ᠴᠠᠭᠠᠨ ᠰᠠᠷ᠎ᠠ ᠶᠢᠨ ᠪᠠᠶᠠᠷ ᠴᠡᠩᠭᠡᠯ ᠪᠢᠯᠬᠠᠵᠤ᠂ ︽ᠵᠣᠪᠠᠨᠢᠯᠲᠤ ᠣᠷᠣᠨ ᠰᠠᠭᠤᠴᠠ︾᠎ ᠠᠴᠠ ᠪᠠᠨ ᠰᠠᠯᠪᠠ — —  ᠥᠪᠥᠷ ᠮᠣᠩᠭᠤᠯ ᠤᠨ ᠳᠥᠭᠦᠮ ᠪᠥᠳᠦᠭᠦᠯᠢᠭ ᠣᠷᠣᠨ ᠰᠠᠭᠤᠴᠠ ᠶᠢ ᠰᠢᠨᠡᠳᠬᠡᠨ ᠵᠠᠰᠠᠭᠰᠠᠨ ᠲᠣᠭᠤᠷᠢᠭ ᠤᠨ ᠬᠡᠳᠦᠨ ᠲᠦᠮᠡᠨ ᠰᠠᠭᠤᠭᠠᠯᠢ ᠠᠷᠠᠳ ᠴᠠᠭᠠᠨ ᠰᠠᠷ᠎ᠠ ᠢᠶᠠᠨ ᠪᠠᠶᠠᠷᠯᠠᠨ ᠪᠡᠯᠭᠡᠯᠡᠪᠡ
ᠨᠡᠶᠢᠲᠡᠯᠡᠭᠰᠡᠨ ᠴᠠᠭ᠄
2016/2/14
     ᠪᠢᠲᠡᠭᠦᠨ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠳ᠋ᠥᠩᠾᠧ ᠲᠣᠭᠤᠷᠢᠭ ᠤᠨ ᠪᠸᠢ ᠯᠢᠶᠠᠩ ᠤᠨ ᠳᠥᠭᠦᠮ ᠪᠥᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠲᠥᠪᠬᠢᠨᠡᠭᠦᠯᠬᠦ ᠰᠢᠨ᠎ᠡ ᠲᠣᠭᠤᠷᠢᠭ ᠤᠨ ᠮᠥᠷ ᠮᠥᠷ ᠰᠢᠨ᠎ᠡ ᠠᠰᠠᠷ ᠤᠨ ᠡᠭᠦᠳᠡᠨ ᠳᠠᠬᠢ ᠤᠯᠠᠭᠠᠨ ᠥᠡᠭᠭᠡᠳᠦ ᠬᠤᠣᠰ ᠤᠶᠠᠩᠭ᠎ᠠ ᠣᠨᠴᠠ ᠭᠡᠷᠡᠯᠲᠠᠢ ᠬᠠᠷᠠᠭᠳᠠᠵᠤ᠂ ᠭᠠᠯ ᠤᠯᠠᠭᠠᠨ ᠳ᠋ᠧᠩᠯᠦ ᠵᠣᠭᠰᠤᠯ ᠦᠭᠡᠢ ᠰᠠᠵᠢᠯᠠᠵᠤ ᠪᠣᠢ︔ ᠣᠷᠣᠵᠣ ᠭᠠᠷᠴᠤ ᠪᠠᠶᠢᠭ᠎ᠠ ᠬᠥᠮᠦᠰ ᠰᠢᠨ᠎ᠡ ᠵᠢᠯ ᠤᠨ ᠪᠠᠷᠠᠭ᠎ᠠ ᠠᠪᠴᠢᠭᠠᠵᠤ᠂ ᠫᠢᠷᠵᠢᠭᠢᠨᠠᠵᠤ ᠪᠠᠶᠢᠭ᠎ᠠ ᠫᠤᠤᠵᠢᠩ ᠤᠨ ᠳᠠᠭᠤᠨ ᠳᠤ ᠬᠡᠦᠬᠡᠳ ᠤᠳ ᠪᠠᠶᠠᠷᠯᠠᠨ ᠳᠡᠪᠬᠢᠷᠦᠨ᠎ᠡ᠃ ᠴᠠᠭᠠᠨ ᠰᠠᠷ᠎ᠠ ᠶᠢᠨ ᠪᠠᠶᠠᠷ ᠴᠡᠩᠭᠡᠯ ᠪᠢᠯᠬᠠᠵᠤ᠂ ︽ᠵᠣᠪᠠᠨᠢᠯᠲᠤ ᠣᠷᠣᠨ ᠰᠠᠭᠤᠴᠠ︾᠎ ᠠᠴᠠ ᠪᠠᠨ ᠰᠠᠯᠤᠭᠰᠠᠨ ᠬᠡᠳᠦᠨ ᠲᠥᠮᠡᠨ ᠰᠠᠭᠤᠭᠠᠯᠢ ᠠᠷᠠᠳ ᠪᠡᠯᠭᠡᠳᠦ ᠴᠠᠭᠠᠨ ᠰᠠᠷ᠎ᠠ ᠬᠦᠷᠴᠦ ᠢᠷᠡᠬᠦ ᠶᠢ ᠪᠠᠶᠠᠷᠯᠠᠨ ᠪᠡᠯᠭᠡᠯᠡᠵᠦ ᠪᠠᠶᠢᠨ᠎ᠠ᠃
     2 ᠳ᠋ᠤᠭᠠᠷ ᠰᠠᠷ᠎ᠠ ᠶᠢᠨ 7᠎ ᠤ ᠡᠳᠦᠷ᠂ ᠥᠪᠥᠷ ᠮᠣᠩᠭᠤᠯ ᠤᠨ ᠪᠤᠭᠤᠲᠤ ᠬᠤᠲᠠ ᠶᠢᠨ ᠳ᠋ᠥᠩᠾᠧ ᠲᠣᠭᠤᠷᠢᠭ ᠤᠨ ᠪᠸᠢ ᠯᠢᠶᠠᠩ ᠰᠢᠨ᠎ᠡ ᠲᠣᠭᠤᠷᠢᠭ ᠤᠨ ᠬᠤᠶᠢᠲᠤ ᠵᠢᠷᠭᠤᠳᠤᠭᠠᠷ ᠲᠣᠭᠤᠷᠢᠭ ᠤᠨ ᠰᠠᠭᠤᠭᠠᠯᠢ ᠠᠷᠠᠳ ᠯᠢᠦ ᠰᠢᠤ ᠴᠢᠨ ᠨᠠᠰᠤᠲᠠᠨ ᠰᠢᠨ᠎ᠡ ᠭᠡᠷ ᠲᠤ ᠪᠠᠨ ᠴᠣᠩᠬᠤᠨ ᠬᠤᠸᠠᠷ ᠨᠠᠭᠠᠵᠤ ᠪᠣᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号