| | 2 ᠳ᠋ᠤᠭᠠᠷ ᠰᠠᠷ᠎ᠠ ᠶᠢᠨ 6 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ᠭᠠᠵᠠᠷ ᠰᠢᠷᠦᠢ ᠡᠬᠢ ᠪᠠᠶᠠᠯᠢᠭ ᠤᠨ ᠲᠢᠩᠬᠢᠮ ᠠᠴᠠ ᠣᠶᠢᠯᠠᠭᠠᠵᠤ ᠮᠡᠳᠡᠭᠰᠡᠨ ᠨᠢ᠂ ︽358︾ | ᠬᠦᠳᠡᠷ ᠡᠷᠢᠵᠦ ᠬᠠᠶᠢᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ | ᠬᠡᠷᠡᠭᠵᠢᠭᠦᠯᠦᠭᠰᠡᠨ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ | ᠤᠯᠤᠰ ᠤᠨ ᠭᠠᠵᠠᠷ ᠰᠢᠷᠦᠢ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠴᠢᠯᠥᠭᠡᠲᠡᠶ ᠬᠠᠶᠢᠨ ᠪᠠᠶᠢᠴᠠᠭᠠᠬᠤ ᠵᠠᠬ᠎ᠠ | ᠳᠡᠯᠭᠡᠭᠦᠷ ᠢᠶᠠᠷ ᠭᠤᠣᠯ ᠪᠣᠯᠭᠠᠨ᠂ ᠶᠠᠰᠤ ᠴᠢᠨᠠᠷ ᠢ ᠬᠢᠨᠠᠨ ᠬᠠᠮᠢᠶᠠᠷᠬᠤ ᠪᠠᠷ ᠬᠦᠴᠦᠯᠡᠬᠦ ᠴᠡᠭ ᠪᠣᠯᠭᠠᠵᠤ᠂ ᠡᠮᠬᠢ | ᠳᠠᠷᠠᠭ᠎ᠠ ᠲᠠᠢ ᠬᠠᠶᠢᠨ ᠪᠠᠶᠢᠴᠠᠭᠠᠬᠤ᠂ ᠬᠠᠮᠲᠤᠷᠠᠯᠴᠠᠨ ᠬᠠᠶᠢᠨ ᠪᠠᠶᠢᠴᠠᠭᠠᠬᠤ ᠶᠢ ᠶᠡᠬᠡᠪᠡᠷ ᠲᠦᠯᠬᠢᠨ ᠠᠬᠢᠭᠤᠯᠵᠤ᠂ | ᠨᠡᠶᠢᠭᠡᠮ ᠤᠨ ᠪᠡᠯᠡ ᠮᠥᠩᠭᠦ ᠶᠢ ᠭᠦᠢᠴᠡᠳ ᠲᠠᠲᠠᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠥᠷᠨᠢᠭᠦᠯᠵᠦ᠂ | ᠪᠥᠬᠦ ᠣᠷᠣᠨ ᠤ ᠴᠢᠬᠤᠯᠠ ᠪᠠ ᠳᠤᠲᠠᠭᠳᠠᠵᠤ ᠪᠠᠶᠢᠭ᠎ᠠ ᠬᠦᠳᠡᠷ ᠢ ᠬᠠᠶᠢᠨ ᠪᠠᠶᠢᠴᠠᠭᠠᠬᠤ ᠠᠵᠢᠯ ᠡᠯᠪᠡᠭ ᠪᠠᠶᠠᠯᠢᠭ | ᠦᠷ᠎ᠡ ᠪᠦᠲᠦᠭᠡᠯ ᠣᠯᠵᠤ᠂ ᠡᠨᠧᠷᠭᠢ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠤᠯᠠᠮ ᠬᠦᠴᠦᠷᠬᠡᠭᠵᠢᠪᠡ᠃ | | 2011 ᠣᠨ ᠠᠴᠠ 2015 ᠣᠨ ᠬᠦᠷᠲᠡᠯ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠷᠡᠨ᠂ ᠨᠡᠭᠦᠷᠡᠰᠦ᠂ ᠵᠡᠰ᠂ ᠬᠠᠷ᠎ᠠ ᠲᠤᠭᠤᠯᠭ᠎ᠠ᠂ ᠴᠠᠶᠢᠷ᠂ ᠮᠤᠯᠢᠪᠳᠤᠨ᠂ ᠠᠯᠲᠠ᠂ ᠮᠥᠩᠭᠦ ᠵᠡᠷᠭᠡ 8 | ᠲᠦᠷᠦᠯ ᠤᠨ ᠬᠦᠳᠡᠷ ᠤᠨ ᠰᠢᠨ᠎ᠡ ᠪᠠᠷ ᠨᠡᠮᠡᠭᠳᠡᠭᠰᠡᠨ ᠡᠬᠢ ᠪᠠᠶᠠᠯᠢᠭ ᠤᠨ ᠨᠥᠭᠡᠴᠡ ᠨᠢ ᠨᠢᠭᠡᠨᠲᠡ ᠠᠭᠤᠷᠬᠠᠶ ᠡᠷᠢᠵᠦ | ᠬᠠᠶᠢᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢᠨ ᠲᠣᠭᠲᠠᠭᠠᠭᠰᠠᠨ 5 | ᠵᠢᠯ ᠤᠨ ᠬᠠᠷᠠᠯᠲᠠ ᠶᠢ ᠤᠷᠢᠳᠴᠢᠯᠠᠨ ᠪᠡᠶᠡᠯᠡᠭᠦᠯᠵᠦ᠂ ᠪᠠᠯ ᠴᠢᠯᠠᠭᠤ᠂ ᠴᠠᠭᠠᠨ ᠲᠤᠭᠤᠯᠭ᠎ᠠ᠂ ᠸᠣᠯᠹᠷᠠᠮ᠂ ᠭᠤᠷᠪᠠᠨ | ᠬᠤᠪᠤᠷ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠭᠤᠷᠬᠠᠶ ᠶᠢᠨ | ᠭᠠᠷᠤᠯᠲᠠ ᠳᠤ ᠴᠤ ᠴᠢᠬᠤᠯᠠ ᠶᠡᠭᠡ ᠰᠢᠨ᠎ᠡ ᠰᠢᠪᠲᠤᠯᠤᠯᠲᠠ ᠲᠠᠢ ᠪᠣᠯᠵᠤ᠂ ᠪᠠᠶᠢᠩᠭᠤ ᠶᠢᠨ ᠪᠤᠰᠤ ᠡᠨᠧᠷᠭᠢ ᠶᠢᠨ | ᠪᠠᠶᠢᠴᠠᠭᠠᠠ ᠦᠨᠡᠯᠡᠯᠲᠡ ᠬᠢᠭᠡᠳ ᠬᠠᠶᠢᠨ ᠪᠠᠶᠢᠴᠠᠭᠠᠬᠤ ᠲᠠᠯ᠎ᠠ ᠪᠠᠷ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ | ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠭᠡ ᠬᠤᠸᠠᠷᠠᠨ ᠂ ᠡᠷᠢᠶᠡᠨ ᠤ | ᠨᠦᠬᠡᠲᠦ᠂ ᠴᠢᠶᠠᠨ ᠵᠢᠶᠠ ᠳ᠋ᠢᠶᠠᠨ ᠵᠡᠷᠭᠡ 7 ᠲᠣᠮᠣ ᠬᠡᠳᠦ ᠲᠣᠮᠣ ᠬᠡᠯᠪᠡᠷᠢ ᠶᠢᠨ ᠦᠷᠡᠨ ᠤ ᠠᠭᠤᠷᠬᠠᠶ ᠶᠢᠨ | ᠬᠡᠪᠲᠡᠰᠢ ᠶᠢ ᠰᠢᠨ᠎ᠡ ᠪᠠᠷ ᠢᠯᠡᠷᠡᠭᠦᠯᠵᠦ᠂ ᠳᠡᠯᠡᠬᠡᠶ ᠶᠢᠨ ᠳᠡᠰ ᠤᠨ ᠦᠷᠡᠨ ᠤ ᠠᠭᠤᠷᠬᠠᠶ ᠶᠢᠨ ᠬᠡᠪᠲᠡᠰᠢ ᠶᠢ ᠬᠠᠶᠢᠨ | ᠢᠯᠡᠷᠡᠭᠦᠯᠵᠦ᠂ ᠡᠬᠢ ᠪᠠᠶᠠᠯᠢᠭ ᠤᠨ ᠬᠡᠮᠵᠢᠶ᠎ᠡ ᠨᠢ ᠪᠦᠬᠦ ᠤᠯᠤᠰ ᠤᠨ ᠲᠡᠷᠢᠭᠦᠨ ᠳᠤ ᠣᠷᠣᠵᠤ᠂ ᠮᠠᠨ ᠤ ᠤᠯᠤᠰ ᠤᠨ | ᠤᠮᠠᠷᠠᠲᠤ ᠣᠷᠣᠨ ᠤ ᠴᠢᠬᠤᠯᠠ ᠦᠷᠡᠨ ᠤ ᠠᠭᠤᠷᠬᠠᠶ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ | ᠬᠥᠭᠵᠢᠭᠦᠯᠬᠦ ᠰᠠᠭᠤᠷᠢᠨ ᠭᠠᠵᠠᠷ ᠢ ᠨᠢᠭᠡᠨᠲᠡ ᠠᠩᠬ᠎ᠠ ᠠᠯᠬᠤᠮ ᠪᠤᠢ ᠪᠣᠯᠭᠠᠵᠤ᠂ ᠮᠠᠨ ᠤ ᠤᠯᠤᠰ ᠤᠨ ᠦᠷᠡᠨ ᠤ | ᠠᠭᠤᠷᠬᠠᠶ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠪᠠᠶᠢᠷᠢᠰᠢᠯ ᠢ ᠠᠩᠬ᠎ᠠ ᠠᠯᠬᠤᠮ | ᠬᠤᠪᠢᠷᠠᠭᠤᠯᠤᠭᠰᠠᠨ ᠪᠠᠶᠢᠨ᠎ᠠ᠃ | ᠲᠤᠰ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ | ᠪᠠᠶᠠᠯᠢᠭ ᠤᠨ ᠨᠥᠭᠡᠴᠡ ᠬᠤᠪᠢ ᠲᠠᠬᠢᠨ ᠢᠶᠠᠷ ᠨᠡᠮᠡᠭᠳᠡᠵᠦ᠂ ᠰᠢᠨ᠎ᠡ ᠪᠠᠷ ᠨᠡᠮᠡᠭᠳᠡᠭᠰᠡᠨ ᠡᠬᠢ ᠪᠠᠶᠠᠯᠢᠭ ᠤᠨ | ᠨᠦᠬᠡᠴᠡ ᠶᠢᠨ ᠬᠡᠮᠵᠢᠶ᠎ᠡ ᠨᠢ 545.94 ᠳ᠋ᠦᠩᠰᠢᠭᠤᠷ ᠲᠦᠮᠡᠨ ᠲᠣᠨ ᠳᠤ ᠬᠦᠷᠴᠦ᠂ ᠡᠳᠡᠭᠡᠷ ᠨᠢ ᠣᠷᠳᠣᠰ | ᠬᠤᠲᠠ ᠶᠢᠨ ᠳ᠋ᠦᠩᠱᠧᠩ ᠨᠡᠭᠦᠷᠡᠰᠦᠨ ᠠᠭᠤᠷᠬᠠᠶ ᠪᠠ ᠵᠡᠭᠦᠨᠭᠠᠷ ᠤᠨ ᠨᠡᠭᠦᠷᠡᠰᠦᠨ ᠠᠭᠤᠷᠬᠠᠢ᠂ ᠰᠢᠯᠢ ᠶᠢᠨ ᠭᠤᠣᠯ | ᠠᠶᠢᠮᠠᠭ ᠤᠨ ᠱᠧᠩᠯᠢ ᠨᠡᠭᠦᠷᠡᠰᠦᠨ ᠠᠭᠤᠷᠬᠠᠶ ᠪᠠ ᠪᠠᠶᠠᠨ ᠬᠤᠸᠠ ᠨᠡᠭᠦᠷᠡᠰᠦᠨ ᠠᠭᠤᠷᠬᠠᠶ᠂ ᠬᠥᠯᠥᠨ ᠪᠤᠶᠢᠷ | ᠬᠤᠲᠠ ᠶᠢᠨ ᠬᠠᠭᠤᠴᠢᠨ ᠪᠠᠷᠭᠤ ᠨᠡᠭᠦᠷᠡᠰᠦᠨ ᠠᠭᠤᠷᠬᠠᠶ᠂ ᠲᠦᠩᠯᠢᠶᠣᠤ ᠬᠤᠲᠠ ᠶᠢᠨ ᠬᠤᠣᠯᠢᠨ ᠭᠤᠣᠯ ᠨᠡᠭᠦᠷᠡᠰᠦᠨ | ᠠᠭᠤᠷᠬᠠᠶ ᠳᠤ ᠲᠥᠪᠯᠡᠷᠡᠨ ᠲᠠᠷᠬᠠᠵᠤ ᠪᠠᠶᠢᠨ᠎ᠠ︔ ᠰᠢᠨ᠎ᠡ ᠪᠠᠷ ᠢᠯᠡᠷᠡᠭᠦᠯᠦᠭᠰᠡᠨ ᠪᠠ ᠬᠠᠶᠢᠨ ᠲᠤᠳᠤᠯᠠᠭᠰᠠᠨ ᠪᠠᠭᠠᠷᠢᠨ | ᠵᠡᠭᠦᠨ ᠬᠤᠰᠢᠭᠤᠨ ᠤ ᠬᠤᠯᠪᠤᠯᠵᠠᠨ ᠠᠭᠤᠯᠠ ᠶᠢᠨ ᠮᠦᠩᠭᠦᠨ ᠬᠠᠳᠠᠭᠠᠯᠠᠭᠳᠠᠴᠠ ᠲᠠᠢ ᠲᠡᠮᠦᠷᠯᠢᠭ ᠤᠨ ᠬᠦᠳᠡᠷ ᠤᠨ | ᠬᠡᠪᠲᠡᠰᠢ᠂ ᠬᠤᠷᠢᠨᠭᠡᠷ ᠰᠢᠶᠠᠨ ᠤ ᠡᠯ ᠳ᠋ᠤᠤ ᠾᠧ ᠭᠤᠣᠯ ᠤᠨ ᠬᠠᠷ᠎ᠠ ᠲᠤᠭᠤᠯᠭ᠎ᠠ ᠴᠠᠶᠢᠷ ᠮᠥᠩᠭᠦᠨ ᠬᠦᠳᠡᠷ ᠤᠨ | ᠬᠡᠪᠲᠡᠰᠢ᠂ ᠠᠪᠠᠭ᠎ᠠ ᠬᠤᠰᠢᠭᠤ ᠶᠢᠨ ᠬᠤᠣᠷᠯᠠᠩ ᠤᠨ ᠱᠣᠪᠤᠭᠠᠷ ᠮᠥᠩᠭᠦᠨ ᠲᠤᠭᠤᠯᠭ᠎ᠠ ᠴᠠᠶᠢᠷ ᠤᠨ ᠬᠦᠳᠡᠷ ᠤᠨ | ᠬᠡᠪᠲᠡᠰᠢ᠂ ᠰᠢᠯᠢ ᠶᠢᠨ ᠬᠤᠲᠠ ᠶᠢᠨ ᠵᠠᠯᠭ᠎ᠠ ᠠᠮᠠ ᠶᠢᠨ ᠵᠡᠰ ᠤᠨ ᠬᠦᠳᠡᠷ ᠤᠨ ᠬᠡᠪᠲᠡᠰᠢ᠂ ᠼᠤᠤ ᠰᠧ ᠶᠣᠣ | ᠮᠤᠯᠢᠪᠳᠤᠨ ᠠᠭᠤᠷᠬᠠᠶ ᠵᠡᠷᠭᠡ ᠨᠢᠭᠡ ᠪᠦᠯᠦᠭ ᠲᠤᠮᠤ ᠬᠡᠯᠪᠡᠷᠢ ᠣᠨᠴᠠ ᠲᠣᠮᠣ ᠬᠡᠯᠪᠡᠷᠢ ᠶᠢᠨ ᠥᠩᠭᠡᠲᠦ ᠲᠡᠮᠦᠷᠯᠢᠭ᠂ | ᠦᠨᠡᠲᠦ ᠲᠡᠮᠦᠷᠯᠢᠭ ᠤᠨ ᠬᠦᠳᠡᠷ ᠤᠨ ᠬᠡᠪᠲᠡᠰᠢ ᠶᠢ ᠣᠯᠵᠤ᠂ 259.02 ᠲᠦᠮᠡᠨ ᠲᠣᠨ ᠵᠡᠰ᠂ 1482.19 | ᠲᠦᠮᠡᠨ ᠲᠣᠨ ᠬᠠᠷ᠎ᠠ ᠲᠤᠭᠤᠯᠭ᠎ᠠ ᠴᠠᠶᠢᠷ᠂ 287.57 ᠲᠦᠮᠡᠨ ᠲᠣᠨ ᠠᠯᠲᠠ᠂ 21529.06 ᠲᠦᠮᠡᠨ ᠲᠣᠨ | ᠮᠦᠩᠭᠦ᠂ 400.1 