ᠬᠥᠬᠡᠬᠤᠲᠠ ᠨᠢᠳᠤᠨᠤᠨ ᠠᠵᠢᠯ ᠣᠯᠬᠤ ᠳᠤ ᠬᠦᠴᠢᠷᠳᠡᠯᠲᠡᠢ 6831 ᠬᠥᠮᠥᠨ ᠤ ᠠᠵᠢᠯ ᠣᠯᠭᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/2/15
      2015 ᠣᠨ ᠳᠤ᠂ ᠪᠦᠬᠦ ᠬᠤᠲᠠ ᠠᠵᠢᠯ ᠣᠯᠬᠤ ᠳᠤ ᠬᠦᠴᠢᠷᠳᠡᠯᠲᠡᠢ 6831 ᠬᠥᠮᠥᠨ ᠤ ᠠᠵᠢᠯ ᠣᠯᠭᠤᠯᠲᠠ ᠶᠢ ᠪᠡᠶᠡᠯᠡᠭᠦᠯᠵᠦ᠂ ᠪᠦᠬᠦ ᠵᠢᠯ ᠤᠨ 6200 ᠬᠥᠮᠥᠨ ᠤ ᠬᠠᠷᠠᠯᠲᠠᠲᠤ ᠡᠭᠦᠷᠭᠡ ᠪᠠᠨ 110.18%᠎ ᠪᠠᠷ ᠪᠡᠶᠡᠯᠡᠭᠦᠯᠪᠡ᠃ ᠡᠭᠦᠨ ᠳᠤ ᠲᠢᠭ ᠠᠵᠢᠯ ᠣᠯᠭᠤᠯᠲᠠ ᠲᠠᠢ 50 ᠭᠡᠷ ᠪᠦᠯᠢ ᠶᠢ ᠮᠠᠭᠠᠳᠯᠠᠨ ᠲᠣᠭᠲᠠᠭᠠᠵᠤ᠂ ᠬᠠᠪᠰᠤᠷᠤᠨ ᠲᠡᠳᠬᠦᠬᠦ ᠪᠠᠷ ᠳᠠᠮᠵᠢᠨ 50 ᠬᠥᠮᠥᠨ ᠤ ᠠᠵᠢᠯ ᠣᠯᠭᠤᠯᠲᠠ ᠶᠢ ᠪᠡᠶᠡᠯᠡᠭᠦᠯᠵᠦ᠂ ᠬᠥᠳᠥᠯᠥᠩᠭᠦᠢ ᠪᠠᠶᠢᠳᠠᠯ ᠢ ᠬᠡᠵᠢᠶᠡᠳᠡ ᠲᠢᠭ ᠪᠠᠶᠢᠯᠭᠠᠬᠤ ᠶᠢ ᠢᠮᠠᠭᠲᠠ ᠪᠠᠷᠢᠮᠲᠠᠯᠠᠪᠠ︔ ᠠᠷᠢᠭᠤᠳᠬᠠᠬᠤ ᠠᠵᠢᠯ᠂ ᠬᠦᠳᠡᠯᠮᠥᠷᠢ ᠶᠢᠨ ᠪᠠᠲᠤᠯᠠᠭ᠎ᠠ ᠶᠢᠨ ᠲᠤᠰᠠᠯᠠᠭᠴᠢ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠠᠰᠢᠭᠯᠠᠬᠤ ᠪᠠᠷ ᠳᠠᠮᠵᠢᠨ᠂ ᠠᠵᠢᠯ ᠣᠯᠬᠤ ᠳᠤ ᠬᠦᠴᠢᠷᠳᠡᠯᠲᠡᠢ 479 ᠬᠥᠮᠥᠨ ᠢ ᠲᠥᠪᠬᠢᠨᠡᠭᠦᠯᠪᠡ᠃ 2015 ᠣᠨ ᠳᠤ᠂ ᠬᠥᠬᠡᠬᠤᠲᠠ ᠠᠵᠢᠯ ᠣᠯᠬᠤ ᠳᠤ ᠬᠦᠴᠢᠷᠳᠡᠯᠲᠡᠢ ᠬᠥᠮᠥᠨ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠳᠦᠷᠢᠮᠵᠢᠭᠦᠯᠬᠦ᠂ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠨᠡᠶᠢᠲᠠ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠵᠣᠬᠢᠰᠲᠠᠢ ᠪᠠᠷ ᠨᠡᠭᠡᠭᠡᠨ ᠠᠰᠢᠭᠯᠠᠬᠤ ᠵᠡᠷᠭᠡ ᠠᠷᠭ᠎ᠠ ᠪᠠᠷᠢᠯ ᠢᠶᠠᠷ ᠳᠠᠮᠵᠢᠨ᠂ ᠠᠵᠢᠯ ᠣᠯᠬᠤ ᠳᠤ ᠬᠦᠴᠢᠷᠳᠡᠯᠲᠡᠢ ᠬᠥᠮᠥᠰ ᠲᠤ ᠠᠵᠢᠯ ᠣᠯᠭᠤᠬᠤ ᠶᠢ ᠲᠤᠰᠠᠯᠠᠬᠤ ᠠᠵᠢᠯ ᠢ ᠰᠠᠶᠢᠳᠤᠷ ᠬᠢᠵᠦ᠂ ᠠᠵᠢᠯ ᠣᠯᠬᠤ ᠳᠤ ᠬᠦᠴᠢᠷᠳᠡᠯᠲᠡᠢ ᠬᠥᠮᠥᠰ ᠤᠨ ᠠᠵᠢᠯ ᠣᠯᠬᠤ ᠶᠢ ᠳᠡᠮᠵᠢᠪᠡ᠃ ᠡᠭᠦᠨ ᠤ ᠬᠠᠮᠲᠤ᠂ ᠠᠵᠢᠯ ᠣᠯᠬᠤ ᠳᠤ ᠬᠦᠴᠢᠷᠳᠡᠯᠲᠡᠢ ᠬᠥᠮᠥᠰ ᠤᠨ ᠠᠮᠢᠳᠤᠯᠢᠭ ᠢᠶᠠᠷ ᠠᠵᠢᠯ ᠣᠯᠬᠤ ᠶᠢ ᠢᠳᠡᠪᠬᠢᠲᠡᠢ ᠪᠠᠷ ᠵᠣᠷᠢᠭᠵᠢᠭᠤᠯᠵᠤ᠂ 2.21 ᠲᠦᠮᠡᠨ ᠬᠥᠮᠥᠨ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠦᠷᠲᠡᠪᠡ᠃ ︽ᠠᠵᠢᠯ ᠣᠯᠭᠤᠬᠤ ᠶᠢ ᠲᠤᠰᠠᠯᠠᠬᠤ ᠰᠠᠷ᠎ᠠ︾᠎ ᠶᠢᠨ ᠲᠤᠰᠬᠠᠢ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ᠂ ᠦᠨᠳᠦᠰᠦᠨ ᠱᠠᠲᠤᠨ ᠤ ᠳᠠᠪᠴᠠᠩ ᠢ ᠲᠦᠰᠢᠨ ︽ᠨᠢᠭᠡ ᠨᠢᠭᠡ ᠪᠠᠷ︾ ᠨᠠᠷᠢᠯᠢᠭᠵᠢᠭᠤᠯᠤᠭᠰᠠᠨ ᠥᠪᠡᠷᠮᠢᠴᠡ ᠣᠨᠴᠠᠯᠢᠭ ᠲᠠᠢ ᠦᠢᠯᠡᠴᠢᠯᠡᠭᠡ ᠶᠢ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠠᠵᠢᠯ ᠣᠯᠬᠤ ᠳᠤ ᠬᠦᠴᠢᠷᠳᠡᠯᠲᠡᠢ ᠬᠥᠮᠥᠰ ᠤᠨ ᠠᠵᠢᠯ ᠣᠯᠬᠤ ᠠᠷᠭ᠎ᠠ ᠵᠠᠮ ᠢ ᠢᠳᠡᠪᠬᠢᠲᠡᠢ ᠪᠠᠷ ᠥᠷᠭᠡᠳᠬᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号