| 1 ᠳ᠋ᠤᠭᠡᠷ ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠥᠪᠥᠷ | ᠮᠣᠩᠭᠤᠯ ᠤᠨ ᠬᠤᠷᠢᠶ᠎ᠠ ᠶᠢᠨ ᠳᠣᠯᠣᠳᠤᠭᠠᠷ ᠬᠤᠭᠤᠴᠠᠭᠠᠨ ᠤ ᠵᠢᠷᠭᠤᠳᠤᠭᠠᠷ ᠤᠳᠠᠭ᠎ᠠ ᠶᠢᠨ ᠪᠦᠬᠦ ᠭᠡᠰᠢᠭᠦᠳ ᠤᠨ ︵ | ᠥᠷᠭᠡᠳᠬᠡᠭᠰᠡᠨ︶ ᠬᠤᠷᠠᠯ ᠬᠥᠬᠡᠬᠤᠲᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠳᠤᠮᠳᠠᠳᠤ | ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠬᠤᠷᠢᠶ᠎ᠠ ᠶᠢᠨ ᠡᠷᠬᠢᠯᠡᠭᠴᠢ ᠭᠡᠰᠢᠭᠦᠨ ᠳ᠋ᠦᠩ | ᠾᠧᠩ ᠢᠦᠶ ᠬᠤᠷᠠᠯ ᠳᠤ ᠣᠷᠣᠯᠴᠠᠭᠰᠠᠨ ᠤ ᠬᠠᠮᠲᠤ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ | ᠥᠪᠥᠷ ᠮᠣᠩᠭᠤᠯ ᠤᠨ ᠬᠤᠷᠢᠶ᠎ᠠ ᠶᠢᠨ ᠳᠣᠯᠣᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ | ᠢᠯᠡᠳᠬᠡᠯ ᠬᠢᠪᠡ᠃ | ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠬᠤᠷᠢᠶ᠎ᠠ ᠶᠢᠨ ᠳᠡᠳ᠋ | ᠡᠷᠬᠢᠯᠡᠭᠴᠢ ᠭᠡᠰᠢᠭᠦᠨ ᠰᠢᠦᠢ ᠰᠢᠶᠠᠩ᠂ ᠵᠢᠶᠠᠩ ᠶᠤᠸᠠᠢ ᠵᠦᠩ᠂ ᠯᠢ ᠰᠢᠶᠠᠩ ᠡᠾᠧ᠂ ᠵᠤᠤ ᠵᠢᠶ ᠬᠤᠷᠠᠯ ᠳᠤ | ᠣᠷᠣᠯᠴᠠᠪᠠ᠃ ᠤᠷᠤᠨ ᠤ ᠬᠤᠷᠢᠶ᠎ᠠ ᠶᠢᠨ ᠭᠡᠰᠢᠬᠦᠳ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ︽ | ᠬᠤᠶᠠᠷ ᠬᠤᠷᠠᠯ︾ ᠳᠤ ᠤᠷᠤᠯᠴᠠᠭᠰᠠᠨ ᠬᠡᠰᠡᠭ ᠲᠥᠯᠥᠭᠡᠯᠡᠭᠴᠢ ᠭᠡᠰᠢᠭᠦᠳ᠂ ᠲᠦᠷᠦ ᠶᠢᠨ ᠶᠠᠪᠤᠳᠠᠯ ᠳᠤ ᠤᠷᠤᠯᠴᠠᠨ | ᠵᠠᠰᠠᠭ ᠤᠨ ᠶᠠᠪᠤᠳᠠᠯ ᠢ ᠵᠦᠪᠯᠡᠬᠦ ᠭᠤᠣᠯᠯᠠᠭᠴᠢ ᠠᠵᠢᠯᠲᠠᠳ᠂ ᠤᠷᠤᠨ ᠤ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠤᠷᠤᠯᠴᠠᠪᠠ᠃ | ᠬᠤᠷᠠᠯ ᠤᠨ ᠭᠤᠣᠯ ᠵᠦᠪᠯᠡᠬᠦ ᠵᠦᠢᠯ ᠪᠣᠯ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ | ᠨᠠᠢᠮᠠᠳᠣᠭᠠᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾᠂ ᠥᠪᠡᠷᠲᠡᠭᠡᠨ | ᠵᠠᠰᠠᠬᠤ ᠣᠷᠣᠨ ᠤ ︽ᠲᠦᠷᠦ ᠨᠠᠮ ᠤᠨ ᠵᠥᠪᠯᠡᠯᠭᠡ ᠬᠢᠬᠦ ᠬᠡᠷᠡᠭᠵᠢᠭᠦᠯᠬᠦ ᠰᠠᠨᠠᠯ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠲᠤᠬᠠᠢ | ᠰᠠᠨᠠᠯ︾ ᠢ ᠰᠤᠷᠤᠯᠴᠠᠵᠤ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠲᠥᠪ ᠬᠤᠷᠢᠶ᠎ᠠ ᠶᠢᠨ ᠠᠷᠪᠠᠨ | ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ | ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ᠳᠤᠮᠳᠠᠳᠤ | ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠷᠢᠶ᠎ᠠ ᠶᠢᠨ ᠳᠣᠯᠣᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠬᠡᠯ ᠢ ᠰᠣᠨᠣᠰᠴᠤ | ᠬᠢᠨᠠᠨ ᠵᠠᠷᠢᠯᠴᠠᠬᠤ ᠪᠤᠯᠤᠨ᠎ᠠ᠃ | ᠳ᠋ᠦᠩ ᠾᠧᠩ ᠢᠦᠢ ᠵᠢᠭᠠᠵᠤ ᠭᠠᠷᠭᠠᠭᠰᠠᠨ ᠨᠢ᠂ 2015 ᠣᠨ ᠳᠤ ᠪᠦᠬᠦ ᠣᠷᠣᠨ ᠤ ᠡᠯ᠎ᠡ ᠱᠠᠲᠤᠨ ᠤ | ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠪᠤᠯᠤᠨ ᠥᠷᠭᠡᠨ ᠤᠯᠠᠨ ᠭᠡᠰᠢᠭᠦᠳ ᠳᠤᠮᠳᠠᠳᠤ ᠤᠯᠤᠰ ᠤᠨ | ᠠᠷᠠᠳᠴᠢᠯᠠᠭᠰᠠᠨ ᠬᠤᠯᠪᠣᠭᠠᠨ ᠤ ᠲᠥᠪ ᠬᠤᠷᠢᠶ᠎ᠠ ᠪᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠤᠳᠤᠷᠢᠳᠤᠯᠭ᠎ᠠ | ᠳᠣᠣᠷ᠎ᠠ᠂ ᠤᠯᠤᠰ ᠪᠤᠯᠤᠨ ᠣᠷᠣᠨ ᠨᠤᠲᠤᠭ ᠤᠨ ᠬᠥᠭᠵᠢᠯᠲᠡ ᠶᠢᠨ ᠶᠡᠭᠡ ᠲᠠᠯ᠎ᠠ ᠲᠠᠢ ᠤᠶᠠᠯᠳᠤᠭᠤᠯᠤᠨ᠂ ᠦᠵᠡᠯ | ᠰᠠᠨᠠᠭ᠎ᠠ ᠤᠯᠤᠰ ᠲᠥᠷᠥ ᠪᠠᠷ ᠬᠥᠲᠥᠯᠥᠨ ᠵᠢᠯᠤᠭᠤᠳᠤᠭᠤᠯᠬᠤ ᠶᠢ ᠴᠢᠩᠭᠠᠳᠬᠠᠨ᠂ ᠬᠦᠰᠡᠯᠡᠩ ᠪᠤᠯᠤᠨ ᠢᠲᠡᠭᠡᠯ | ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠪᠠ᠃ ︽13 · 5︾ ᠶᠢᠨ ᠲᠥᠯᠥᠪᠵᠢᠭᠦᠯᠭᠡ ᠳᠤ ᠬᠦᠴᠦᠯᠡᠨ | ᠦᠢᠯᠡᠴᠢᠯᠡᠵᠦ᠂ ᠲᠦᠷᠦ ᠶᠢᠨ ᠶᠠᠪᠤᠳᠠᠯ ᠳᠤ ᠤᠷᠤᠯᠴᠠᠨ ᠵᠠᠰᠠᠭ ᠤᠨ ᠶᠠᠪᠤᠳᠠᠯ ᠢ ᠵᠦᠪᠯᠡᠬᠦ ᠠᠵᠢᠯ ᠢᠯᠡᠳᠲᠡ ᠦᠷ᠎ᠡ | ᠪᠦᠲᠦᠮᠵᠢ ᠣᠯᠵᠠᠶ᠃ ᠣᠨᠴᠠᠯᠢᠭ ᠢ ᠳᠤᠪᠤᠶᠢᠯᠭᠠᠨ᠂ ᠬᠦᠷᠢᠶ᠎ᠡ ᠬᠡᠪᠴᠢᠶ᠎ᠡ ᠶᠢ ᠥᠷᠭᠡᠳᠬᠡᠨ᠂ ᠨᠡᠶᠢᠭᠡᠮ ᠤᠨ | ᠦᠢᠯᠡᠴᠢᠯᠡᠭᠡᠨ ᠤ ᠠᠵᠢᠯ ᠢ ᠰᠢᠨ᠎ᠡ ᠳᠡᠭᠲᠡᠷ ᠲᠤ ᠭᠠᠷᠭᠠᠪᠡ᠃ ︽ᠴᠢᠳᠠᠪᠤᠷᠢᠲᠠᠨ ᠢᠶᠠᠷ ᠬᠤᠯᠪᠤᠭ᠎ᠠ ᠪᠠᠨ | ᠬᠦᠴᠦᠷᠭᠡᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠵᠤ᠂ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠲᠠ | ᠲᠣᠪᠤᠶᠢᠮ᠎ᠠ ᠠᠮᠵᠢᠯᠲᠠ ᠤᠯᠪᠠ᠃ ᠳᠤᠮᠳᠠᠲᠤ ᠤᠯᠤᠰ ᠤᠨ ᠠᠷᠠᠳᠴᠢᠯᠠᠭᠰᠠᠨ ᠬᠤᠯᠪᠣᠭᠠᠨ ᠤ ᠰᠢᠨ᠎ᠡ ᠠᠵᠢᠯᠯᠠᠭ᠎ᠠ ᠶᠢ | ᠳᠡᠯᠭᠡᠨ ᠦᠵᠡᠭᠦᠯᠦᠭᠰᠡᠨ ᠪᠠᠶᠢᠨ᠎ᠠ ᠬᠡᠪᠡ᠃ | ᠬᠤᠷᠠᠯ ᠠᠴᠠ ᠳᠤᠷᠠᠳᠤᠭᠰᠠᠨ ᠨᠢ᠂ 2016 ᠣᠨ ᠳᠤ᠂ ᠳᠤᠮᠳᠠᠳᠤ ᠤᠯᠤᠰ ᠤᠨ ᠠᠷᠠᠳᠴᠢᠯᠠᠭᠰᠠᠨ | ᠬᠤᠯᠪᠣᠭ᠎ᠠ ᠶᠢᠨ ᠥᠪᠥᠷ ᠮᠣᠩᠭᠤᠯ ᠤᠨ ᠬᠤᠷᠢᠶ᠎ᠠ ᠨᠢ ᠡᠯᠪᠡᠭ ᠪᠠᠶᠠᠯᠢᠭ ᠤᠯᠠᠨ ᠶᠠᠩᠵᠤ ᠶᠢᠨ ᠰᠤᠷᠤᠯᠴᠠᠯᠭ᠎ᠠ | ᠬᠥᠮᠦᠵᠢᠯ ᠤᠨ ᠠᠵᠢᠯᠯᠠᠭ᠎ᠠ ᠶᠢ ᠦᠷᠨᠢᠬᠦᠯᠦᠨ᠎ᠡ︔ ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ ᠢᠶᠠᠷ ᠵᠦᠭᠯᠡᠭᠦᠷ | ᠪᠤᠯᠭᠠᠨ᠂ ᠲᠦᠷᠦ ᠶᠢᠨ ᠶᠠᠪᠤᠳᠠᠯ ᠳᠤ ᠤᠷᠤᠯᠴᠠᠨ ᠵᠠᠰᠠᠭ ᠤᠨ ᠶᠠᠪᠤᠳᠠᠯ ᠢ ᠵᠦᠪᠯᠡᠬᠦ ᠪᠠ ᠠᠷᠠᠳᠴᠢᠯᠠᠯ ᠢᠶᠠᠷ ᠵᠦᠪᠯᠡᠯᠭᠡ | ᠬᠢᠬᠦ ᠠᠵᠢᠯ ᠢ ᠦᠷᠨᠢᠬᠦᠯᠦᠨ᠎ᠡ᠃ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ | ᠱᠠᠭᠠᠷᠳᠠᠯᠭ᠎ᠠ ᠶᠢ ᠡᠵᠡᠮᠰᠢᠨ᠎ᠡ᠃ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ | ᠡᠭᠦᠷᠭᠡ ᠲᠤᠰᠢᠶᠠᠯ ᠢᠶᠠᠨ ᠭᠦᠢᠴᠡᠳᠬᠡᠬᠦ ᠭᠤᠣᠯᠳᠠᠯᠭ᠎ᠠ ᠶᠢ ︽ᠠᠷᠪᠠ ᠶᠢ ᠪᠦᠷᠢᠨ ᠪᠦᠷᠬᠦᠬᠦᠯᠬᠦ︾ ᠠᠷᠠᠳ ᠤᠨ | ᠠᠮᠢᠳᠤᠷᠠᠯ ᠤᠨ ᠢᠨᠵᠧᠨᠧᠷᠢᠩ᠂ ︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠵᠡᠷᠭᠡ | ᠲᠠᠯ᠎ᠠ ᠪᠠᠷ ᠨᠡᠩ ᠢᠯᠡᠭᠦᠦ ᠲᠥᠪᠯᠡᠷᠡᠭᠦᠯᠵᠦ᠂ ᠰᠠᠨᠠᠯ ᠰᠠᠨᠠᠭᠤᠯᠭ᠎ᠠ ᠳᠤᠷᠠᠳᠤᠨ᠂ ᠠᠷᠭ᠎ᠠ ᠪᠤᠳᠤᠯᠭ᠎ᠠ ᠳᠡᠪᠰᠢᠭᠦᠯᠦᠨ᠎ᠡ︔ | ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠡᠯ᠎ᠡ ᠬᠤᠲᠠ ᠶᠢᠨ ᠱᠠᠲᠤᠨ ᠤ ᠵᠣᠬᠢᠶᠠᠨ | ᠪᠠᠶᠢᠭᠤᠯᠤᠯᠲᠠ ᠪᠤᠯᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠠᠵᠢᠯ ᠢ | ᠰᠠᠶᠢᠲᠤᠷ ᠬᠢᠵᠦ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠡᠯ᠎ᠡ ᠬᠤᠲᠠ ᠶᠢᠨ ᠱᠠᠲᠤᠨ ᠤ | ᠵᠣᠬᠢᠶᠠᠨ ᠪᠠᠶᠢᠭᠤᠯᠤᠯᠲᠠ ᠪᠤᠯᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠷᠤᠮᠵᠢᠭᠤᠯᠬᠤ᠂ | ᠳᠦᠷᠢᠮᠵᠢᠭᠦᠯᠬᠦ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︔ ᠭᠤᠣᠯᠳᠠᠯᠭ᠎ᠠ ᠪᠠᠨ ᠲᠤᠪᠤᠶᠢᠯᠭᠠᠵᠤ᠂ ᠨᠡᠶᠢᠭᠡᠮ ᠤᠨ | ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠶ ᠦᠷᠨᠢᠬᠦᠯᠦᠨ᠎ᠡ᠃ ᠨᠡᠶᠢᠭᠡᠮ ᠤᠨ ᠦᠢᠯᠡᠴᠢᠯᠡᠭᠡᠨ ᠤ ᠠᠵᠢᠯ ᠤᠨ | ᠭᠤᠣᠯᠳᠠᠯᠭ᠎ᠠ ᠪᠣᠯ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠦᠪᠡᠷᠲᠡᠭᠡᠨ ᠵᠠᠰᠠᠬᠤ ᠤᠷᠤᠨ ᠤ | ᠬᠤᠷᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠠᠢ ᠬᠠᠮᠲᠤᠷᠠᠨ᠂ ᠡᠨᠡᠷᠢᠩᠭᠦᠶ | ᠰᠠᠭᠤᠷᠢ ᠮᠥᠩᠭᠦᠨ ᠤ ᠨᠡᠶᠢᠭᠡᠮᠯᠢᠭ ᠤᠨ ᠵᠣᠭᠤᠰ ᠮᠥᠩᠭᠦ ᠡᠳ᠋ ᠪᠣᠳᠠᠰ ᠪᠡᠯᠡᠭᠯᠡᠨ ᠬᠦᠷᠭᠡᠬᠦ ᠳᠤᠮᠳᠠᠲᠤ᠂ ᠪᠠᠭ᠎ᠠ | ᠰᠤᠷᠭᠠᠭᠤᠯᠢ ᠶᠢ ᠰᠤᠩᠭᠤᠬᠤ ᠶᠢᠨ ᠬᠠᠮᠲᠤ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠲᠥᠪ | ᠬᠤᠷᠢᠶ᠎ᠠ ᠶᠢᠨ ︽ᠲᠤᠩᠭᠠᠯᠠᠭ ᠮᠡᠯᠮᠡᠢ ᠢᠨᠵᠧᠨᠧᠷᠢᠩ︾ ᠪᠣᠯᠤᠨ ᠥᠪᠡᠷᠲᠡᠭᠡᠨ ᠵᠠᠰᠠᠭ ᠣᠷᠣᠨ ᠤ ︽ᠭᠡᠷᠡᠯ ᠭᠡᠭᠡ | ᠠᠵᠢᠯᠯᠠᠭ᠎ᠠ︾ ᠶᠢᠨ ᠬᠠᠮᠲᠤᠷᠠᠯᠴᠠᠭ᠎ᠠ ᠶᠢ ᠮᠠᠨ ᠤ ᠣᠷᠣᠨ ᠳᠤ ᠬᠡᠷᠡᠭᠵᠢᠬᠦᠯᠬᠦ ᠶᠢ ᠲᠥᠯᠬᠢᠨ ᠠᠬᠢᠭᠤᠯᠬᠤ ᠶᠢ | ᠵᠤᠬᠢᠴᠠᠭᠤᠯᠤᠨ᠎ᠠ ᠭᠡᠪᠡ᠃ |