ᠴᠠᠭᠠᠨ ᠰᠠᠷ᠎ᠠ ᠶᠢᠨ ᠦᠳᠡᠰᠢᠯᠡᠭᠡ ᠶᠢᠨ ᠥᠪᠥᠷ ᠮᠣᠩᠭᠤᠯ ᠤᠨ ᠬᠤᠪᠢᠶᠠᠷᠢ ᠲᠠᠯᠠᠪᠠᠢ᠄ ᠦᠨᠳᠦᠰᠦᠲᠡᠨ ᠤ ᠪᠦᠯᠬᠦᠮᠳᠡᠯ ᠢᠶᠠᠨ ᠮᠠᠭᠲᠠᠨ ᠳᠠᠭᠤᠯᠠᠵᠤ᠂ ᠤᠷᠢᠬᠠᠨ ᠬᠠᠪᠤᠷ ᠢᠶᠠᠨ ᠪᠠᠶᠠᠷᠯᠠᠨ ᠤᠭᠲᠤᠨᠠᠮ
ᠨᠡᠶᠢᠲᠡᠯᠡᠭᠰᠡᠨ ᠴᠠᠭ᠄
2016/2/15
     2016 ᠣᠨ ᠤ ᠲᠥᠪ ᠲᠧᠯᠸᠢᠰ ᠤᠨ ᠴᠠᠭᠠᠨ ᠰᠠᠷ᠎ᠠ ᠶᠢᠨ ᠦᠳᠡᠰᠢᠯᠡᠭᠡ ᠶᠢᠨ ᠭᠢᠯᠠᠰ ᠴᠡᠭ ᠤᠨ ᠨᠢᠭᠡ ᠨᠢ ᠪᠣᠯᠬᠤ ᠳᠠᠷᠤᠢ᠂ ᠠᠩᠬ᠎ᠠ ᠤᠳᠠᠭ᠎ᠠ ᠵᠡᠭᠦᠨ ᠪᠠᠷᠠᠭᠤᠨ ᠡᠮᠦᠨᠡᠲᠦ ᠬᠤᠶᠢᠲᠤ ᠲᠦᠷᠪᠡᠨ ᠬᠤᠪᠢᠶᠠᠷᠢ ᠲᠠᠯᠠᠪᠠᠢ ᠭᠠᠷᠭᠠᠵᠤ᠂ ᠣᠷᠣᠨ ᠨᠤᠲᠤᠭ ᠤᠨ ᠥᠪᠡᠷᠮᠢᠴᠡ ᠣᠨᠴᠠᠯᠢᠭ ᠲᠠᠢ ᠳᠠᠭᠤᠤ ᠪᠥᠵᠢᠭ ᠤᠨ ᠲᠣᠭᠯᠠᠯᠲᠠ ᠰᠣᠩᠭᠤᠵᠤ᠂ ᠲᠥᠪ ᠲᠧᠯᠸᠢᠰ ᠤᠨ ᠬᠥᠲᠥᠯᠥᠭᠴᠢ ᠮᠠ ᠶᠤᠸᠠᠢ ᠪᠣᠯᠤᠨ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠬᠥᠲᠥᠯᠥᠭᠴᠢ ᠥᠷᠢᠨᠲᠤᠶᠠᠭ᠎ᠠ ᠥᠪᠥᠷ ᠮᠣᠩᠭᠤᠯ ᠤᠨ ᠬᠥᠯᠥᠨ ᠪᠤᠶᠢᠷ ᠤᠨ ᠬᠤᠪᠢᠶᠠᠷᠢ ᠲᠠᠯᠠᠪᠠᠢ ᠶᠢᠨ ᠦᠵᠡᠭᠴᠢᠳ ᠎ ᠲᠠᠢ ᠬᠠᠮᠲᠤ ᠪᠠᠷ ᠪᠢᠲᠡᠭᠦᠯᠡᠪᠡ᠃ ᠬᠥᠯᠥᠨ ᠪᠤᠶᠢᠷ ᠤᠨ ᠬᠤᠪᠢᠶᠠᠷᠢ ᠲᠠᠯᠠᠪᠠᠢ ᠮᠠᠯᠵᠢᠬᠤ ᠣᠷᠣᠨ ᠤ ᠬᠢᠯᠢ ᠬᠢᠵᠠᠭᠠᠷ ᠤᠨ ᠦᠨᠳᠦᠰᠦᠲᠡᠨ ᠤ ᠵᠠᠩ ᠢ ᠭᠦᠢᠴᠡᠳ ᠢᠯᠡᠷᠡᠭᠦᠯᠵᠦ᠂ ᠡᠪᠦᠯ ᠤᠨ ᠤᠯᠠᠷᠢᠯ ᠤᠨ ᠪᠣᠭᠤᠮᠲᠠ ᠶᠢᠨ ᠭᠠᠳᠠᠨᠠᠬᠢ ᠠᠤᠭ᠎ᠠ ᠰᠦᠷᠯᠢᠭ ᠦᠵᠡᠮᠵᠢ ᠨᠦᠭᠦᠳ ᠢ ᠲᠣᠳᠣᠷᠠᠭᠤᠯᠵᠤ᠂ ᠲᠠᠯ᠎ᠠ ᠨᠤᠲᠤᠭ ᠤᠨ ᠮᠠᠯᠴᠢᠳ ᠤᠨ ᠲᠩᠷᠢ ᠭᠠᠵᠠᠷ ᠢᠶᠠᠷ ᠭᠡᠷ ᠢᠶᠠᠨ ᠪᠣᠯᠭᠠᠭᠰᠠᠨ ᠠᠭᠤᠵᠢᠮ ᠰᠡᠳᠬᠢᠯᠭᠡ ᠪᠠ ᠣᠯᠠᠨ ᠦᠨᠳᠦᠰᠦᠲᠡᠨ ᠤ ᠶᠡᠭᠡ ᠭᠡᠷ ᠪᠦᠯᠢ ᠶᠢᠨ ᠬᠠᠮᠲᠤ ᠪᠠᠷ ᠰᠠᠬᠢᠨ ᠬᠠᠷᠢᠯᠴᠠᠨ ᠬᠠᠪᠰᠤᠷᠤᠯᠴᠠᠭᠰᠠᠨ ᠰᠠᠷ᠎ᠠ ᠰᠢᠨ᠎ᠡ ᠶᠢᠨ ᠠᠭᠤᠷ ᠠᠮᠢᠰᠬᠤᠯ ᠢ ᠢᠯᠡᠷᠡᠭᠦᠯᠦᠨ᠂ ᠦᠨᠳᠦᠰᠦᠲᠡᠨ ᠨᠦᠭᠦᠳ ᠤᠨ ᠠᠬ᠎ᠠ ᠳᠡᠭᠦᠦ ᠮᠡᠲᠦ ᠶᠢᠨ ᠬᠠᠶᠢᠷ᠎ᠠ ᠰᠡᠳᠬᠢᠯᠭᠡ ᠶᠢ ᠮᠠᠭᠲᠠᠨ ᠳᠠᠭᠤᠯᠠᠵᠤ᠂ ︽ᠲᠩᠷᠢ ᠲᠠᠯ᠎ᠠ︾᠎ ᠶᠢᠨ ᠲᠠᠩᠰᠤᠭ ᠬᠠᠪᠤᠷ ᠢᠶᠠᠨ ᠤᠭᠲᠤᠵᠠᠭᠠᠪᠠ᠃ ᠮᠣᠩᠭᠤᠯ ᠦᠨᠳᠦᠰᠦᠲᠡᠨ ᠤ ︽ᠬᠠᠷᠠᠴᠤ ᠭᠠᠷᠤᠯᠳᠤ ᠳᠠᠭᠤᠴᠢᠨ︾ ᠶᠦᠨ ᠹᠧᠢ ᠲᠥᠪ ᠲᠧᠯᠸᠢᠰ ᠤᠨ ᠴᠠᠭᠠᠨ ᠰᠠᠷ᠎ᠠ ᠶᠢᠨ ᠦᠳᠡᠰᠢᠯᠡᠭᠡ ᠶᠢᠨ ᠬᠥᠯᠥᠨ ᠪᠤᠶᠢᠷ ᠤᠨ ᠬᠤᠪᠢᠶᠠᠷᠢ ᠲᠠᠯᠠᠪᠠᠢ ᠶᠢ ᠬᠠᠩᠭᠢᠨᠠᠭᠤᠯᠤᠨ ᠴᠤᠤᠷᠢᠶᠠᠲᠤᠭᠤᠯᠵᠤ᠂ ᠬᠥᠯᠥᠨ ᠪᠤᠶᠢᠷ ᠤᠨ ᠲᠠᠯ᠎ᠠ ᠨᠤᠲᠤᠭ ᠲᠤ ᠥᠰᠴᠦ ᠲᠥᠷᠥᠭᠰᠡᠨ ᠪᠦᠷᠢᠨᠪᠠᠶᠠᠷ᠂ ᠤᠷᠠᠨ᠎ᠠ ᠬᠤᠶᠠᠭᠤᠯᠠ ︽ᠴᠢᠨᠳᠠᠮᠤᠨᠢ ᠭᠤᠷᠪᠠᠨ ᠡᠷᠳᠡᠨᠢ︾ ᠮᠠᠶ᠋ᠢᠭ ᠤᠨ ︽ᠬᠠᠪᠤᠷ ᠢᠷᠡᠯ᠎ᠡ︾᠎  ᠭᠡᠬᠦ ᠠᠶ᠎ᠠ ᠡᠭᠰᠢᠭ ᠢᠶᠠᠨ ᠡᠷᠭᠦᠵᠦ᠂ ᠬᠥᠯᠥᠨ ᠪᠤᠶᠢᠷ ᠲᠤ ᠣᠷᠣᠰᠢᠨ ᠰᠠᠭᠤᠭ᠎ᠠ ᠣᠷᠴᠣᠨ᠂ ᠡᠸᠡᠩᠬᠢ᠂ ᠳᠠᠭᠤᠷ᠂ ᠪᠤᠷᠢᠶᠠᠳ᠂ ᠪᠠᠷᠭᠤ ᠵᠡᠷᠭᠡ ᠲᠠᠯ᠎ᠠ ᠨᠤᠲᠤᠭ ᠤᠨ ᠲᠠᠪᠤᠨ ᠡᠷᠲᠡᠨ ᠤ ᠠᠶᠢᠮᠠᠭ ᠤᠨ ᠬᠡᠦᠬᠡᠳ ᠤᠳ ᠢᠶᠠᠷ ᠪᠦᠷᠢᠯᠳᠦᠭᠰᠡᠨ ︽ᠰᠣᠯᠣᠩᠭ᠎ᠠ ᠲᠠᠲᠠᠭᠰᠠᠨ ᠬᠥᠯᠥᠨ ᠪᠤᠶᠢᠷ︾ ᠭᠡᠬᠦ ᠬᠡᠦᠬᠡᠳ ᠤᠨ ᠨᠠᠶᠢᠷᠠᠯ ᠳᠠᠭᠤᠤ ᠶᠢᠨ ᠠᠶ᠎ᠠ ᠲᠠᠢ ︽ᠠᠷᠢᠬᠢᠨ ᠳᠠᠭᠤᠤ︾᠎ ᠨᠢ ᠬᠤᠪᠢᠶᠠᠷᠢ ᠲᠠᠯᠠᠪᠠᠢ ᠶᠢᠨ ᠫᠷᠤᠭ᠍ᠷᠠᠮ ᠢ ᠣᠷᠭᠢᠯ ᠲᠤ ᠬᠦᠷᠭᠡᠵᠡᠢ᠃ ᠮᠣᠩᠭᠤᠯ ᠬᠥᠮᠦᠨ᠂ ᠮᠣᠷᠢ᠂ ᠲᠡᠮᠡᠭᠡ᠂ ᠮᠣᠩᠭᠤᠯ ᠭᠡᠷ᠂ ᠴᠠᠰᠤᠨ ᠱᠤᠭᠤᠮᠠᠯ ᠁ ᠡᠯ᠎ᠡ ᠵᠦᠢᠯ ᠤᠨ ᠲᠠᠯ᠎ᠠ ᠨᠤᠲᠤᠭ ᠤᠨ ᠰᠣᠶᠣᠯ ᠤᠨ ᠡᠯᠧᠮᠧᠨ᠋ᠲ ᠢ ᠲᠣᠪᠣᠶᠢᠯᠭᠠᠨ᠂ ᠤᠯᠠᠮ ᠬᠥᠭᠵᠢᠶᠡᠨ ᠲᠠᠢ ᠨᠠᠶᠢᠷ ᠢᠶᠠᠷ ᠪᠢᠯᠬᠠᠭᠤᠯᠤᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号