ᠣᠯᠠᠭᠠᠨᠬᠠᠳᠠ ᠬᠤᠲᠠ ᠶᠢᠨ ︽ᠨᠠᠷᠠᠨ ᠭᠡᠷᠡᠯᠲᠦ ᠨᠡᠶᠢᠲᠡ ᠶᠢᠨ ᠠᠰᠠᠷᠠᠮᠵᠢ︾᠎ ᠶᠢᠨ ᠠᠵᠢᠯᠯᠠᠭ᠎ᠠ ᠡᠬᠢᠯᠡᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2016/2/1
     1 ᠳ᠋ᠤᠭᠡᠷ ᠰᠠᠷ᠎ᠠ ᠶᠢᠨ 29᠎ ᠤ ᠡᠳᠦᠷ᠂ ᠣᠯᠠᠭᠠᠨᠬᠠᠳᠠ ᠬᠤᠲᠠ ᠶᠢᠨ ︽ᠨᠠᠷᠠᠨ ᠭᠡᠷᠡᠯᠲᠦ ᠨᠡᠶᠢᠲᠡ ᠶᠢᠨ ᠠᠰᠠᠷᠠᠮᠵᠢ︾᠎ ᠶᠢᠨ ᠠᠵᠢᠯᠯᠠᠭ᠎ᠠ ᠡᠬᠢᠯᠡᠬᠦ ᠶᠣᠰᠣᠯᠠᠯ ᠶᠠᠪᠤᠭᠳᠠᠪᠠ᠃      ︽ᠨᠠᠷᠠᠨ ᠭᠡᠷᠡᠯᠲᠦ ᠨᠡᠶᠢᠲᠡ ᠶᠢᠨ ᠠᠰᠠᠷᠠᠮᠵᠢ︾᠎ ᠶᠢᠨ ᠠᠵᠢᠯᠯᠠᠭ᠎ᠠ ᠶᠢ ᠣᠯᠠᠭᠠᠨᠬᠠᠳᠠ ᠶᠢᠨ ᠡᠮᠡᠭᠲᠡᠢ ᠠᠵᠤ ᠠᠬᠤᠶᠢᠯᠠᠯᠲᠠᠨ ᠤ ᠬᠤᠳᠠᠯᠳᠤᠭᠠᠴᠢᠳ ᠤᠨ ᠡᠪᠯᠡᠯ ᠠᠴᠠ ᠰᠠᠨᠠᠭᠠᠴᠢᠯᠠᠵᠤ᠂ ᠠᠵᠢᠯᠯᠠᠭ᠎ᠠ ᠶᠢᠨ ᠠᠭᠤᠯᠭ᠎ᠠ ᠶᠢ ᠭᠤᠷᠪᠠᠨ ᠬᠡᠰᠡᠭ ᠬᠤᠪᠢᠶᠠᠨ᠎ᠠ᠄ ᠨᠢᠭᠡᠳᠤᠭᠡᠷ ᠬᠡᠰᠡᠭ ︽ᠨᠢᠭᠡᠳᠦᠭᠡᠷ ᠹᠷᠣᠨᠲ ᠲᠠᠬᠢ ᠵᠠᠮ ᠤᠨ ᠴᠠᠭᠳᠠᠭ᠎ᠠ ᠶᠢ ᠬᠠᠯᠠᠮᠵᠢᠯᠠᠵᠤ᠂ ᠡᠶ᠎ᠡ ᠵᠣᠬᠢᠴᠠᠯᠲᠤ ᠵᠠᠮ ᠢ ᠬᠠᠮᠲᠤᠪᠡᠷ ᠴᠣᠭᠴᠠᠯᠠᠬᠤ︾ ᠠᠵᠢᠯᠯᠠᠭ᠎ᠠ ᠨᠢ ᠰᠢᠨ᠎ᠡ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠬᠠᠷᠠᠭᠤᠯ ᠤᠨ ᠭᠠᠵᠠᠷ ᠲᠤ ᠬᠠᠯᠠᠭᠤᠨ ᠤᠰᠤ ᠬᠦᠷᠭᠡᠵᠦ᠂ ᠵᠦᠳᠡᠷᠡᠯᠲᠡᠢ ᠪᠠᠶᠢᠭ᠎ᠠ ᠨᠢᠭᠡᠳᠦᠭᠡᠷ ᠹᠷᠣᠨᠲ ᠲᠠᠬᠢ ᠵᠠᠮ ᠤᠨ ᠴᠠᠭᠳᠠᠭ᠎ᠠ ᠬᠡᠵᠢᠶᠡᠳᠡ ᠭᠡᠳ ᠬᠠᠯᠠᠭᠤᠨ ᠤᠰᠤ ᠣᠯᠵᠣ ᠤᠤᠭᠤᠬᠤ ᠪᠣᠯᠭᠠᠨ᠎ᠠ᠃ ᠬᠤᠶᠠᠳᠤᠭᠠᠷ ᠬᠡᠰᠡᠭ ︽ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠴᠢᠳ ᠢ ᠬᠠᠯᠠᠮᠵᠢᠯᠠᠵᠤ᠂ ᠨᠡᠶᠢᠲᠡ ᠶᠢᠨ ᠠᠰᠠᠷᠠᠮᠵᠢ ᠶᠢᠨ ᠬᠦᠴᠦᠨ ᠴᠢᠳᠠᠯ ᠢ ᠳᠠᠮᠵᠢᠭᠤᠯᠬᠤ︾ ᠠᠵᠢᠯᠯᠠᠭ᠎ᠠ ᠨᠢ ᠬᠤᠳᠠᠯᠳᠤᠭᠠᠴᠢᠳ ᠤᠨ ᠡᠪᠯᠡᠯ ᠤᠨ ᠭᠡᠰᠢᠭᠦᠨ ᠨᠢᠭᠡᠴᠡ ᠶᠢᠨ ᠵᠡᠭᠡᠯᠢ ᠳᠠᠭᠠᠤ ᠳᠡᠯᠭᠡᠭᠦᠷ ᠢ ᠬᠠᠶᠢᠷ᠎ᠠ ᠬᠠᠯᠠᠮᠵᠢ ᠶᠢᠨ ᠥᠷᠲᠡᠭᠡ ᠪᠣᠯᠭᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠴᠢᠳ ᠤᠮᠳᠠᠭᠠᠰᠴᠤ ᠶᠠᠳᠠᠷᠠᠪᠠᠯ ︽ᠭᠡᠷ ᠲᠤ ᠪᠠᠨ ᠬᠠᠷᠢᠵᠤ︾ ᠠᠮᠠᠷᠠᠭᠠᠳ᠂ ᠬᠠᠯᠠᠭᠤᠨ ᠤᠰᠤ ᠣᠯᠵᠣ ᠤᠤᠭᠤᠬᠤ ᠪᠣᠯᠭᠠᠨ᠎ᠠ᠃ ᠭᠤᠷᠪᠠᠳᠤᠭᠠᠷ ᠬᠡᠰᠡᠭ ︽ᠡᠶ᠎ᠡ ᠵᠣᠬᠢᠴᠠᠯᠲᠤ ᠨᠡᠶᠢᠭᠡᠮ ᠲᠣᠭᠤᠷᠢᠭ ᠢ ᠬᠠᠮᠲᠤᠪᠡᠷ ᠪᠠᠶᠢᠭᠤᠯᠵᠤ᠂ ᠵᠣᠯ ᠵᠢᠷᠭᠠᠯᠲᠤ ᠣᠯᠠᠭᠠᠨᠬᠠᠳᠠ ᠶᠢ ᠬᠠᠮᠲᠤᠪᠡᠷ ᠴᠣᠭᠴᠠᠯᠠᠬᠤ︾ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠠᠵᠢᠯᠯᠠᠭᠴᠢᠳ ᠲᠤ ᠬᠠᠯᠠᠭᠤᠨ ᠤᠰᠤ ᠬᠦᠷᠭᠡᠵᠦ᠂ ᠨᠡᠶᠢᠭᠡᠮ ᠠᠴᠠ ᠲᠡᠳᠡᠨᠠᠷ ᠤᠨ ᠠᠵᠢᠯ ᠢ ᠣᠶᠢᠯᠠᠭᠠᠨ ᠳᠡᠮᠵᠢᠵᠦ ᠪᠠᠶᠢᠬᠤ ᠪᠠᠨ ᠢᠯᠡᠳᠬᠡᠨ᠎ᠡ᠃      ᠣᠯᠠᠭᠠᠨᠬᠠᠳᠠ ᠶᠢᠨ ᠡᠮᠡᠭᠲᠡᠢ ᠠᠵᠤ ᠠᠬᠤᠶᠢᠯᠠᠯᠲᠠᠨ ᠤ ᠬᠤᠳᠠᠯᠳᠤᠭᠠᠴᠢᠳ ᠤᠨ ᠡᠪᠯᠡᠯ ᠤᠨ ᠬᠠᠷᠢᠭᠤᠴᠠᠯᠭᠠᠲᠠᠨ ᠠᠴᠠ ᠢᠯᠡᠷᠭᠡᠶᠢᠯᠡᠭᠰᠡᠨ ᠨᠢ᠂ ᠲᠤᠰ ᠠᠵᠢᠯᠯᠠᠭ᠎ᠠ ᠶᠢ ᠰᠢᠨ᠎ᠡ ᠠᠵᠠ ᠲᠣᠬᠢᠶᠠᠯ ᠪᠣᠯᠭᠠᠨ᠂ ︽ᠨᠠᠷᠠᠨ ᠭᠡᠷᠡᠯᠲᠦ ᠨᠡᠶᠢᠲᠡ ᠶᠢᠨ ᠠᠰᠠᠷᠠᠮᠵᠢ︾᠎ ᠶᠢᠨ ᠠᠵᠢᠯᠯᠠᠭ᠎ᠠ ᠶᠢ ᠥᠷᠭᠦᠯᠵᠢᠯᠡᠨ ᠪᠠᠷᠢᠮᠲᠠᠯᠠᠵᠤ᠂ ᠨᠡᠩ ᠣᠯᠠᠨ ᠬᠥᠮᠦᠰ ᠢ ᠳᠠᠶᠢᠴᠢᠯᠠᠨ ᠨᠡᠶᠢᠲᠡ ᠶᠢᠨ ᠠᠰᠠᠷᠠᠮᠵᠢ ᠳᠤ ᠠᠩᠬᠠᠷᠤᠯ ᠢ ᠨᠢ ᠬᠠᠨᠳᠤᠭᠤᠯᠤᠨ᠂ ᠵᠥᠪ ᠡᠨᠧᠷᠬᠢ ᠶᠢ ᠳᠠᠮᠵᠢᠭᠤᠯᠬᠤ ᠪᠣᠯᠣᠨ᠎ᠠ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号