| 2016 ᠤᠨ ᠤ 2 ᠳ᠋ᠤᠭᠠᠷ ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ | ᠤᠷᠤᠨ ᠤ ᠵᠠᠰᠠᠭ ᠤᠨ ᠤᠷᠳᠤᠨ ᠤ ᠰᠤᠳᠤᠯᠬᠤ ᠬᠡᠷ 2016 ᠤᠨ ᠤ ᠠᠵᠢᠯ ᠤᠨ ᠬᠤᠷᠠᠯ ᠢ ᠬᠤᠷᠠᠯᠳᠤᠭᠤᠯᠪᠠ᠃ | ᠬᠤᠷᠠᠯ ᠤᠨ ᠭᠤᠤᠯ ᠡᠬᠦᠷᠭᠡ ᠪᠤᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠷᠢᠰ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠤᠳᠤᠬᠠᠨ ᠤ | ᠪᠠᠶᠢᠳᠠᠯ ᠪᠤᠯᠤᠨ ᠡᠬᠦᠷᠭᠡ ᠶᠢ ᠵᠠᠳᠠᠯᠵᠤ᠂ 2015 ᠤᠨ ᠤ ᠠᠵᠢᠯ ᠢᠶᠠᠨ ᠳ᠋ᠦᠡᠭᠨᠡᠵᠤ᠂ 2016 ᠤᠨ ᠤ ᠠᠵᠢᠯ ᠤᠨ | ᠡᠬᠦᠷᠭᠡ ᠪᠠᠨ ᠲᠤᠬᠢᠷᠠᠭᠤᠯᠤᠨ ᠪᠠᠶᠢᠷᠢᠯᠠᠭᠤᠯᠵᠤ᠂ 2015 ᠤᠨ ᠤ ᠲᠡᠷᠢᠬᠦᠨ ᠤ ᠬᠠᠮᠲᠤ᠂ ᠲᠡᠷᠢᠬᠦᠨ ᠤ ᠬᠤᠪᠢ | ᠬᠦᠮᠦᠨ ᠪᠤᠯᠤᠨ ᠰᠢᠯᠢᠳᠡᠭ ᠰᠤᠳᠤᠯᠤᠯᠲᠠ ᠶᠢᠨ ᠦᠷ᠎ᠡ ᠪᠦᠲᠦᠭᠡᠯ ᠢ ᠱᠠᠩᠨᠠᠨ ᠬᠦᠬᠢᠬᠦᠯᠬᠦ ᠪᠤᠯᠤᠨ᠎ᠠ᠃ ᠦᠪᠡᠷᠲᠡᠭᠡᠨ | ᠵᠠᠰᠠᠬᠤ ᠤᠷᠤᠨ ᠤ ᠵᠠᠰᠠᠭ ᠤᠨ ᠤᠷᠳᠤᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠰᠤᠳᠤᠯᠬᠤ ᠬᠡᠷ ᠤᠨ ᠡᠷᠬᠢᠯᠡᠭᠴᠢ | ᠨᠠ ᠸᠧᠢ ᠴᠢᠩ ᠬᠤᠷᠠᠯ ᠳᠤ ᠤᠷᠤᠯᠴᠠᠵᠤ ᠠᠵᠢᠯ ᠤᠨ ᠮᠡᠳᠡᠬᠦᠯᠦᠯᠲᠡ ᠬᠢᠪᠡ᠃ | ᠨᠠ ᠸᠧᠢ ᠴᠢᠩ ᠠᠵᠢᠯ ᠤᠨ ᠮᠡᠳᠡᠭᠦᠯᠦᠯᠲᠡ ᠳᠡᠭᠡᠨ ᠵᠢᠭᠠᠵᠤ ᠭᠠᠷᠭᠠᠭᠰᠠᠨ ᠨᠢ᠂ ᠦᠡᠭᠭᠡᠷᠡᠭᠰᠡᠨ ᠤ ᠨᠢᠭᠡ | ᠵᠢᠯ ᠳᠤ ᠰᠤᠳᠤᠯᠬᠤ ᠬᠡᠷ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ | ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠭᠤᠤᠯ ᠠᠵᠢᠯ ᠲᠠᠢ ᠪᠠᠨ ᠨᠢᠭᠲᠠ ᠤᠶᠠᠯᠳᠤᠭᠤᠯᠤᠨ᠂ ᠬᠦᠭᠵᠢᠯᠲᠡ ᠶᠢᠨ ᠭᠤᠤᠯᠳᠠᠯᠭ᠎ᠠ᠂ | ᠦᠭᠡᠷᠡᠴᠢᠯᠡᠯᠲᠡ ᠶᠢᠨ ᠪᠡᠷᠭᠡ ᠠᠰᠠᠭᠤᠳᠠᠯ᠂ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠡᠰᠢ ᠲᠦᠪᠯᠡᠷᠡᠬᠦᠯᠦᠨ᠂ | ᠦᠨᠳᠦᠰᠦᠨ ᠱᠠᠲᠤᠨ ᠤ ᠨᠢᠭᠡᠳᠦᠭᠡᠷ ᠹᠷᠤᠨᠲ ᠲᠤ ᠬᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠤ᠂ ᠪᠤᠳᠠᠲᠤ | ᠪᠠᠶᠢᠳᠠᠯ ᠢ ᠪᠠᠶᠢᠴᠠᠭᠠᠨ᠂ ᠵᠠᠰᠠᠭ ᠤᠨ ᠤᠷᠳᠤᠨ ᠤ ᠠᠵᠢᠯ ᠳᠤ ᠠᠷᠭ᠎ᠠ ᠪᠤᠳᠤᠯᠭ᠎ᠠ ᠭᠠᠷᠭᠠᠨ᠂ ᠵᠦᠪᠯᠡᠭᠴᠢ ᠪᠤᠯᠤᠨ | ᠬᠠᠪᠰᠤᠷᠤᠭᠴᠢ ᠶᠢᠨ ᠦᠢᠯᠡᠳᠦᠯ ᠢ ᠦᠨᠡᠨᠬᠦ ᠪᠠᠳᠠᠷᠠᠭᠤᠯᠵᠠᠢ ᠬᠡᠪᠡ᠃ | ᠨᠠ ᠸᠧᠢ ᠴᠢᠩ ᠠᠵᠢᠯ ᠤᠨ ᠮᠡᠳᠡᠬᠦᠯᠦᠯᠲᠡ ᠳᠡᠭᠡᠨ ᠳᠤᠷᠠᠳᠤᠭᠰᠠᠨ ᠨᠢ᠂ 2016 ᠤᠨ ᠤ ᠰᠤᠳᠤᠯᠬᠤ ᠬᠡᠷ | ︵ᠵᠦᠪᠯᠡᠭᠴᠢᠳ ᠤᠨ ᠬᠡᠷ︶ ᠤᠨ ᠠᠵᠢᠯ ᠤᠨ ᠶᠡᠷᠦᠩᠭᠡᠢ ᠰᠡᠳᠬᠢᠮᠵᠢ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ᠂ ᠳᠦᠷᠪᠡᠳᠦᠭᠡᠷ ᠪᠦᠬᠦᠳᠡ | ᠬᠤᠷᠠᠯ᠂ ᠲᠠᠪᠤᠳᠤᠭᠠᠷ ᠪᠦᠬᠦᠳᠡ ᠬᠤᠷᠠᠯ ᠪᠤᠯᠤᠨ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳ᠋ᠸᠡᠭ ᠰᠢᠶᠤᠤ ᠫᠢᠡᠭ ᠤᠨ ᠤᠨᠤᠯ᠂ ︽ | ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠠᠷ | ᠵᠢᠯᠤᠭᠤᠳᠤᠯᠭ᠎ᠠ ᠪᠤᠯᠭᠠᠨ᠂ ᠶᠡᠷᠦᠩᠭᠡᠢ ᠱᠦᠵᠢ ᠰᠢ ᠶᠢᠨ ᠫᠢᠡᠭ ᠤᠨ ᠰᠢᠷᠢᠰ ᠴᠢᠬᠤᠯᠠ ᠶᠠᠷᠢᠶ᠎ᠠ ᠪᠤᠯᠤᠨ ᠦᠪᠦᠷ | ᠮᠤᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠢᠨᠠᠮᠠᠭᠠᠢ | ᠲᠤᠤᠱᠯᠠᠭᠤᠯᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠶᠢᠰᠦᠳᠦᠬᠡᠷ ᠬᠤᠭᠤᠴᠠᠭᠠᠨ ᠤ ᠠᠷᠪᠠᠨ | ᠳᠦᠷᠪᠡᠳᠦᠭᠡᠷ ᠪᠦᠬᠦᠳᠡ ᠬᠤᠷᠠᠯ ᠪᠤᠯᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠤᠷᠤᠨ ᠤ ︽13·5︾ ᠶᠢᠨ ᠲᠦᠯᠦᠪᠵᠢᠬᠦᠯᠭᠡ ᠶᠢᠨ | ᠬᠦᠲᠦᠯᠪᠦᠷᠢ ᠪᠤᠯᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠲᠤᠲᠤᠷᠬᠠᠶᠢᠯᠠᠭᠰᠠᠨ ᠴᠢᠬᠤᠯᠠ ᠡᠬᠦᠷᠭᠡ | ᠪᠠᠷ ᠪᠠᠶᠢᠴᠠᠭᠠᠨ ᠰᠤᠳᠤᠯᠤᠯᠲᠠ ᠶᠢᠨ ᠭᠤᠤᠯ ᠱᠤᠭᠤᠮ ᠪᠤᠯᠭᠠᠨ᠂ ︽ᠰᠢᠨ᠎ᠡ ᠶᠢ ᠡᠬᠦᠳᠬᠦ᠂ ᠵᠤᠬᠢᠴᠠᠩᠭᠤᠢ᠂ | ᠪᠤᠬᠢᠷᠳᠤᠯ ᠦᠭᠡᠢ᠂ ᠨᠡᠭᠡᠭᠡᠯᠲᠡ ᠲᠠᠢ᠂ ᠬᠠᠮᠲᠤ ᠪᠠᠷ ᠡᠳ᠋ᠯᠡᠬᠦ︾ ᠲᠠᠪᠤᠨ ᠶᠡᠭᠡ ᠤᠨᠤᠯᠵᠢᠬᠤᠨ ᠪᠤᠯᠤᠨ ᠰᠢᠨ᠎ᠡ ᠬᠡᠪ | ᠪᠠᠶᠢᠳᠠᠯ ᠤᠨ ᠰᠡᠳᠬᠢᠴᠡ ᠪᠠᠷ ᠬᠠᠷᠠᠯᠲᠠ ᠪᠤᠯᠭᠠᠨ᠂ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠵᠠᠰᠠᠭ ᠤᠨ ᠤᠷᠳᠤᠨ ᠤ ᠰᠢᠰᠲ᠋ᠧᠮ ᠪᠤᠯᠤᠨ ᠤᠶᠤᠨᠴᠢ ᠴᠢᠳᠠᠮᠵᠢ ᠶᠢ ᠬᠦᠢᠴᠡᠳ ᠵᠤᠬᠢᠴᠠᠭᠤᠯᠤᠨ᠂ | ᠪᠠᠶᠢᠴᠠᠭᠠᠯᠲᠠ ᠬᠢᠬᠦ᠂ ᠠᠰᠠᠭᠤᠨ ᠯᠠᠪᠯᠠᠬᠤ᠂ ᠮᠡᠳᠡᠭᠡ ᠵᠠᠩᠬᠢ᠂ ᠪᠢᠴᠢᠭ ᠨᠤᠤᠷᠠᠭ᠂ ᠦᠭᠡᠷᠡᠴᠢᠯᠡᠯᠲᠡ ᠪᠤᠯᠤᠨ | ᠲᠦᠷᠦ ᠶᠢᠨ ᠶᠠᠪᠤᠳᠠᠯ ᠳᠤ ᠤᠷᠤᠯᠴᠠᠬᠤ ᠦᠢᠯᠡᠴᠢᠯᠡᠭᠡᠨ ᠤ ᠬᠢᠷᠢ ᠲᠦᠪᠰᠢᠨ ᠢᠶᠠᠨ ᠶᠡᠬᠡᠪᠡᠷ ᠳᠡᠭᠡᠭᠰᠢᠯᠡᠬᠦᠯᠵᠤ᠂ | ᠰᠤᠳᠤᠯᠬᠤ ᠬᠡᠷ ᠢᠶᠠᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ︽ᠢᠲᠡᠭᠡᠮᠵᠢ ᠲᠠᠢ︾᠂ ︽ | ᠲᠦᠰᠢᠵᠤ ᠪᠤᠯᠬᠤ︾᠂ ︽ᠬᠡᠷᠡᠭᠴᠡᠭᠡ ᠲᠠᠢ︾ ᠵᠦᠪᠯᠡᠭᠴᠢ ᠪᠤᠯᠤᠨ ᠬᠠᠪᠰᠤᠷᠤᠭᠴᠢ ᠪᠤᠯᠭᠠᠨ ᠴᠤᠭᠴᠠᠯᠠᠬᠤ ᠪᠠᠷ | ᠴᠢᠷᠮᠠᠶᠢᠬᠤ ᠬᠡᠷᠡᠭᠲᠠᠢ ᠬᠡᠪᠡ᠃ | ᠡᠨᠡ ᠤᠳᠠᠭᠠᠨ ᠤ ᠬᠤᠷᠠᠯ ᠢ ᠸᠠᠩ ᠬᠠᠢ ᠪᠢᠨ ᠲᠤᠭᠤᠷᠢᠨ ᠪᠠᠶᠢᠴᠠᠭᠠᠭᠴᠢ ᠡᠷᠬᠢᠯᠡᠵᠤ᠂ ᠳᠡᠳ᠋ ᠡᠷᠬᠢᠯᠡᠭᠴᠢ | ᠸᠧᠨ ᠹᠸᠡᠭ ᠱᠠᠩᠨᠠᠨ ᠬᠦᠬᠢᠬᠦᠯᠬᠦ ᠰᠢᠢᠳᠪᠦᠷᠢ ᠶᠢ ᠨᠡᠶᠢᠲᠡᠯᠡᠵᠤ᠂ ᠰᠤᠳᠤᠯᠬᠤ ᠬᠡᠷ ︵ᠵᠦᠪᠯᠡᠭᠴᠢᠳ ᠤᠨ ᠬᠡᠷ︶ ᠤᠨ | ᠤᠳᠤᠷᠢᠳᠤᠯᠭ᠎ᠠ ᠠᠴᠠ ᠱᠠᠩᠨᠠᠯ ᠤᠯᠤᠭᠰᠠᠨ ᠨᠦᠬᠦᠳ ᠪᠤᠯᠤᠨ ᠰᠤᠳᠤᠯᠬᠤ ᠬᠡᠷ ᠲᠤ ᠱᠠᠩᠨᠠᠯ ᠤᠨ ᠦᠨᠡᠮᠯᠡᠯ | ᠭᠠᠷᠳᠠᠭᠤᠯᠪᠠ᠃ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠦᠪᠯᠡᠭᠴᠢᠳ ᠤᠨ ᠬᠡᠷ ᠪᠤᠯᠤᠨ | ᠪᠠᠶᠢᠭᠤᠯᠭ᠎ᠠ ᠶᠢᠨ ᠪᠦᠬᠦ ᠨᠦᠬᠦᠳ ᠬᠤᠷᠠᠯ ᠳᠤ ᠤᠷᠤᠯᠴᠠᠪᠠ᠃ |