2 ᠳ᠋ᠤᠭᠠᠷ ᠰᠠᠷ᠎ᠠ ᠶᠢᠨ 1 ᠤ ᠡᠳᠦᠷ᠂ ᠪᠦᠬᠦ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠵᠦ᠂ ︽12.5︾ ᠶᠢᠨ ᠲᠥᠯᠥᠪᠵᠢᠭᠦᠯᠭᠡ ᠶᠢᠨ ᠬᠤᠭᠤᠴᠠᠭ᠎ᠠ | ᠪᠣᠯᠣᠨ 2015 ᠣᠨ ᠤ ᠪᠦᠬᠦ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠡᠷᠭᠢᠴᠡᠭᠦᠯᠵᠦ᠂ ︽ | 13.5︾ ᠶᠢᠨ ᠬᠤᠭᠤᠴᠠᠭᠠᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠤᠤᠯ ᠡᠭᠦᠷᠭᠡ ᠪᠣᠯᠣᠨ 2016 | ᠣᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠵᠠᠢ᠃ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠴᠠᠩ ᠵᠢᠶᠦ᠋ᠨ ᠵᠸᠡᠭ ᠬᠤᠷᠠᠯ ᠳᠤ ᠤᠷᠤᠯᠴᠠᠵᠦ | ᠶᠠᠷᠢᠶ᠎ᠠ ᠲᠠᠯᠪᠢᠵᠠᠢ᠃ | ᠴᠠᠩ ᠵᠢᠶᠦ᠋ᠨ ᠵᠸᠡᠭ ᠴᠢᠬᠤᠯᠠᠴᠢᠯᠠᠬᠰᠠᠨ ᠨᠢ᠂ ᠦᠵᠡᠯ ᠰᠠᠨᠠᠭ᠎ᠠ ᠪᠠᠨ ᠨᠢᠭᠡᠳᠭᠡᠵᠦ᠂ ᠲᠠᠨᠢᠯᠳᠠ ᠪᠠᠨ | ᠲᠡᠭᠡᠭᠰᠢᠯᠡᠭᠦᠯᠦᠨ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠲᠤᠯᠭᠠᠷᠠᠵᠦ ᠪᠠᠶᠢᠭ᠎ᠠ | ᠰᠢᠨ᠎ᠠ ᠪᠠᠶᠢᠳᠠᠯ ᠢ ᠤᠯᠠᠮ ᠨᠢᠭᠡ ᠠᠯᠬᠤᠮ ᠤᠨᠤᠪᠴᠢᠳᠠᠢ ᠠᠳᠬᠤᠵᠦ᠂ ᠨᠢᠭᠡᠲᠦᠯᠳᠡᠢ ᠲᠦᠯᠦᠪᠵᠢᠭᠦᠯᠦᠨ | ᠭᠤᠤᠯᠳᠠᠯᠭ᠎ᠠ ᠶᠢ ᠲᠤᠪᠤᠶᠢᠯᠭᠠᠵᠦ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠬᠢᠷᠢ ᠲᠦᠪᠰᠢᠨ ᠢ ᠪᠦᠬᠦ | ᠲᠠᠯ᠎ᠠ ᠪᠠᠷ ᠲᠡᠭᠡᠭᠰᠢᠯᠡᠭᠦᠯᠦᠨ᠂ ᠤᠳᠤᠷᠢᠳᠤᠯᠭ᠎ᠠ ᠪᠠᠨ ᠴᠢᠩᠭᠠᠳᠬᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠬᠦᠴᠦᠷᠭᠡᠭ ᠶᠡᠭᠡ ᠨᠢᠬᠳᠠᠷᠠᠯ ᠤᠨ ᠬᠦᠴᠦᠨ ᠢ | ᠪᠦᠷᠢᠯᠳᠦᠭᠦᠯᠭᠦ ᠬᠡᠷᠡᠭᠳᠡᠢ ᠬᠡᠪᠡ᠃ |