ᠬᠥᠬᠡᠬᠤᠲᠠ ᠶᠢᠨ ᠬᠤᠲᠠ ᠶᠢᠨ ᠲᠦᠷᠭᠡᠨ ᠬᠤᠷᠳᠤᠴᠠᠲᠤ ᠵᠠᠮ ᠤᠨ ᠵᠠᠮ ᠬᠠᠷᠢᠯᠴᠠᠭᠠᠨ ᠤ ᠡᠮᠬᠢ ᠵᠢᠷᠤᠮ ᠤᠨ ᠬᠠᠮᠢᠶᠠᠷᠤᠯᠲᠠ ᠶᠢᠨ ᠰᠢᠨ᠎ᠡ ᠲᠣᠭᠲᠠᠭᠠᠯ ᠢ ᠢᠷᠡᠬᠦ ᠵᠢᠯ ᠤᠨ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2016/12/8
      ᠣᠷᠴᠢᠮᠬᠠᠨ᠂ ᠬᠥᠬᠡᠬᠤᠲᠠ ᠶᠢᠨ ᠬᠤᠳᠠ ᠶᠢᠨ ᠲᠦᠷᠭᠡᠨ ᠬᠤᠷᠳᠤᠴᠠᠲᠤ ᠵᠠᠮ ᠤᠨ ᠵᠠᠮ ᠬᠠᠷᠢᠯᠴᠠᠭᠠᠨ ᠤ ᠡᠮᠬᠢ ᠵᠢᠷᠤᠮ ᠤᠨ ᠬᠠᠮᠢᠶᠠᠷᠤᠯᠲᠠ ᠶᠢ ᠴᠢᠩᠭᠠᠳᠬᠠᠨ᠂ ᠲᠦᠷᠭᠡᠨ ᠬᠤᠷᠳᠤᠴᠠᠲᠤ ᠵᠠᠮ ᠤᠨ ᠵᠠᠮ ᠬᠠᠷᠢᠯᠴᠠᠭ᠎ᠠ ᠶᠢᠨ ᠠᠮᠤᠷ ᠲᠦᠪᠰᠢᠨ ᠬᠢᠭᠡᠳ ᠰᠠᠭᠠᠳ ᠤᠢᠭᠡᠢ ᠨᠡᠪᠲᠡᠷᠡᠬᠦ ᠶᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠶᠢᠨ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠶᠢᠨ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾᠎ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠬᠥᠬᠡᠬᠤᠲᠠ ᠶᠢᠨ ᠲᠦᠷᠭᠡᠨ ᠬᠤᠷᠳᠤᠴᠠᠲᠤ ᠵᠠᠮ ᠤᠨ ᠪᠣᠳᠠᠲᠠᠶ ᠵᠠᠮ ᠬᠠᠷᠢᠯᠴᠠᠭᠠᠨ ᠤ ᠪᠠᠶᠢᠳᠠᠯ ᠲᠠᠢ ᠤᠶᠠᠯᠳᠤᠭᠤᠯᠤᠨ᠂ ᠬᠥᠬᠡᠬᠤᠲᠠ ᠶᠢᠨ ᠬᠤᠳᠠ ᠶᠢᠨ ᠲᠦᠷᠭᠡᠨ ᠬᠤᠷᠳᠤᠴᠠᠲᠤ ᠵᠠᠮ ᠳᠤ ᠵᠠᠮ ᠬᠠᠷᠢᠯᠴᠠᠭᠠᠨ ᠤ ᠬᠠᠮᠢᠶᠠᠷᠤᠯᠲᠠ ᠬᠡᠷᠡᠭᠵᠢᠭᠦᠯᠬᠦ ᠲᠤᠬᠠᠶ ᠬᠥᠬᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠮᠡᠳᠡᠭᠳᠡᠯ ᠨᠡᠶᠢᠲᠡᠯᠡᠭᠰᠡᠨ ᠪᠦᠭᠡᠳ 2017 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠪᠣᠯᠪᠠ᠃     ᠮᠡᠳᠡᠭᠳᠡᠯ ᠳᠤ ᠵᠢᠭᠠᠵᠤ ᠭᠠᠷᠭᠠᠭᠰᠠᠨ ᠨᠢ᠂ ᠶᠠᠪᠠᠭᠠᠨ ᠬᠥᠮᠦᠨ᠂ ᠮᠠᠰᠢᠨᠲᠤ ᠪᠤᠰᠤ ᠲᠡᠷᠭᠡ᠂ ᠵᠡᠮᠳᠡᠭᠴᠦᠳ ᠤᠨ ᠴᠠᠬᠢᠯᠭᠠᠨ ᠬᠥᠳᠡᠯᠭᠡᠭᠦᠷᠲᠦ ᠬᠦᠷᠳᠦᠲᠦ ᠰᠠᠨᠳᠠᠯᠢ ᠲᠡᠷᠭᠡ᠂ ᠮᠣᠲ᠋ᠣᠷ ᠲᠡᠷᠭᠡ᠂ ᠲᠷᠠᠺᠲ᠋ᠣᠷ᠂ ᠬᠥᠳᠡᠭᠡ ᠠᠵᠤ ᠠᠬᠤᠶ ᠳᠤ ᠬᠡᠷᠡᠭᠯᠡᠬᠦ ᠲᠡᠷᠭᠡ ︵ᠭᠤᠷᠪᠠᠨ ᠬᠦᠷᠳᠦᠲᠦ ᠮᠠᠰᠢᠨ ᠲᠡᠷᠭᠡ᠂ ᠳᠣᠣᠷ᠎ᠠ ᠬᠤᠷᠳᠤᠴᠠᠲᠤ ᠪᠠᠷᠠᠭ᠎ᠠ ᠲᠡᠭᠡᠭᠡᠬᠦ ᠮᠠᠰᠢᠨ ᠲᠡᠷᠭᠡ︶᠂ ᠤᠨᠤᠭ᠎ᠠ ᠬᠥᠰᠭᠡ᠂ ᠲᠤᠰᠬᠠᠶ ᠬᠡᠷᠡᠭᠯᠡᠭᠡᠨ ᠤ ᠬᠦᠷᠳᠦᠲᠦ ᠮᠧᠬᠠᠨᠢᠭ ᠲᠡᠷᠭᠡ᠂ ᠭᠢᠨᠵᠢᠲᠦ ᠮᠠᠰᠢᠨ ᠲᠡᠷᠭᠡ᠂ ᠳᠠᠰᠬᠠᠯᠵᠢᠭᠤᠯᠤᠭᠴᠢ ᠲᠡᠷᠭᠡᠨ ᠤ ᠫᠠᠶᠢᠰᠠ ᠡᠯᠭᠦᠭᠰᠡᠨ ᠪᠠ ᠲᠤᠷᠰᠢᠯᠲᠠ ᠶᠢᠨ ᠲᠡᠷᠭᠡᠨ ᠤ ᠫᠠᠶᠢᠰᠠ ᠡᠯᠭᠦᠭᠰᠡᠨ ᠲᠡᠷᠭᠡ᠂ 7 ᠰᠠᠭᠤᠳᠠᠯ ︵7 ᠰᠠᠭᠤᠳᠠᠯ ᠢ ᠪᠠᠭᠲᠠᠭᠠᠬᠤ ᠦᠭᠡᠢ︶᠎ ᠠᠴᠠ ᠳᠡᠭᠡᠭᠰᠢᠬᠢ ᠠᠶᠠᠨᠴᠢᠳ ᠤᠨ ᠲᠡᠷᠭᠡ᠂ ᠪᠠᠷᠠᠭ᠎ᠠ ᠠᠴᠢᠶᠠᠯᠠᠭᠰᠠᠨ ᠮᠠᠰᠢᠨ ᠲᠡᠷᠭᠡ ᠬᠤᠳᠠ ᠶᠢᠨ ᠲᠦᠷᠭᠡᠨ ᠬᠤᠷᠳᠤᠴᠠᠲᠤ ᠭᠤᠣᠯ ᠵᠠᠮ ᠢᠶᠠᠷ ᠠᠶᠠᠯᠠᠬᠤ ᠶᠢ ᠴᠠᠭᠠᠵᠢᠯᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠶᠢᠨ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠶᠢᠨ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾᠎ ᠳᠤ ᠲᠣᠭᠲᠠᠭᠠᠭᠰᠠᠨ ᠴᠠᠭᠳᠠᠭᠠᠨ ᠤ ᠲᠡᠷᠭᠡ᠂ ᠭᠠᠯ ᠤᠨᠲᠠᠷᠠᠭᠠᠬᠤ ᠲᠡᠷᠭᠡ᠂ ᠲᠥᠷᠭᠡᠨ ᠠᠪᠤᠷᠠᠬᠤ ᠲᠡᠷᠭᠡ᠂ ᠠᠪᠤᠷᠠᠨ ᠲᠤᠰᠠᠯᠠᠬᠤ ᠲᠡᠷᠭᠡ ᠪᠠᠴᠢᠮ ᠡᠭᠦᠷᠭᠡ ᠭᠦᠢᠴᠡᠳᠬᠡᠬᠦ ᠎ ᠳᠤ ᠬᠢᠵᠠᠭᠠᠷᠯᠠᠭᠳᠠᠬᠤ ᠦᠭᠡᠢ᠂ ᠪᠠᠴᠢᠮ ᠡᠭᠦᠷᠭᠡ ᠭᠦᠢᠴᠡᠳᠬᠡᠬᠦ ᠪᠣᠰᠤ ᠦᠶ᠎ᠡ ᠳᠤ ᠲᠦᠷᠭᠡᠨ ᠬᠤᠷᠳᠤᠴᠠᠲᠤ ᠵᠠᠮ ᠤᠨ ᠨᠡᠪᠲᠡᠷᠡᠯᠭᠡ ᠶᠢᠨ ᠲᠣᠭᠲᠠᠭᠠᠯ ᠶᠣᠰᠣᠭᠠᠷ ᠶᠠᠪᠤᠬᠤ ᠬᠡᠷᠡᠭᠲᠡᠶ︔ ᠶᠠᠪᠠᠭᠠᠨ ᠬᠥᠮᠦᠨ᠂ ᠮᠠᠰᠢᠨᠲᠤ ᠪᠤᠰᠤ ᠲᠡᠷᠭᠡ ᠪᠣᠯ ᠶᠠᠪᠠᠭᠠᠨ ᠬᠥᠮᠦᠨ ᠤ ᠵᠠᠮ᠂ ᠮᠠᠰᠢᠨᠲᠤ ᠪᠤᠰᠤ ᠲᠡᠷᠭᠡᠨ ᠤ ᠵᠠᠮ ᠪᠠ ᠵᠡᠭᠡᠯᠢ ᠥᠩᠭᠡᠷᠡᠬᠦ ᠬᠦᠭᠦᠷᠭᠡ ᠪᠠᠷ ᠶᠠᠪᠤᠬᠤ ᠬᠡᠷᠡᠭᠲᠡᠶ︔ ᠬᠤᠳᠠ ᠶᠢᠨ ᠠᠮᠢᠳᠤᠷᠠᠯ ᠤᠨ ᠪᠣᠳᠠᠰ ᠢ ᠲᠡᠭᠡᠭᠡᠪᠦᠷᠢᠯᠡᠨ ᠬᠦᠷᠭᠡᠬᠦ ᠪᠢᠴᠢᠯ ᠬᠡᠯᠪᠡᠷᠢ᠂ ᠬᠥᠡᠭᠭᠡᠨ ᠬᠡᠯᠪᠡᠷᠢ ᠶᠢᠨ ᠪᠲᠡᠭᠦᠮᠵᠢᠲᠦ ᠮᠠᠶ᠋ᠢᠭ ᠤᠨ ᠠᠴᠢᠶᠠᠨ ᠤ ᠲᠡᠷᠭᠡ ᠲᠦᠷᠭᠡᠨ ᠬᠤᠷᠳᠤᠴᠠᠲᠤ ᠵᠠᠮ ᠤᠨ ᠬᠠᠪᠰᠤᠷᠤᠭ᠎ᠠ ᠵᠠᠮ ᠢᠶᠠᠷ ᠨᠡᠪᠲᠡᠷᠡᠬᠦ ᠶᠢ ᠵᠦᠪᠰᠢᠶᠡᠷᠡᠨ᠎ᠡ᠃ ᠪᠢᠴᠢᠯ ᠬᠡᠯᠪᠡᠷᠢ᠂ ᠬᠥᠡᠭᠭᠡᠨ ᠬᠡᠯᠪᠡᠷᠢ ᠶᠢᠨ ᠡᠩ ᠤᠨ ᠠᠴᠢᠶᠠᠨ ᠤ ᠲᠡᠷᠭᠡ ᠡᠷᠲᠡ ᠣᠷᠣᠶ ᠶᠢᠨ ᠵᠠᠮ ᠬᠠᠷᠢᠯᠴᠠᠭᠠᠨ ᠤ ᠣᠷᠭᠢᠯ ᠴᠠᠭ ᠠᠴᠠ ᠭᠠᠳᠠᠨ᠎ᠠ᠂ ᠲᠦᠷᠭᠡᠨ ᠬᠤᠷᠳᠤᠴᠠᠲᠤ ᠵᠠᠮ ᠤᠨ ᠬᠠᠪᠰᠤᠷᠤᠭ᠎ᠠ ᠵᠠᠮ ᠢᠶᠠᠷ ᠨᠡᠪᠲᠡᠷᠡᠬᠦ ᠶᠢ ᠵᠦᠪᠰᠢᠶᠡᠷᠡᠨ᠎ᠡ︔ ᠮᠠᠰᠢᠨᠲᠤ ᠲᠡᠷᠭᠡ ᠲᠦᠷᠭᠡᠨ ᠬᠤᠷᠳᠤᠴᠠᠲᠤ ᠵᠠᠮ ᠢᠶᠠᠷ ᠠᠶᠠᠯᠬᠤ ᠳᠠᠭᠠᠨ ᠬᠤᠷᠳᠤᠴᠠ ᠶᠢ ᠬᠢᠵᠠᠭᠠᠷᠯᠠᠬᠤ ᠢᠯᠡᠳᠬᠡᠮᠵᠢ ᠳᠡᠮᠳᠡᠭ ᠲᠤ ᠲᠣᠳᠣᠷᠬᠠᠶᠢᠯᠠᠭᠰᠠᠨ ᠬᠠᠮᠤᠭ ᠤᠨ ᠦᠨᠳᠦᠷ ᠴᠠᠭ ᠤᠨ ᠬᠤᠷᠳᠤᠴᠠ ᠠᠴᠠ ᠬᠡᠲᠦᠷᠡᠭᠦᠯᠵᠦ ᠪᠣᠯᠬᠤ ᠦᠭᠡᠢ᠂ ᠬᠤᠷᠳᠤᠴᠠ ᠶᠢ ᠬᠢᠵᠠᠭᠠᠷᠯᠠᠬᠤ ᠢᠯᠡᠳᠬᠡᠮᠵᠢ ᠳᠡᠮᠳᠡᠭ ᠲᠤ ᠲᠣᠳᠣᠷᠬᠠᠶᠢᠯᠠᠭᠰᠠᠨ ᠬᠠᠮᠤᠭ ᠤᠨ ᠳᠣᠣᠷ᠎ᠠ ᠴᠠᠭ ᠤᠨ ᠬᠤᠷᠳᠤᠴᠠ ᠠᠴᠠ ᠳᠣᠣᠷ᠎ᠠ ᠪᠠᠶᠢᠵᠤ ᠪᠣᠯᠬᠤ ᠦᠭᠡᠢ︔ ᠰᠥᠨᠢ ᠪᠠᠷ ᠠᠶᠠᠯᠠᠬᠤ ᠪᠤᠶᠤ ᠡᠯᠡᠰᠦᠨ ᠰᠢᠭᠤᠷᠭ᠎ᠠ᠂ ᠮᠥᠨᠳᠥᠷ᠂ ᠪᠣᠷᠤᠭ᠎ᠠ᠂ ᠴᠠᠰᠤ᠂ ᠮᠠᠨᠠᠨ᠂ ᠮᠦᠰᠦᠳᠦᠯ ᠵᠡᠷᠭᠡ ᠮᠠᠭᠤ ᠠᠭᠤᠷ ᠠᠮᠢᠰᠬᠤᠯ ᠳᠣᠬᠢᠶᠠᠯᠳᠤᠭᠰᠠᠨ ᠦᠶ᠎ᠡ ᠳᠤ ᠲᠣᠭᠲᠠᠭᠠᠯ ᠢ ᠦᠨᠳᠦᠰᠦᠯᠡᠨ ᠵᠠᠬ᠎ᠠ ᠶᠢᠨ ᠳ᠋ᠧᠩ᠂ ᠠᠷᠤ ᠶᠢᠨ ᠳ᠋ᠧᠩ᠂ ᠠᠷᠤ ᠶᠢᠨ ᠮᠡᠨᠡᠠ ᠳ᠋ᠧᠩ ᠪᠣᠯᠣᠨ ᠲᠦᠭᠰᠢᠭᠦᠷᠢ ᠶᠢᠨ ᠰᠡᠷᠡᠮᠵᠢ ᠶᠢᠨ ᠳᠤᠬᠢᠶᠠᠨ ᠤ ᠭᠢᠯᠪᠠᠭᠠᠨ ᠳ᠋ᠧᠩ ᠢᠶᠠᠨ ᠵᠣᠬᠢᠴᠠᠭᠤᠯᠤᠨ ᠨᠡᠬᠡᠬᠡᠵᠦ᠂ ᠠᠯᠭᠤᠷ ᠠᠶᠠᠯᠠᠬᠤ ᠬᠡᠷᠡᠭᠲᠡᠢ︔ ᠲᠦᠷᠭᠡᠨ ᠬᠤᠷᠳᠤᠴᠠᠲᠤ ᠵᠠᠮ ᠳᠡᠭᠡᠷ᠎ᠡ ᠲᠡᠷᠭᠡ ᠪᠠᠨ ᠵᠣᠭᠰᠣᠭᠠᠵᠤ ᠬᠥᠮᠦᠨ ᠬᠠᠷ᠎ᠠ ᠪᠠᠭᠤᠵᠤ ᠭᠠᠷᠬᠤ ᠪᠤᠶᠤ ᠡᠳ᠋ ᠪᠠᠷᠠᠭ᠎ᠠ ᠠᠴᠢᠶᠠᠯᠠᠵᠤ ᠪᠠᠭᠤᠯᠭᠠᠵᠦ ᠤᠭᠲᠤ ᠪᠣᠯᠬᠤ ᠦᠭᠡᠢ᠃ ᠲᠡᠷᠭᠡ ᠬᠥᠰᠬᠡ ᠰᠠᠭᠠᠳ ᠭᠠᠷᠬᠤ᠂ ᠡ᠊ᠨᠳᠡᠯ ᠭᠠᠷᠬᠤ ᠵᠡᠷᠭᠡ ᠪᠠᠴᠢᠮ ᠪᠠᠶᠢᠳᠠᠯ ᠳᠤ ᠪᠠᠴᠢᠮ ᠪᠠᠶᠢᠳᠠᠯ ᠢ ᠠᠷᠭᠠᠴᠠᠬᠤ ᠲᠡᠷᠭᠡ ᠵᠣᠭᠰᠣᠬᠤ ᠲᠣᠭᠤᠷᠢᠭ ᠲᠤ ᠳᠦᠷ ᠵᠣᠭᠰᠣᠭᠠᠵᠤ᠂ ᠠᠮᠤᠷ ᠲᠥᠪᠰᠢᠨ ᠤ ᠰᠡᠷᠡᠮᠵᠢᠯᠡᠭᠦᠯᠬᠦ ᠫᠠᠶᠢᠰᠠ ᠲᠠᠯᠪᠢᠬᠤ ᠬᠡᠷᠡᠭᠲᠡᠶ︔ ᠲᠦᠷᠭᠡᠨ ᠬᠤᠷᠳᠤᠴᠠᠲᠤ ᠵᠠᠮ ᠳᠤ ᠨᠡᠶᠢᠯᠡᠨ ᠤᠷᠤᠬᠤ ᠪᠠ ᠰᠠᠯᠵᠤ ᠭᠠᠷᠬᠤ ᠲᠡᠷᠭᠡ ᠬᠥᠰᠭᠡ ᠬᠤᠷᠳᠤᠴᠠ ᠪᠠᠨ ᠤᠳᠠᠭᠠᠰᠢᠷᠠᠭᠤᠯᠵᠤ ᠠᠯᠭᠤᠷ ᠠᠶᠠᠯᠠᠬᠤ ᠬᠡᠷᠡᠭᠲᠡᠢ᠂ ᠪᠤᠰᠤᠳ ᠲᠡᠷᠭᠡ ᠬᠥᠰᠬᠡ ᠶᠢᠨ ᠬᠡᠪ ᠶᠣᠰᠣᠭᠠᠷ ᠨᠡᠪᠲᠡᠷᠡᠬᠦ ᠶᠢ ᠬᠠᠷᠰᠢᠯᠠᠵᠤ ᠤᠭᠲᠤ ᠪᠣᠯᠬᠤ ᠦᠬᠡᠢ ᠭᠡᠵᠡᠢ᠃      ᠡᠭᠦᠨ ᠠᠴᠠ ᠭᠠᠳᠠᠨ᠎ᠠ᠂ ︽ᠵᠠᠷᠢᠮ ᠲᠡᠷᠭᠡ ᠬᠥᠰᠬᠡ ᠶᠢᠨ ᠬᠤᠳᠠ ᠳᠣᠲᠣᠷ᠎ᠠ ᠠᠶᠠᠯᠠᠬᠤ ᠬᠠᠮᠢᠶᠠᠷᠤᠯᠲᠠ ᠶᠢᠨ ᠲᠤᠬᠠᠶ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠵᠠᠷ︾ ᠪᠣᠯᠣᠨ ︽ᠬᠤᠶᠠᠷ᠂ ᠭᠤᠷᠪᠠᠨ ᠬᠦᠷᠳᠦᠲᠦ ᠮᠣᠲ᠋ᠣᠷ ᠲᠡᠷᠭᠡ ᠶᠢᠨ ᠬᠤᠳᠠ ᠶᠢᠨ ᠲᠣᠭᠤᠷᠢᠭ ᠤᠨ ᠵᠠᠮ ᠢᠶᠠᠷ ᠠᠶᠠᠯᠠᠬᠤ ᠶᠢ ᠬᠢᠵᠠᠭᠠᠷᠯᠠᠬᠤ ᠲᠤᠬᠠᠶ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠵᠠᠷ︾᠎ ᠢ ᠦᠷᠭᠦᠯᠵᠢᠯᠡᠨ ᠬᠡᠷᠡᠭᠵᠢᠭᠦᠯᠦᠨ᠎ᠡ᠃ ᠲᠤᠰ ᠮᠡᠳᠡᠭᠳᠡᠯ ᠲᠠᠢ ᠬᠠᠷᠰᠢᠯᠳᠤᠬᠤ ᠲᠦᠷᠭᠡᠨ ᠬᠤᠷᠳᠤᠴᠠᠲᠤ ᠵᠠᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠳᠤ ᠪᠣᠯ ᠲᠤᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号