳᠣ ᠪᠣᠯᠲᠠᠯ᠎ᠠ᠂ 990 ᠲᠦᠷᠦᠯ | ᠵᠦᠢᠯ ᠢ ᠴᠡᠭᠴᠡᠯᠡᠨ ᠵᠠᠰᠠᠵᠤ᠂ ᠪᠠᠰᠠ18 ᠲᠥᠷᠥᠯ ᠵᠦᠢᠯ ᠢ ᠴᠡᠭᠴᠡᠯᠡᠨ ᠵᠠᠰᠠᠭᠠᠳᠤᠢ ᠪᠠᠶᠢᠵᠤ᠂ ᠴᠡᠭᠴᠡᠯᠡᠨ | ᠵᠠᠰᠠᠭᠰᠠᠨ ᠨᠣᠷᠮ᠎ᠠ ᠨᠢ 98.2% ᠲᠤ ᠬᠦᠷᠪᠡ᠃ | ᠳᠠᠷᠠᠭᠠᠴᠢ ᠶᠢᠨ ᠠᠯᠬᠤᠮ ᠳᠤ᠂ ᠪᠤᠭᠤᠲᠤ ᠬᠤᠳᠠ ᠦᠢᠯᠡᠳᠪᠦᠷᠢᠯᠡᠯ ᠢ ᠵᠤᠭᠰᠤᠭᠠᠨ ᠴᠡᠭᠴᠡᠯᠡᠨ ᠥᠭᠡᠷᠡᠴᠢᠯᠡᠬᠦ | ᠲᠦᠷᠦᠯ ᠵᠦᠢᠯ ᠤᠨ ᠲᠠᠯ᠎ᠠ ᠳᠤ᠂ ᠪᠦᠳᠦᠭᠡᠠ ᠪᠠᠶᠢᠭᠤᠯᠤᠯᠲᠠ ᠶᠢᠨ ᠨᠢᠭᠡᠴᠡ ᠶᠢ ᠰᠢᠮᠳᠠᠭᠤᠯᠤᠨ ᠱᠠᠭᠠᠷᠳᠠᠵᠤ ᠪᠠᠶᠢᠭᠠᠳ | ᠠᠯᠢ ᠲᠦᠷᠭᠡᠨ ᠢᠶᠠᠷ ᠴᠡᠭᠴᠡᠯᠡᠨ ᠥᠭᠡᠷᠡᠴᠢᠯᠡᠵᠦ᠂ ᠴᠡᠭᠴᠡᠯᠡᠨ ᠦᠬᠡᠷᠡᠴᠢᠯᠡᠭᠡᠳ ᠣᠷᠴᠢᠨ ᠠᠬᠤᠶ ᠶᠢᠨ | ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠡᠳ ᠣᠷᠴᠢᠨ ᠠᠬᠤᠶ ᠶᠢᠨ ᠬᠠᠮᠠᠭᠠᠯᠠᠯᠲᠠ ᠶᠢᠨ ᠰᠠᠯᠠᠭ᠎ᠠ ᠮᠥᠴᠢᠷ | ᠰᠢᠯᠭᠠᠨ ᠬᠤᠷᠢᠶᠠᠭᠰᠠᠨ ᠤ ᠲᠠᠷᠠᠭ᠎ᠠ ᠰᠠᠶ᠋ᠢ ᠦᠢᠯᠡᠳᠪᠦᠷᠢᠯᠡᠯ ᠢᠶᠠᠨ ᠰᠡᠷᠭᠦᠭᠡᠵᠦ ᠪᠣᠯᠤᠨ᠎ᠠ︔ ᠪᠣᠢ ᠪᠦᠬᠦᠢ ᠲᠦᠷᠥᠯ | ᠵᠦᠢᠯ ᠤᠨ ᠳᠠᠩᠰᠠ ᠡᠪᠬᠡᠮᠡᠯ ᠢ ᠪᠦᠷᠢᠨᠰᠢᠭᠦᠯᠵᠤ᠂ ︽ᠨᠢᠭᠡ ᠠᠵᠤ ᠠᠬᠤᠶᠢᠯᠠᠯ ᠨᠢᠭᠡ ᠲᠠᠩᠰᠠ ᠡᠪᠬᠡᠮᠡᠯ︾ ᠤᠨ | ᠱᠠᠭᠠᠷᠳᠠᠯᠭ᠎ᠠ ᠶᠣᠰᠣᠭᠠᠷ ᠳᠠᠩᠰᠠ ᠡᠪᠬᠡᠮᠡᠯ ᠳᠤ ᠤᠷᠤᠭᠤᠯᠤᠨ᠎ᠠ︔ ︽ᠡᠷᠭᠢᠵᠦ ᠬᠠᠷᠠᠬᠤ︾ ᠠᠵᠢᠯ ᠢ ᠰᠠᠶᠢᠲᠤᠷ | ᠬᠢᠵᠤ᠂ ᠨᠢᠭᠡᠨᠲᠡ ᠢᠯᠭᠠᠷᠠᠭᠤᠯᠤᠨ ᠴᠡᠭᠴᠡᠯᠡᠵᠤ ᠳᠠᠭᠤᠰᠤᠭᠰᠠᠨ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠠᠢ᠃ ᠢᠯᠠᠩᠭᠤᠶ᠎ᠠ ᠨᠢᠭᠡᠨᠲᠡ ᠬᠠᠭᠠᠯᠭᠠᠵᠤ ᠵᠤᠭᠰᠤᠭᠠᠭᠰᠠᠨ ᠲᠦᠷᠦᠯ ᠵᠦᠢᠯ ᠤᠨ ᠡᠳᠦᠷ | ᠲᠤᠳᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ︽ᠳᠠᠬᠢᠨ ᠰᠡᠷᠭᠦᠬᠦ︾ ᠶᠢ ᠴᠢᠩᠭ᠎ᠠ ᠰᠡᠷᠭᠡᠶᠢᠯᠡᠬᠦ | ᠬᠡᠷᠡᠭᠲᠠᠢ᠃ |