ᠶᠡᠷᠦᠩᠬᠡᠶ ᠪᠡᠯᠡ ᠣᠷᠣᠭᠤᠯᠤᠯᠲᠠ ᠨᠢ 3.3 ᠳ᠋ᠦᠡᠭᠰᠢᠭᠤᠷ ᠲᠥᠭᠦᠷᠢᠭ ᠪᠦᠬᠦᠢ ᠲᠤᠮᠤ ᠳ᠋ᠠᠶᠢᠲ᠋ᠠ ᠶᠢᠨ ᠠᠵᠤ ᠦᠢᠯᠡᠰ ᠤᠨ ᠤᠶᠤᠨᠴᠢᠷ ᠬᠤᠲᠠ ᠶᠢᠨ ᠬᠠᠮᠢᠶᠠᠷᠤᠯᠲᠠ ᠶᠢᠨ ᠲᠦᠷᠦᠯ ᠵᠦᠢᠯ ᠢ ᠰᠢᠯᠢ ᠶᠢᠨ ᠬᠤᠲᠠ ᠳᠤ ᠪᠠᠶᠢᠭᠤᠯᠬᠤ ᠪᠠᠷ ᠪᠤᠯᠪᠠ
ᠨᠡᠶᠢᠲᠡᠯᠡᠭᠰᠡᠨ ᠴᠠᠭ᠄
2016/12/9
      ᠰᠢᠯᠢ ᠶᠢᠨ ᠬᠤᠲᠠ ᠶᠢᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠳᠠᠭᠠᠭᠠᠴᠢᠯᠠᠨ ᠪᠠᠶᠢᠭᠤᠯᠬᠤ ᠲᠤᠮᠤ ᠳ᠋ᠠᠶᠢᠲ᠋ᠠ ᠶᠢᠨ ᠠᠵᠤ ᠦᠢᠯᠡᠰ ᠤᠨ ᠤᠶᠤᠨᠴᠢᠷ ᠬᠤᠲᠠ ᠶᠢᠨ ᠬᠠᠮᠢᠶᠠᠷᠤᠯᠲᠠ ᠶᠢᠨ ᠲᠦᠷᠦᠯ ᠵᠦᠢᠯ ᠨᠢ ᠶᠠᠭ ᠡᠮᠦᠨᠡᠬᠢ ᠬᠤᠭᠤᠴᠠᠭᠠᠨ ᠤ ᠭᠠᠷᠳᠠᠮ ᠢᠶᠠᠨ ᠬᠦᠢᠴᠡᠳᠭᠡᠵᠤ ᠪᠤᠢ᠃ ᠵᠠᠰᠠᠭ ᠤᠨ ᠣᠷᠳᠣᠨ ᠠᠴᠠ ᠲᠦᠷᠥᠯ ᠵᠦᠢᠯ ᠳᠤ 3.3 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠪᠠ᠂ ᠲᠥᠯᠥᠪᠵᠢᠭᠦᠯᠭᠡ ᠪᠠᠷ ᠪᠤᠯ 2017 ᠣᠨ ᠤ ᠡᠴᠦᠰ ᠪᠤᠯᠬᠤ ᠳᠤ᠂ ᠰᠢᠯᠢ ᠶᠢᠨ ᠬᠤᠲᠠ 4 G ᠰᠦᠯᠵᠢᠶᠡᠨ ᠤ ᠰᠠᠭᠤᠷᠢ ᠦᠷᠲᠡᠭᠡ ᠶᠢ ᠪᠦᠷᠢᠨ ᠪᠦᠷᠬᠦᠬᠦᠯᠬᠦ ᠱᠠᠭᠠᠷᠳᠠᠯᠭ᠎ᠠ ᠶᠢ ᠬᠠᠩᠭᠠᠵᠤ᠂ ᠰᠢᠯᠢ ᠶᠢᠨ ᠬᠤᠲᠠ ᠶᠢᠨ ᠪᠤᠶ ᠪᠦᠬᠦᠢ ᠤᠯᠠᠨ ᠨᠡᠶᠢᠲᠡ ᠶᠢᠨ ᠲᠠᠯᠠᠪᠤᠷ ᠲᠤ ᠰᠦᠢᠳᠬᠡᠯ ᠦᠯᠦ ᠬᠤᠷᠢᠶᠠᠬᠤ ᠰᠦᠯᠵᠢᠶ᠎ᠡ ᠶᠢ ᠪᠦᠷᠢᠨ ᠪᠦᠷᠬᠦᠬᠦᠯᠬᠦ ᠪᠤᠯᠤᠨ᠎ᠠ᠃ ᠲᠤᠰ ᠲᠦᠷᠦᠯ ᠵᠦᠢᠯ ᠳᠤ ᠭᠤᠣᠯᠳᠠᠭᠤ ᠤᠶᠤᠨᠴᠢᠷ ᠬᠤᠲᠠ ᠶᠢᠨ ᠬᠠᠮᠢᠶᠠᠷᠤᠯᠲᠠ ᠶᠢᠨ ᠲᠠᠪᠴᠠᠩ᠂ ᠤᠶᠤᠨᠴᠢᠷ ᠨᠡᠶᠢᠭᠡᠮ ᠲᠣᠭᠤᠷᠢᠭ ᠤᠨ ᠲᠠᠪᠴᠠᠩ᠂ ᠤᠶᠤᠨᠴᠢᠷ ᠲᠡᠷᠭᠡᠨ ᠵᠤᠭᠰᠤᠭᠠᠯ᠂ ᠪᠣᠬᠢᠷᠲᠤᠯ ᠦᠬᠡᠢ ᠠᠶᠠᠯᠠᠯ ᠂ ᠲᠤᠭᠠᠴᠠᠯᠠᠬᠰᠠᠨ ᠬᠤᠳᠡ ᠶᠢᠨ ᠵᠢᠯᠣᠭᠤᠳᠬᠤ ᠲᠥᠪ ᠤᠨ ᠳᠡᠰ ᠳᠡᠪᠰᠢᠬᠦᠯᠬᠦ ᠲᠠᠪᠴᠠᠩ ᠵᠡᠷᠭᠡ ᠬᠡᠷᠡᠭᠯᠡᠭᠡ ᠪᠠᠷ ᠰᠠᠭᠤᠷᠢ ᠪᠣᠯᠭᠠᠭᠰᠠᠨ ᠣᠯᠠᠨ ᠠᠷᠪᠢᠨ ᠲᠦᠷᠦᠯ ᠵᠦᠢᠯ ᠢ ᠪᠠᠭᠲᠠᠭᠠᠵᠤ᠂ ᠠᠷᠠᠳ ᠢᠷᠭᠡᠳ ᠲᠤ ᠨᠡᠩ ᠳᠥᠭᠦᠮ ᠳᠥᠲᠡ ᠮᠡᠳᠡᠭᠡ ᠵᠠᠩᠭᠢ ᠶᠢᠨ ᠠᠮᠢᠳᠤᠷᠠᠯ ᠢ ᠤᠶᠢᠯᠠᠭᠠᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号