ᠬᠥᠬᠡᠬᠤᠲᠠ ᠶᠢᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠲᠣᠭᠲᠠᠭᠰᠠᠨ ᠴᠢᠭ᠋ ᠤᠨ 25 ᠡᠮᠨᠡᠯᠭᠡ ᠶᠢᠨ ᠬᠤᠷᠢᠶ᠎ᠠ ᠪᠦᠬᠦᠨ ᠢᠶᠠᠷ ᠢᠶᠠᠨ ᠰᠦᠯᠵᠢᠶ᠎ᠡ ᠪᠠᠷ ᠲᠡᠷᠡ ᠳᠠᠷᠤᠢ ᠳᠤᠨᠢ ᠲᠠᠰᠤᠯᠤᠨ ᠪᠣᠳᠣᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/12/9
      12 ᠳ᠋ᠤᠭᠠᠷ ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠦᠪᠦᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ ᠨᠢᠭᠡᠨᠲᠡ ᠬᠥᠬᠡᠬᠤᠲᠠ ᠶᠢᠨ ᠡᠮᠨᠡᠯᠭᠡ ᠶᠢᠨ ᠳᠠᠭᠠᠳᠬᠠᠯ ᠤᠨ ᠲᠥᠪ ᠯᠦᠭᠡ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮᠨᠡᠯᠭᠡ ᠳᠤ ᠰᠠᠭᠤᠬᠤ ᠵᠠᠷᠤᠳᠠᠯ ᠢᠶᠠᠨ ᠲᠣᠣᠷ ᠰᠦᠯᠵᠢᠶ᠎ᠡ ᠪᠠᠷ ᠲᠡᠷᠡ ᠳᠠᠷᠤᠢ ᠲᠤᠨᠢ ᠲᠠᠰᠤᠯᠤᠨ ᠪᠤᠳᠤᠬᠤ ᠬᠡᠯᠡᠯᠴᠡᠭᠡᠷ ᠲᠣᠭᠲᠠᠭᠠᠵᠤ᠂ ᠣᠳᠣᠬᠠᠨ ᠳᠤ ᠬᠥᠬᠡᠬᠤᠲᠠ ᠶᠢᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠲᠣᠣᠷ ᠰᠦᠯᠵᠢᠶ᠎ᠡ ᠪᠠᠷ ᠲᠡᠷᠡ ᠳᠠᠷᠤᠢ ᠳᠤᠨᠢ ᠲᠠᠰᠤᠯᠤᠨ ᠪᠤᠳᠤᠬᠤ ᠶᠢ ᠬᠡᠷᠡᠭᠵᠢᠭᠦᠯᠵᠦ ᠪᠠᠶᠢᠭ᠎ᠠ ᠲᠣᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ 25 ᠪᠠᠶᠢᠨ᠎ᠠ᠃      ᠣᠶᠢᠯᠠᠭᠠᠭᠰᠠᠨ ᠢᠶᠠᠷ᠂ ᠬᠥᠬᠡᠬᠤᠲᠠ ᠶᠢᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠯᠵᠢᠶ᠎ᠡ ᠪᠠᠷ ᠲᠡᠷᠡ ᠳᠠᠷᠤᠢ ᠳᠤᠨᠢ ᠲᠠᠰᠤᠯᠤᠨ ᠪᠤᠲᠤᠬᠤ ᠶᠢ ᠬᠡᠷᠡᠭᠵᠢᠭᠦᠯᠵᠦ ᠪᠠᠶᠢᠭ᠎ᠠ ᠲᠣᠭᠲᠠᠭᠰᠠᠨ ᠴᠢᠭ᠋ ᠤᠨ ᠡᠮ ᠡᠮᠨᠡᠯᠭᠡ ᠶᠢᠨ 25 ᠪᠠᠶᠢᠭᠤᠯᠤᠮᠵᠢ ᠳᠤ᠄ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠦᠪᠦᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ  ᠎ ᠤᠨ ᠬᠢᠲᠠᠳ ᠡᠮᠨᠡᠯᠭᠡ ᠶᠢᠨ ᠬᠤᠷᠢᠶ᠎ᠠ᠂ 253 ᠡᠮᠨᠡᠯᠭᠡ ᠶᠢᠨ ᠬᠤᠷᠢᠶ᠎ᠠ᠂ ᠦᠪᠦᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠡᠬᠡ ᠨᠢᠯᠬᠠᠰ ᠤᠨ ᠡᠷᠡᠭᠦᠯᠵᠢᠯ ᠤᠨ ᠲᠥᠪ ᠂ ᠥᠪᠥᠷ ᠮᠣᠩᠭᠤᠯ ᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ᠂ ᠦᠪᠦᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠠᠷᠠᠳ ᠤᠨ ᠡᠮᠨᠡᠯᠭᠡ ᠶᠢᠨ ᠬᠤᠷᠢᠶ᠎ᠠ᠂ ᠵᠡᠪᠰᠡᠭᠲᠦ ᠴᠠᠭᠳᠠᠭᠠᠨ ᠤ ᠡᠮᠨᠡᠯᠭᠡ ᠶᠢᠨ ᠬᠤᠷᠢᠶ᠎ᠠ᠂ ᠬᠥᠬᠡᠬᠤᠲᠠ ᠶᠢᠨ ᠨᠢᠭᠡᠳᠦᠭᠡᠷ᠂ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠬᠥᠬᠡᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠰᠢᠨ᠎ᠡ ᠬᠤᠲᠠ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠬᠤᠲᠣᠩ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠰᠠᠶᠢᠬᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠢᠦᠢ ᠴᠢᠤᠸᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠰᠠᠶᠢᠬᠠᠨ ᠲᠣᠭᠤᠷᠢᠭ ᠤᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠴᠤᠤ ᠵᠢᠥᠢ ᠨᠢᠳᠦᠨ ᠤ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ ᠬᠡᠷᠡᠬᠦ ᠡᠪᠡᠳᠴᠢᠨ ᠤ ᠡᠮᠨᠡᠯᠭᠡ ᠶᠢᠨ ᠬᠤᠷᠢᠶ᠎ᠠ᠂ ᠮᠠᠯᠴᠢᠨ ᠡᠮᠨᠡᠯᠭᠡ ᠶᠢᠨ ᠬᠤᠷᠢᠶ᠎ᠠ᠂ ᠳ᠋ᠦᠩ ᠹᠧᠩ ᠵᠠᠮ ᠤᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ᠂ ᠬᠥᠬᠡᠬᠤᠲᠠ ᠶᠢᠨ ᠤᠶᠤᠨ ᠤᠬᠠᠭᠠᠨ ᠤ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠰᠢᠨ ᠱᠢ ᠵᠢᠶᠧ ᠨᠢᠳᠦᠨ ᠤ ᠡᠮᠨᠡᠯᠭᠡ ᠶᠢᠨ ᠬᠤᠷᠢᠶ᠎ᠠ ᠵᠡᠷᠭᠡ ᠪᠠᠭᠲᠠᠨ᠎ᠠ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠯᠵᠢᠶ᠎ᠡ ᠪᠠᠷ ᠲᠡᠷᠡ ᠳᠠᠷᠤᠢ ᠳᠤᠨᠢ ᠲᠠᠰᠤᠯᠤᠨ ᠪᠤᠳᠤᠬᠤ ᠶᠢ ᠬᠡᠷᠡᠭᠵᠢᠭᠦᠯᠬᠦ ᠠᠴᠠ ᠡᠮᠦᠨ᠎ᠡ᠂ ᠬᠥᠬᠡᠬᠤᠲᠠ ᠶᠢᠨ ᠣᠯᠠᠩᠬᠢ ᠲᠣᠭᠲᠠᠭᠰᠠᠨ ᠴᠢᠬ ᠤᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠴᠥᠮ ᠦᠪᠡᠷ ᠢᠶᠠᠨ ᠫᠷᠤᠭ᠍ᠷᠠᠮ ᠵᠢᠷᠤᠨ ᠲᠥᠯᠦᠪᠯᠡᠵᠦ᠂ ᠳᠠᠷᠠᠭ᠎ᠠ ᠨᠢ ᠳᠠᠩᠰᠠ ᠲᠠᠶᠢᠯᠠᠳᠠᠭ᠃ ᠤᠳᠤ ᠪᠣᠯᠬᠤ ᠳᠤ ᠲᠣᠣᠷ ᠰᠦᠯᠵᠢᠶ᠎ᠡ ᠪᠠᠷ ᠵᠣᠯᠭᠠᠭᠤᠯᠤᠭᠰᠠᠨ ᠤ ᠳᠠᠷᠠᠭ᠎ᠠ᠂ ᠲᠤᠰᠬᠠᠶ ᠬᠡᠷᠡᠭᠯᠡᠭᠡᠨ ᠤ ᠰᠦᠯᠵᠢᠶ᠎ᠡ ᠶᠢᠨ ᠭᠤᠣᠯᠯᠠᠭᠴᠢ ᠭᠤᠷᠪᠠᠨ ᠰᠠᠮᠪᠠᠷ᠎ᠠ ᠰᠦᠯᠵᠢᠶ᠎ᠡ ᠶᠢ ᠠᠰᠢᠭᠯᠠᠵᠤ ᠵᠣᠯᠭᠠᠭᠤᠯᠤᠨ ᠳᠠᠩᠰᠠ ᠲᠠᠶᠢᠯᠠᠳᠠᠭ ᠪᠣᠯᠵᠤ᠂ ᠳᠠᠭᠠᠳᠬᠠᠯ ᠳᠤ ᠣᠷᠣᠯᠴᠠᠭᠰᠠᠨ ᠬᠤᠳᠠ ᠶᠢᠨ ᠠᠷᠠᠳ ᠲᠤ ᠶᠡᠬᠡᠬᠡᠨ ᠳᠥᠭᠦᠮ ᠦᠵᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号