ᠪᠦᠬᠦ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠲᠠᠢ ᠦᠨᠳᠦᠷᠯᠡᠪᠡ    ᠯᠢᠦ ᠰᠢᠨ ᠯᠧ ᠲᠡᠭᠦᠰᠬᠡᠯ ᠤᠨ ᠶᠣᠰᠤᠯᠠᠯ ᠳᠤ ᠣᠷᠤᠯᠴᠠᠭᠰᠠᠨ ᠪᠦᠭᠡᠳ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ ᠢ ᠲᠣᠰᠴᠤ ᠠᠪᠤᠪᠠ
ᠨᠡᠶᠢᠲᠡᠯᠡᠭᠰᠡᠨ ᠴᠠᠭ᠄
2016/2/1
     ᠮᠦᠰᠦ ᠴᠠᠰᠤᠨ ᠤ ᠪᠠᠭ᠋ᠠᠳᠤᠯ ᠣᠷᠭᠢᠯᠤᠮ᠎ᠠ ᠬᠠᠯᠠᠭᠤᠨ ᠪᠠᠶᠢᠵᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠭᠠᠯ ᠬᠦᠭᠵᠢᠪᠡᠢ᠃ 1 ᠳ᠋ᠦ᠋ᠭᠡᠷ ᠰᠠᠷ᠎ᠠ ᠶᠢᠨ 30᠎ ᠤ ᠡᠳᠦᠷ ᠤᠨ ᠦᠳᠡ ᠶᠢᠨ ᠬᠤᠶᠢᠨ᠎ᠠ ᠶᠢᠨ 14 ᠴᠠᠭ ᠲᠤ᠂ 11 ᠡᠳᠦᠷ ᠶᠠᠪᠤᠭᠳᠠᠭᠰᠠᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ — ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠨᠢ ᠰᠢᠨᠵᠢᠶᠠᠩ ᠤᠨ ᠤᠶᠢᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠦᠷᠦᠮᠴᠢ ᠬᠤᠲᠠ ᠶᠢᠨ ᠲᠣᠷᠭᠠᠨ ᠵᠠᠮ ᠤᠨ ᠴᠠᠰᠤᠨ ᠳᠤ ᠭᠤᠯᠭᠤᠬᠤ ᠲᠠᠯᠠᠪᠤᠷ ᠲᠤ ᠲᠡᠭᠦᠰ ᠠᠮᠵᠢᠯᠲᠠ ᠲᠠᠢ ᠦᠨᠳᠦᠷᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢᠦ ᠰᠢᠨ ᠯᠧ ᠲᠡᠭᠦᠰᠬᠦ ᠶᠣᠰᠣᠯᠠᠯ ᠳᠤ ᠣᠷᠤᠯᠴᠠᠭᠰᠠᠨ ᠪᠦᠭᠡᠳ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠳᠠᠷᠤᠭ᠎ᠠ ᠯᠢᠦ ᠫᠧᠩ ᠤᠨ ᠭᠠᠷ ᠠᠴᠠ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ ᠢ ᠲᠣᠰᠴᠤ ᠠᠪᠤᠪᠠ᠃ ᠡᠨᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2020 ᠣᠨ ᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠨ ᠠᠪᠴᠤ ᠡᠷᠬᠢᠯᠡᠬᠦ ᠠᠵᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃      ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠦᠬᠦ ᠤᠯᠤᠰ ᠤᠨ ᠨᠡᠶᠢᠲᠡ 52 ᠲᠥᠯᠥᠭᠡᠯᠡᠭᠴᠢᠳ ᠤᠨ ᠪᠦᠯᠬᠦᠮ ᠠᠴᠠ ᠢᠷᠡᠭᠰᠡᠨ 1388 ᠲᠠᠮᠢᠷᠴᠢᠨ 5 ᠶᠡᠭᠡ ᠲᠦᠷᠦᠯ 11 ᠬᠤᠪᠢᠶᠠᠷᠢ ᠲᠦᠷᠦᠯ 97 ᠪᠠᠭ᠎ᠠ ᠲᠦᠷᠦᠯ ᠤᠨ ᠤᠷᠤᠯᠳᠤᠭᠠᠨ ᠮᠦᠷᠦᠶᠢᠴᠡᠪᠡ᠃ ᠮᠠᠨ ᠤ ᠣᠷᠣᠨ ᠤ ᠬᠥᠬᠡᠬᠤᠲᠠ᠂ ᠪᠤᠭᠤᠲᠤ ᠬᠤᠳᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠵᠡᠷᠭᠡ 10 ᠠᠶᠢᠮᠠᠭ ᠬᠤᠲᠠ ᠠᠴᠠ ᠪᠦᠷᠢᠯᠳᠦᠭᠰᠡᠨ 10 ᠠᠩᠭᠢ ᠨᠡᠶᠢᠲᠡ 117 ᠬᠥᠮᠦᠨ 5 ᠶᠡᠭᠡ ᠲᠦᠷᠦᠯ᠂ 10 ᠬᠤᠪᠢᠶᠠᠷᠢ ᠲᠦᠷᠦᠯ 56 ᠪᠠᠭ᠎ᠠ ᠲᠦᠷᠦᠯ ᠤᠨ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠳᠤ ᠣᠷᠤᠯᠴᠠᠭᠰᠠᠨ ᠠᠩᠭᠢ ᠶᠢᠨ ᠲᠤᠭ᠎ᠠ᠂ ᠬᠥᠮᠦᠨ ᠤ ᠲᠤᠭ᠎ᠠ ᠨᠢ ᠪᠦᠷ ᠳᠡᠭᠡᠷ᠎ᠡ ᠬᠤᠭᠤᠴᠠᠭᠠᠨ ᠤ ᠎ ᠬᠢ ᠶᠢ ᠳᠠᠪᠠᠪᠠ᠃      ᠤᠷᠤᠯᠳᠤᠭᠠᠨ ᠳᠤ᠂ ᠮᠠᠨ ᠤ ᠣᠷᠣᠨ ᠤ ᠮᠥᠰᠥ ᠴᠠᠰᠤᠨ ᠤ ᠰᠢᠯᠢᠳᠡᠭ ᠲᠠᠮᠢᠷᠴᠢᠳ ᠪᠦᠯᠬᠦᠮᠳᠡᠨ ᠬᠠᠮᠵᠢᠯᠴᠠᠵᠤ ᠡᠷᠡᠯᠬᠡᠭᠯᠡᠨ ᠮᠦᠷᠦᠶᠢᠴᠡᠵᠦ᠂ 1 ᠠᠯᠲᠠᠨ ᠮᠧᠳᠠᠯ 3 ᠮᠦᠩᠭᠦᠨ ᠮᠧᠳᠠᠯ᠂ 2 ᠭᠠᠤᠯᠢᠨ ᠮᠧᠳᠠᠯ ᠤᠨ ᠰᠢᠯᠢᠳᠡᠭ ᠬᠢᠷᠢ ᠪᠦᠲᠦᠮᠵᠢ ᠣᠯᠵᠤ᠂ ᠥᠪᠥᠷ ᠮᠣᠩᠭᠤᠯ ᠤᠨ ᠮᠥᠰᠥ ᠴᠠᠰᠤᠨ ᠤ ᠬᠥᠳᠡᠯᠭᠡᠭᠡᠨ ᠤ ᠬᠥᠭᠵᠢᠯᠲᠡ ᠳᠤ ᠬᠢᠯᠠᠯᠵᠠᠬᠰᠠᠨ ᠠᠮᠵᠢᠯᠲᠠ ᠲᠠᠭᠢᠠ ᠴᠣᠭᠴᠠᠯᠠᠪᠠ᠃ ᠡᠭᠦᠨ ᠤ ᠬᠠᠮᠲᠤ᠂ ᠣᠶᠢᠷ᠎ᠠ ᠵᠠᠢ ᠶᠢᠨ ᠲᠦᠷᠭᠡᠨ ᠲᠡᠰᠢᠯᠲᠡ᠂ ᠲᠦᠷᠭᠡᠨ ᠲᠡᠰᠢᠯᠲᠡ᠂ ᠡᠪᠦᠯ ᠤᠨ ᠤᠯᠠᠷᠢᠯ ᠤᠨ ᠬᠤᠶᠠᠷ ᠵᠦᠢᠯ ᠵᠡᠷᠭᠡ ᠤᠷᠤᠯᠳᠤᠭᠠᠨ ᠤ ᠲᠥᠷᠥᠯ ᠵᠦᠢᠯ ᠳᠤ ᠨᠢᠭᠡ ᠪᠦᠯᠦᠭ ᠰᠢᠯᠢᠳᠡᠭ ᠲᠠᠮᠢᠷᠴᠢᠨ ᠴᠣᠯᠭᠤᠷᠠᠨ ᠭᠠᠷᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ 14 ᠳ᠋ᠤᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠪᠡᠯᠡᠳᠬᠡᠵᠦ᠂ ︽3 ᠳ᠋ᠦᠩᠰᠢᠭᠤᠷ ᠬᠥᠮᠦᠨ ᠢ ᠮᠥᠰᠥ ᠴᠠᠰᠤᠨ ᠳᠤ ᠭᠠᠷᠭᠠᠬᠤ︾᠎ ᠪᠠᠷ ᠳᠠᠶᠢᠴᠢᠯᠠᠨ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ ᠮᠠᠨ ᠤ ᠤᠯᠤᠰ ᠰᠢᠯᠢᠳᠡᠭ ᠠᠮᠵᠢᠯᠲᠠ ᠣᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠡᠬᠡ ᠤᠯᠤᠰ ᠤᠨ ᠤᠮᠠᠷᠠᠲᠤ ᠬᠢᠯᠢ ᠶᠢᠨ ᠥᠩᠭᠡ ᠢᠯᠭᠠᠷᠠᠭᠰᠠᠨ ᠦᠵᠡᠮᠵᠢᠲᠦ ᠣᠷᠤᠨ ᠤ ᠪᠡᠶ᠎ᠡ ᠶᠢᠨ ᠲᠠᠮᠢᠷ ᠤᠨ ᠦᠪᠡᠷᠮᠢᠴᠡ ᠬᠡᠪ ᠨᠠᠮᠪᠠᠭ᠎ᠠ ᠪᠠᠨ ᠢᠯᠡᠷᠡᠭᠦᠯᠬᠦ ᠳᠤ ᠪᠢᠳᠡ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠶᠢ ᠪᠠᠲᠤ ᠢᠲᠡᠭᠡᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号