ᠲᠦᠮᠡᠨ ᠲᠣᠨ ᠮᠤᠯᠢᠪᠳᠤᠨ᠂ 35.33 ᠲᠦᠮᠡᠨ ᠲᠣᠨ ᠴᠠᠭᠠᠨ ᠲᠤᠭᠤᠯᠭ᠎ᠠ᠂ 16.14 | ᠲᠦᠮᠡᠨ ᠲᠣᠨ ᠸᠣᠯᠹᠷᠠᠮ ᠤᠨ ᠡᠬᠢ ᠪᠠᠶᠠᠯᠢᠭ ᠤᠨ ᠨᠦᠬᠡᠴᠡ ᠶᠢᠨ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠵᠦ᠂ | ᠳᠤᠮᠳᠠᠴᠢ ᠪᠠᠷ 5 ᠵᠢᠯ ᠤᠨ ᠱᠠᠲᠦ ᠦᠶ᠎ᠡ ᠶᠢᠨ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ︔ ᠴᠠᠭᠠᠨ ᠮᠤᠬᠤᠷ ᠲᠤᠮᠤ | ᠬᠡᠯᠪᠡᠷᠢ ᠶᠢᠨ ᠲᠠᠯᠠᠰᠲᠤ ᠪᠠᠯ ᠴᠢᠯᠠᠭᠤᠨ ᠠᠭᠤᠷᠬᠠᠶ᠂ ᠵᠠᠮ ᠤᠨ ᠤᠪᠤᠭ᠎ᠠ ᠶᠢᠨ ᠲᠤᠮᠤ ᠬᠡᠯᠪᠡᠷᠢ ᠶᠢᠨ ᠲᠡᠮᠦᠷ ᠴᠠᠶᠢᠷ | ᠪᠠᠯ ᠴᠢᠯᠠᠭᠤᠨ ᠠᠭᠤᠷᠬᠠᠶ ᠵᠢᠴᠢ ᠶᠡᠭᠡ ᠸᠣᠯᠹᠷᠠᠮ ᠢᠭ ᠪᠠᠯ ᠴᠢᠯᠠᠭᠤᠨ ᠬᠦᠳᠡᠷ ᠤᠨ ᠬᠡᠪᠲᠡᠰᠢ ᠵᠡᠷᠭᠡ ᠶᠢ ᠰᠢᠨ᠎ᠡ ᠪᠠᠷ | ᠢᠯᠡᠷᠡᠭᠦᠯᠵᠦ᠂ ᠰᠢᠨ᠎ᠡ ᠪᠠᠷ ᠨᠡᠮᠡᠭᠳᠡᠭᠰᠡᠨ ᠲᠠᠯᠠᠰᠲᠤ ᠪᠠᠯ ᠴᠢᠯᠠᠭᠤᠨ ᠡᠬᠢ ᠪᠠᠶᠠᠯᠢᠭ ᠤᠨ ᠨᠦᠬᠡᠴᠡ ᠶᠢᠨ ᠬᠡᠮᠵᠢᠶ᠎ᠡ ᠨᠢ | 3531.18 ᠲᠦᠮᠡᠨ ᠲᠣᠨ ᠬᠦᠷᠪᠡ᠃ ᠯᠢᠲ᠋ᠢ᠂ ᠷᠦᠪᠢᠳᠢ Rb᠂ ᠨᠢᠦᠪᠢ᠂ ᠲᠠᠨᠲ᠋ᠠᠯ᠂ ᠪᠤᠷᠢᠯᠢ ﹇Be﹈ ᠵᠡᠷᠭᠡ | ︽ᠭᠤᠷᠪᠠᠨ ᠬᠤᠪᠤᠷ︾ ᠠᠭᠤᠷᠬᠠᠶ ᠶᠢᠨ ᠭᠠᠷᠤᠯᠲᠠ ᠶᠢᠨ ᠠᠭᠤᠷᠬᠠᠶ ᠡᠷᠢᠵᠦ ᠬᠠᠶᠢᠬᠤ ᠲᠠᠯ᠎ᠠ ᠪᠠᠷ ᠨᠡᠯᠢᠶᠡᠳ ᠶᠡᠭᠡ | ᠠᠬᠢᠴᠠ ᠲᠠᠢ ᠪᠣᠯᠵᠤ᠂ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠳᠤ ᠡᠬᠢ ᠪᠠᠶᠠᠯᠢᠭ ᠤᠨ | ᠪᠠᠲᠤᠯᠠᠭ᠎ᠠ ᠬᠠᠩᠭᠠᠵᠤ ᠪᠠᠶᠢᠨ᠎ᠠ᠃ |