ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ ᠪᠣᠯᠣᠨ ᠵᠢᠶᠠᠩᠰᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠠᠵᠢᠯ ᠤᠨ ᠲᠣᠭᠲᠠᠴᠠ ᠶᠢᠨ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2016/2/15
     ᠶᠡᠷᠦᠩᠬᠡᠢ ᠲᠣᠪᠴᠢᠶ᠎ᠡ ᠶᠢᠨ ᠡᠮᠦᠨᠡᠭᠡᠨ ᠬᠤᠷᠠᠯᠳᠤᠭᠤᠯᠤᠭᠰᠠᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠢᠯᠢ ᠳᠠᠭᠠᠤ ᠣᠷᠣᠨ ᠤ ᠰᠢᠭᠤᠳ ᠬᠠᠷᠢᠶ᠎ᠡ ᠲᠤᠪᠴᠢᠶ᠎ᠡ ᠪᠣᠯᠣᠨ ᠳᠠᠯᠠᠢ ᠳᠠᠭᠠᠤ ᠬᠥᠭᠵᠢᠭᠰᠡᠨ ᠣᠷᠣᠨ ᠤ ᠰᠢᠭᠤᠳ ᠬᠠᠷᠢᠶ᠎ᠡ ᠲᠤᠪᠴᠢᠶ᠎ᠡ ᠶᠢᠨ ᠬᠠᠷᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠶᠢᠨ ᠲᠤᠰᠠᠲᠠ᠂ ᠣᠷᠴᠢᠮᠬᠠᠨ ᠳᠤ ᠥᠪᠥᠷ ᠮᠣᠩᠭᠤᠯ ᠤᠨ ᠬᠢᠯᠢ ᠪᠠᠷ ᠤᠷᠤᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ ᠪᠣᠯᠣᠨ ᠵᠢᠶᠠᠩᠰᠤ ᠶᠢᠨ ᠬᠢᠯᠢ ᠪᠠᠷ ᠤᠷᠤᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ ᠪᠥᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠵᠦ᠂ ᠵᠢᠶᠠᠩᠰᠤ ᠶᠢᠨ ᠨᠠᠨᠵᠢᠩ ᠳᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠠᠵᠢᠯ ᠤᠨ ᠲᠣᠭᠲᠠᠴᠠ ᠶᠢᠨ ᠰᠠᠨᠠᠮᠵᠢ ᠶᠢᠨ ᠪᠢᠴᠢᠭ ︵ᠳᠣᠷᠣᠭᠰᠢ ︽ᠰᠠᠨᠠᠮᠵᠢ ᠶᠢᠨ ᠪᠢᠴᠢᠭ︾ ᠭᠡᠵᠦ ᠲᠣᠪᠴᠢᠯᠠᠨ᠎ᠠ︶᠎ ᠲᠤ ᠭᠠᠷ ᠤᠨ ᠦᠰᠦᠭ ᠵᠢᠷᠤᠪᠠ᠃      ︽ᠰᠠᠨᠠᠮᠵᠢ ᠶᠢᠨ ᠪᠢᠴᠢᠭ︾᠎ ᠲᠤ ᠢᠯᠡᠷᠬᠡᠶᠢᠯᠡᠭᠰᠡᠨ ᠨᠢ᠂ ᠬᠤᠶᠠᠷ ᠲᠠᠯ᠎ᠠ ᠪᠠᠷ ᠢᠶᠠᠨ ᠡᠷᠡᠮ ᠰᠢᠨᠵᠢᠯᠡᠭᠡᠨ ᠤ ᠰᠡᠳᠦᠪ ᠤᠨ ᠰᠤᠳᠤᠯᠭᠠᠨ ᠤ ᠲᠠᠯ᠎ᠠ ᠪᠣᠯᠣᠨ ᠴᠢᠳᠠᠪᠤᠷᠢᠲᠠᠨ ᠤ ᠬᠠᠷᠢᠯᠴᠠᠨ ᠦᠢᠯᠡᠳᠦᠯᠴᠡᠬᠦ᠂ ᠠᠮᠵᠢᠯᠲᠠ ᠪᠥᠲᠦᠮᠵᠢ ᠶᠢ ᠰᠢᠯᠭᠠᠨ ᠬᠢᠨᠠᠬᠤ ᠪᠠ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠢᠲ᠋ᠧᠮᠵᠢ ᠶᠢᠨ ᠠᠵᠢᠯ ᠤᠨ ᠲᠤᠷᠰᠢᠯᠭ᠎ᠠ ᠰᠣᠯᠢᠯᠴᠠᠬᠤ᠂ ᠲᠥᠷᠦ ᠶᠢᠨ ᠪᠣᠳᠣᠯᠭ᠎ᠠ ᠶᠢᠨ ᠰᠣᠳᠣᠯᠭ᠎ᠠ᠂ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠣᠳᠣᠯᠭ᠎ᠠ ᠵᠢᠴᠢ ︽ᠳᠣᠮᠳᠠᠳᠣ ᠮᠣᠩᠭᠤᠯ ᠣᠷᠣᠰ ᠤᠨ ᠠᠵᠤ ᠠᠬᠤᠢ ᠶᠢᠨ ᠬᠤᠨᠭ᠍ᠬᠢᠯ︾᠎ ᠤᠨ ᠪᠥᠲᠦᠭᠡᠨ ᠪᠠᠶᠢᠭᠤᠯᠤᠯᠲᠠ ᠶᠢᠨ ᠪᠣᠷᠣ ᠲᠦᠯᠦᠪ ᠤᠨ ᠳᠣᠣᠷᠠᠬᠢ ᠬᠢᠯᠢ ᠪᠠᠷ ᠤᠷᠤᠭᠤᠯᠵᠤ ᠭᠠᠷᠭᠠᠬᠤ ᠲᠠᠸᠠᠷ ᠢ ᠰᠢᠯᠭᠠᠨ ᠪᠠᠶᠢᠴᠠᠭᠠᠬᠤ ᠬᠢᠨᠠᠯᠲᠠ ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠮᠡᠳᠡᠭᠡ ᠵᠠᠩᠭᠢᠵᠢᠯᠲᠡ ᠶᠢᠨ ᠪᠥᠲᠦᠭᠡᠨ ᠪᠠᠶᠢᠭᠤᠯᠤᠯᠲᠠ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠪᠠᠶᠢᠭᠤᠯᠭ᠎ᠠ ᠶᠢᠨ ᠳᠣᠲᠣᠭᠠᠳᠤ ᠶᠢᠨ ᠬᠠᠮᠢᠶᠠᠷᠤᠯᠲᠠ ᠪᠣᠯᠣᠨ ᠳᠦᠷᠢᠮ ᠤᠨ ᠪᠠᠶᠢᠭᠤᠯᠤᠯᠲᠠ ᠵᠢᠴᠢ ᠵᠣᠬᠢᠴᠠᠭᠤᠯᠬᠤ ᠠᠵᠢᠯ ᠤᠨ ᠲᠣᠭᠲᠠᠴᠠ ᠵᠡᠷᠭᠡ ᠨᠠᠢᠮᠠᠨ ᠲᠠᠯ᠎ᠠ ᠪᠠᠷ ᠬᠠᠮᠲᠤᠷᠠᠯᠴᠠᠭᠠᠨ ᠤ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠤᠨ᠎ᠠ ᠭᠡᠪᠡ᠃      ︽ᠰᠠᠨᠠᠮᠵᠢ ᠶᠢᠨ ᠪᠢᠴᠢᠭ︾᠎ ᠲᠤ ᠭᠠᠷ ᠤᠨ ᠦᠰᠦᠭ ᠵᠢᠷᠤᠬᠤ ᠠᠴᠠ ᠡᠮᠦᠨ᠎ᠡ᠂ ᠥᠪᠥᠷ ᠮᠣᠩᠭᠤᠯ ᠪᠣᠯᠣᠨ ᠵᠢᠶᠠᠩᠰᠤ ᠶᠢᠨ ᠬᠤᠶᠠᠷ ᠲᠣᠪᠴᠢᠶ᠎ᠡ ᠶᠢᠨ ᠤᠳᠤᠷᠢᠳᠤᠯᠭ᠎ᠠ ᠨᠤᠭᠤᠳ ᠨᠠᠨᠵᠢᠩ ᠳᠤ ᠠᠵᠢᠯ ᠤᠨ ᠰᠣᠯᠢᠯᠴᠠᠭᠠᠨ ᠤ ᠬᠤᠷᠠᠯ ᠬᠤᠷᠠᠯᠳᠤᠭᠤᠯᠪᠠ᠃ ᠥᠪᠥᠷ ᠮᠣᠩᠭᠤᠯ ᠤᠨ ᠲᠣᠪᠴᠢᠶ᠎ᠡ ᠶᠢᠨ ᠲᠣᠪᠴᠢᠶᠡᠨ ᠳᠠᠷᠤᠭ᠎ᠠ ᠵᠠᠨ ᠱᠣᠣ ᠲᠥᠩ᠂ ᠵᠢᠶᠠᠩᠰᠤ ᠶᠢᠨ ᠲᠣᠪᠴᠢᠶ᠎ᠡ ᠶᠢᠨ ᠲᠣᠪᠴᠢᠶᠡᠨ ᠳᠠᠷᠤᠭ᠎ᠠ ᠸᠠᠩ ᠸᠧᠢ ᠠᠴᠠ ᠬᠤᠶᠠᠷ ᠲᠣᠪᠴᠢᠶᠡᠨ ᠤ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠠᠵᠢᠯ ᠤᠨ ᠪᠠᠶᠢᠳᠠᠯ ᠪᠣᠯᠣᠨ ᠣᠷᠣᠨ ᠨᠣᠲᠤᠭ ᠤᠨ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠪᠠᠶᠢᠳᠠᠯ ᠢ ᠲᠤᠰ ᠲᠤᠰ ᠲᠠᠨᠢᠯᠴᠠᠭᠤᠯᠪᠠ᠃       ᠥᠪᠥᠷ ᠮᠣᠩᠭᠤᠯ ᠤᠨ ᠲᠣᠪᠴᠢᠶ᠎ᠡ ᠶᠢᠨ ᠳᠡᠳ᠋ ᠲᠣᠪᠴᠢᠶᠡᠨ ᠳᠠᠷᠤᠭ᠎ᠠ ᠬᠤᠸᠠᠩ ᠶᠥᠡᠭ᠂ ᠮᠠᠨᠵᠤᠤᠷ ᠲᠣᠪᠴᠢᠶ᠎ᠡ ᠶᠢᠨ ᠳᠠᠷᠤᠭ᠎ᠠ ᠷᠥᠡᠭ ᠽᠢ ᠪᠢᠨ ᠵᠢᠴᠢ ᠥᠪᠥᠷ ᠮᠣᠩᠭᠤᠯ ᠤᠨ ᠲᠣᠪᠴᠢᠶ᠎ᠡ ᠶᠢᠨ ᠠᠯᠪᠠᠨ ᠭᠡᠷ᠂ ᠠᠵᠢᠯᠳᠠᠨ ᠤ ᠶᠠᠪᠣᠳᠠᠯ ᠤᠨ ᠭᠠᠵᠠᠷ᠂ ᠪᠠᠶᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠬᠤᠯᠪᠤᠭᠳᠠᠯ ᠪᠥᠬᠦᠢ ᠬᠠᠷᠢᠭᠤᠴᠠᠯᠭᠠᠲᠠᠳ ᠬᠠᠮᠲᠤᠪᠡᠷ ᠪᠠᠶᠢᠴᠠᠭᠠᠨ ᠰᠣᠷᠣᠯᠴᠠᠬᠤ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号