| 2 ᠳ᠋ᠤᠭᠠᠷ ᠰᠠᠷ᠎ᠠ ᠶᠢᠨ 1 ᠤ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠰᠢᠨ᠎ᠡ ᠶᠢ ᠡᠭᠦᠳᠬᠦ | ᠠᠷᠭ᠎ᠠ ᠶᠢ ᠳᠡᠯᠭᠡᠷᠡᠭᠦᠯᠦᠨ ᠬᠡᠷᠡᠭᠯᠡᠬᠦ 2015 ᠣᠨ ᠤ ᠠᠵᠢᠯ ᠤᠨ ᠬᠤᠷᠠᠯᠳᠤᠭᠠᠨ ᠵᠢᠴᠢ ︽ᠴᠤᠸᠠᠩ ᠶᠢᠦ ᠪᠤᠤ︾ | ᠭᠡᠬᠦ ᠭᠠᠷ ᠤᠲᠠᠰᠤᠨ ᠤ APP ᠶᠢ ᠡᠬᠢᠯᠡᠨ ᠬᠡᠷᠡᠭᠯᠡᠬᠦ ᠶᠣᠰᠣᠯᠠᠯ ᠢ ᠵᠣᠬᠢᠶᠠᠨ ᠪᠠᠶᠢᠭᠤᠯᠤᠨ ᠶᠠᠪᠤᠭᠳᠠᠭᠤᠯᠪᠠ᠃ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠲᠥᠷᠥ ᠶᠢᠨ ᠪᠤᠳᠤᠯᠭ᠎ᠠ ᠬᠠᠤᠯᠢ ᠲᠣᠭᠲᠠᠭᠠᠯ ᠤᠨ ᠭᠠᠵᠠᠷ᠂ | ᠬᠥᠭᠵᠢᠯᠲᠡ ᠲᠥᠯᠥᠪᠯᠡᠭᠡᠨ ᠤ ᠭᠠᠵᠠᠷ ᠤᠨ ᠬᠠᠷᠢᠭᠤᠴᠠᠯᠭᠠᠲᠠᠨ᠂ ᠦᠢᠯᠡᠳᠪᠦᠷᠢᠯᠡᠯ ᠤᠨ ᠬᠦᠴᠦᠨ ᠢ ᠠᠬᠢᠭᠤᠯᠬᠤ | ᠲᠥᠪ ᠤᠨ ᠠᠵᠢᠯᠳᠠᠨ ᠵᠢᠴᠢ ᠨᠠᠢ ᠯᠦᠨ ᠪᠦᠯᠦᠭᠯᠡᠯ᠂ ᠥᠪᠥᠷ ᠮᠣᠩᠭᠤᠯ ᠤᠨ ᠨᠢᠭᠡᠳᠦᠭᠡᠷ ᠮᠧᠬᠠᠨᠢᠭ ᠤᠨ ᠠᠵᠤ | ᠦᠢᠯᠡᠳᠪᠦᠷᠢ ᠶᠢᠨ ᠪᠦᠯᠦᠭᠯᠡᠯ᠂ ᠣᠷᠳᠣᠰ ᠪᠦᠯᠦᠭᠯᠡᠯ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ | ᠰᠤᠷᠭᠠᠭᠤᠯᠢ ᠵᠡᠷᠭᠡ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠵᠡᠷᠭᠡ ᠨᠡᠶᠢᠲᠡ 30 ᠭᠠᠷᠤᠶ ᠬᠥᠮᠦᠨ | ᠲᠤᠰ ᠤᠳᠠᠭᠠᠨ ᠤ ᠬᠤᠷᠠᠯ ᠳᠤ ᠣᠷᠣᠯᠴᠠᠭᠰᠠᠨ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠡᠳ᠋ | ᠳᠠᠷᠤᠭ᠎ᠠ ᠡᠦ ᠰᠤ᠋ ᠬᠠᠶ ᠲᠤᠰ ᠤᠳᠠᠭᠠᠨ ᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ | ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠥᠪ ᠤᠨ ᠠᠵᠢᠯᠳᠠᠨ ᠠᠴᠠ 2015 ᠣᠨ ᠤ ᠠᠵᠢᠯ ᠤᠨ | ᠳ᠋ᠦᠩᠨᠡᠯᠲᠡ ᠬᠢᠭᠰᠡᠨ ᠪᠦᠭᠡᠳ ᠳᠥᠷᠪᠡᠳᠦᠭᠡᠷ ᠬᠤᠭᠤᠴᠠᠭᠠᠨ ᠤ ᠤᠯᠤᠰ ᠤᠨ ᠰᠢᠨ᠎ᠡ ᠶᠢ ᠡᠭᠦᠳᠬᠦ ᠠᠷᠭ᠎ᠠ ᠤᠨ | ᠠᠵᠢᠯ ᠤᠨ ᠲᠤᠰᠬᠠᠶ ᠬᠡᠷᠡᠭᠵᠢᠭᠦᠯᠦᠯᠲᠡ ᠶᠢᠨ ᠶᠡᠷᠦᠩᠬᠡᠶ ᠰᠡᠳᠬᠢᠴᠡ ᠶᠢ ᠳᠤᠷᠠᠳᠤᠨ ᠭᠠᠷᠭᠠᠪᠠ᠃ ᠳᠠᠷᠠᠭ᠎ᠠ ᠨᠢ᠂ | ᠡᠯ᠎ᠡ ᠨᠢᠭᠡᠴᠡ ᠶᠢᠨ ᠬᠠᠷᠢᠭᠤᠴᠠᠯᠭᠠᠲᠠᠨ 2015 ᠣᠨ ᠤ ᠰᠢᠨ᠎ᠡ ᠶᠢ ᠡᠭᠦᠳᠬᠦ ᠠᠷᠭ᠎ᠠ ᠤᠨ ᠠᠵᠢᠯ ᠤᠨ ᠦᠷ᠎ᠡ | ᠪᠦᠲᠦᠮᠵᠢ ᠶᠢᠨ ᠬᠠᠷᠢᠭᠤ ᠮᠡᠳᠡᠭᠦᠯᠦᠯᠲᠡ ᠬᠢᠵᠦ᠂ ᠲᠤᠷᠰᠢᠯᠭ᠎ᠠ ᠪᠠ ᠣᠶᠢᠯᠠᠭᠠᠯᠲᠠ ᠬᠢᠭᠡᠳ ᠣᠷᠣᠰᠢᠵᠤ ᠪᠠᠶᠢᠭ᠎ᠠ | ᠠᠰᠠᠭᠤᠳᠠᠯ ᠪᠠ ᠪᠣᠳᠠᠲᠠᠶ ᠰᠠᠨᠠᠭᠤᠯᠭ᠎ᠠ ᠳᠤᠷᠠᠳᠤᠨ ᠭᠠᠷᠭᠠᠵᠤ ᠪᠥᠭᠡᠳ ᠳᠠᠷᠠᠭᠠᠴᠢ ᠶᠢᠨ ᠠᠵᠢᠯ ᠤᠨ ᠲᠥᠯᠥᠪᠯᠡᠭᠡ ᠶᠢ | ᠳᠤᠷᠠᠳᠤᠨ ᠭᠠᠷᠭᠠᠪᠠ᠃ | ᠲᠡᠭᠦᠨ ᠤ ᠳᠠᠷᠠᠭ᠎ᠠ ᠪᠠᠷ᠂ ︽ᠴᠤᠸᠠᠩ ᠶᠢᠦ ᠪᠤᠤ︾ ᠭᠡᠬᠦ ᠭᠠᠷ ᠤᠲᠠᠰᠤᠨ ᠤ APP ᠶᠢᠨ ᠰᠢᠨᠵᠢ | ᠴᠢᠳᠠᠪᠤᠷᠢ ᠶᠢ ᠲᠠᠨᠢᠯᠴᠠᠭᠤᠯᠬᠤ ᠪᠠ ᠡᠬᠢᠯᠡᠨ ᠬᠡᠷᠡᠭᠯᠡᠬᠦ ᠶᠣᠰᠣᠯᠠᠯ ᠢ ᠶᠠᠪᠤᠭᠳᠠᠭᠤᠯᠵᠤ᠂ ᠲᠢᠩᠬᠢᠮ ᠤᠨ ᠳᠡᠳ᠋ ᠳᠠᠷᠤᠭ᠎ᠠ | ᠡᠦ ᠰᠤ᠋ ᠬᠠᠶ ᠨᠡᠭᠡᠭᠡᠯᠭᠡ ᠶᠢ ᠳᠠᠷᠤᠵᠤ ᠡᠬᠢᠯᠡᠭᠦᠯᠪᠡ᠃ | ᠡᠦ ᠰᠤ᠋ ᠬᠠᠶ ᠳ᠋ᠦᠩᠨᠡᠯᠲᠡ ᠳᠡᠭᠡᠨ ᠵᠢᠭᠠᠵᠤ ᠭᠠᠷᠭᠠᠭᠰᠠᠨ ᠨᠢ᠂ ᠰᠢᠨ᠎ᠡ ᠶᠢ ᠡᠭᠦᠳᠬᠦ ᠠᠷᠭ᠎ᠠ ᠶᠢ | ᠳᠡᠯᠭᠡᠷᠡᠭᠦᠯᠦᠨ ᠬᠡᠷᠡᠭᠯᠡᠬᠦ ᠨᠢ ᠦᠨ᠎ᠡ ᠴᠠᠨ᠎ᠠ ᠲᠠᠢ ᠠᠷᠭ᠎ᠠ ᠪᠠ ᠪᠠᠭᠠᠵᠢ ᠮᠦᠨ᠂ ᠭᠡᠪᠡᠴᠦ ᠪᠠᠰᠠ ᠵᠣᠬᠢᠬᠤ | ᠬᠢᠵᠠᠭᠠᠷᠳᠠᠮᠠᠯ ᠴᠢᠨᠠᠷ ᠲᠠᠢ ᠪᠠᠶᠢᠵᠤ᠂ ᠬᠤᠶᠢᠰᠢᠳᠠ ᠬᠡᠷᠡᠭᠯᠡᠬᠦ ᠶᠢᠨ ᠬᠠᠮᠲᠤ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ | ᠴᠢᠬᠤᠯᠠᠲᠠᠶ︔ ᠰᠢᠨ᠎ᠡ ᠶᠢ ᠡᠭᠦᠳᠬᠦ ᠠᠷᠭ᠎ᠠ ᠶᠢ ᠳᠡᠯᠭᠡᠷᠡᠭᠦᠯᠦᠨ ᠬᠡᠷᠡᠭᠯᠡᠬᠦ ᠦᠢᠯᠡᠳᠦᠯᠭᠡ ᠶᠢᠨ ᠠᠵᠢᠯᠯᠠᠭ᠎ᠠ ᠨᠢ | ᠵᠥᠪᠬᠡᠨ ᠰᠢᠨ᠎ᠡ ᠶᠢ ᠡᠭᠦᠳᠬᠦ ᠠᠷᠭ᠎ᠠ ᠤᠨ ᠨᠢᠭᠡ ᠵᠦᠢᠯ ᠤᠨ ᠦᠢᠯᠡᠳᠦᠯᠭᠡ ᠶᠢᠨ ᠠᠵᠢᠯᠯᠠᠭ᠎ᠠ ᠪᠣᠯᠬᠤ ᠪᠠᠷ ᠪᠠᠷᠠᠬᠤ | ᠦᠭᠡᠢ᠂ ᠨᠡᠩ ᠴᠢᠬᠤᠯᠠ ᠨᠢ ᠰᠣᠶᠣᠯ ᠢᠶᠠᠨ ᠮᠠᠨᠳᠤᠭᠤᠯᠬᠤ ᠪᠠ ᠵᠣᠷᠢᠭ ᠰᠠᠨᠠᠭᠠᠨ ᠤ ᠰᠢᠨ᠎ᠡ ᠶᠢ ᠡᠭᠦᠳᠴᠦ᠂ ᠨᠡᠶᠢᠭᠡᠮ | ᠳᠠᠶᠠᠭᠠᠷ ᠤᠨ ᠰᠢᠨ᠎ᠡ ᠶᠢ ᠡᠭᠦᠳᠬᠦ ᠤᠬᠠᠮᠰᠠᠷ ᠢ ᠳᠡᠭᠡᠭᠰᠢᠯᠡᠭᠦᠯᠬᠦ ᠳᠤ ᠢᠳᠡᠪᠬᠢᠲᠡᠶ ᠬᠥᠲᠥᠯᠥᠨ ᠵᠢᠯᠣᠭᠤᠳᠬᠤ | ᠦᠢᠯᠡᠳᠦᠯ ᠢ ᠦᠵᠡᠭᠦᠯᠬᠦ ᠪᠣᠯᠣᠨ᠎ᠠ᠃ 2016 ᠣᠨ ᠤ ᠠᠵᠢᠯ ᠤᠨ ᠳᠤᠮᠳᠠ᠂ ᠨᠢᠭᠡ ᠳᠤ ᠰᠢᠨ᠎ᠡ ᠶᠢ ᠡᠭᠦᠳᠬᠦ | ᠠᠷᠭ᠎ᠠ ᠶᠢ ᠳᠡᠯᠭᠡᠷᠡᠭᠦᠯᠦᠨ ᠬᠡᠷᠡᠭᠯᠡᠬᠦ ᠲᠠᠶᠢᠯᠤᠮᠵᠢ ᠬᠢᠬᠦ᠂ ᠭᠦᠨᠵᠡᠭᠡᠶᠢᠷᠡᠭᠦᠯᠵᠦ ᠪᠣᠯᠪᠠᠰᠤᠷᠠᠭᠤᠯᠬᠤ ᠪᠣᠳᠠᠲᠠᠶ ᠠᠵᠢᠯ ᠤᠨ | ᠳᠤᠮᠳᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠣᠷᠣᠯᠠᠨ ᠭᠦᠢᠴᠡᠳᠬᠡᠬᠦ ᠰᠠᠯᠠᠭ᠎ᠠ ᠮᠥᠴᠢᠷ ᠢ | ᠣᠷᠣᠯᠴᠠᠭᠤᠯᠤᠨ᠎ᠠ᠂ ᠬᠤᠶᠠᠷ ᠲᠤ ᠠᠵᠤ ᠠᠬᠤᠶᠢᠯᠠᠯ ᠤᠨ ᠨᠢᠭᠤᠴᠠ ᠶᠢ ᠵᠠᠳᠠᠷᠠᠭᠤᠯᠬᠤ ᠦᠭᠡᠢ ᠪᠠᠶᠢᠳᠠᠯ ᠤᠨ ᠳᠣᠣᠷ᠎ᠠ | ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠭᠦᠦ ᠬᠤᠪᠢᠶᠠᠨ ᠡᠳ᠋ᠯᠡᠨ᠎ᠡ᠂ ᠭᠤᠷᠪᠠ ᠳᠤ ᠡᠷᠬᠡ ᠠᠰᠢᠭ ᠢ ᠬᠤᠪᠢᠶᠠᠨ ᠡᠳ᠋ᠯᠡᠬᠦ | ᠪᠠ ᠠᠰᠢᠭ ᠲᠤᠰᠠ ᠶᠢᠨ ᠬᠠᠷᠠᠮᠵᠢ ᠶᠢᠨ ᠠᠰᠠᠭᠤᠳᠠᠯ ᠢ ᠰᠢᠢᠳᠪᠦᠷᠢᠯᠡᠵᠦ᠂ ᠢᠨᠵᠧᠨᠧᠷ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠤᠷᠮᠠᠰᠢᠭᠤᠯᠤᠨ | ᠬᠥᠭᠵᠢᠭᠡᠬᠦ ᠪᠣᠯᠣᠨ᠎ᠠ ᠭᠡᠪᠡ᠃ |