ᠲᠦᠩᠯᠢᠶᠣᠤ ᠬᠤᠲᠠ ᠤᠯᠤᠰ ᠤᠨ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠨᠥᠬᠦᠪᠥᠷᠢ ᠥᠭᠬᠦ ᠲᠤᠷᠰᠢᠯᠲᠠ ᠶᠢᠨ ᠴᠢᠭ᠋ ᠪᠣᠯᠪᠠ
ᠨᠡᠶᠢᠲᠡᠯᠡᠭᠰᠡᠨ ᠴᠠᠭ᠄
2016/2/16
     ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠩᠯᠢᠶᠣᠤ ᠬᠤᠲᠠ ᠂ ᠤᠯᠠᠭᠠᠨᠬᠠᠳᠠ ᠬᠤᠳᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠳᠠ᠂ ᠪᠠᠶᠠᠨᠨᠠᠭᠤᠷ ᠬᠤᠳᠠ ᠵᠡᠷᠭᠡ 5 ᠠᠶᠢᠮᠠᠭ ᠬᠤᠲᠠ  2016 ᠣᠨ ᠤ ᠤᠯᠤᠰ ᠤᠨ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠨᠥᠬᠦᠪᠥᠷᠢ ᠶᠢᠨ ᠲᠤᠷᠰᠢᠯᠲᠠ ᠶᠢᠨ ᠬᠤᠳᠠ ᠳᠤ ᠰᠤᠩᠭᠤᠭᠳᠠᠭᠰᠠᠨ ᠪᠥᠭᠡᠳ ᠤᠯᠤᠰ ᠤᠨ 27555 ᠲᠦᠮᠡᠨ ᠲᠥᠭᠦᠷᠢᠭ ᠤᠨ ᠨᠦᠬᠦᠪᠦᠷᠢ ᠮᠥᠩᠭᠦ ᠣᠯᠪᠠ᠃ ᠡᠨᠡ ᠤᠳᠠᠭ᠎ᠠ ᠬᠡᠷᠡᠭᠵᠢᠭᠦᠯᠦᠭᠰᠡᠨ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠨᠥᠬᠦᠪᠥᠷᠢ ᠥᠭᠬᠦ ᠲᠣᠭᠲᠠᠴᠠ ᠪᠣᠯ ᠶᠡᠷᠦᠩᠬᠡᠶ ᠱᠦᠵᠢ ᠰᠢ ᠶᠢᠨ ᠫᠢᠩ ᠤᠨ ︽ᠰᠦᠯᠵᠢᠶᠡᠨ ᠤ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ︾ ᠵᠡᠷᠭᠡ ᠴᠢᠬᠤᠯᠠ ᠵᠢᠭᠠᠪᠤᠷᠢ ᠪᠣᠯᠤᠨ ᠲᠦ᠋ᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ︽ᠬᠥᠳᠡᠭᠡ ᠲᠣᠰᠬᠤᠨ ᠵᠢᠴᠢ ᠪᠤᠶᠢᠳᠠ ᠪᠥᠭᠯᠡᠭᠦᠦ ᠭᠠᠵᠠᠷ ᠣᠷᠣᠨ ᠤ ᠥᠷᠭᠡᠨ ᠪᠦᠰᠡᠲᠦ ᠰᠦᠯᠵᠢᠶᠡᠨ ᠤ ᠬᠥᠭᠵᠢᠯᠲᠡ ᠶᠢ ᠳᠡᠮᠵᠢᠬᠦ︾ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠠᠭᠤᠯᠵᠤ ᠪᠠᠶᠢᠭ᠎ᠠ ᠶᠤᠮ᠃ ᠬᠥᠳᠡᠭᠡ ᠲᠣᠰᠬᠤᠨ ᠵᠢᠴᠢ ᠪᠤᠶᠢᠳᠠ ᠪᠥᠭᠯᠡᠭᠦᠦ ᠭᠠᠵᠠᠷ ᠣᠷᠣᠨ ᠤ ᠥᠷᠭᠡᠨ ᠪᠦᠰᠡᠲᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠪᠣᠯᠣᠨ ᠠᠵᠢᠯᠯᠠᠭᠠᠨ ᠤ ᠬᠠᠮᠠᠭᠠᠯᠠᠯᠲᠠ ᠶᠢ ᠭᠤᠣᠯᠳᠠᠯᠭ᠎ᠠ ᠲᠠᠢ ᠳᠡᠮᠵᠢᠬᠦ ᠪᠠᠷ ᠳᠠᠮᠵᠢᠭᠤᠯᠤᠨ᠂ 2020 ᠣᠨ ᠪᠣᠯᠬᠤ ᠳᠤ᠂ ᠪᠦᠬᠦ ᠤᠯᠤᠰ ᠤᠨ ᠥᠷᠭᠡᠨ ᠪᠦᠰᠡᠲᠦ ᠰᠦᠯᠵᠢᠶ᠎ᠡ ᠨᠡᠪᠲᠡᠷᠡᠭᠡᠳᠦᠢ ᠪᠠᠷᠤᠭ 5 ᠲᠦᠮᠡᠨ ᠵᠠᠰᠠᠭ ᠵᠠᠬᠢᠷᠭᠠᠨ ᠤ ᠲᠤᠰᠬᠤᠨ ᠳᠤ ᠥᠷᠭᠡᠨ ᠪᠦᠰᠡᠲᠦ ᠰᠦᠯᠵᠢᠶ᠎ᠡ ᠨᠡᠪᠲᠡᠷᠡᠭᠦᠯᠬᠦ ᠪᠠᠷ ᠴᠢᠷᠮᠠᠶᠢᠵᠤ᠂ ᠨᠢᠭᠡᠨᠲᠡ ᠥᠷᠭᠡᠨ ᠪᠦᠰᠡᠲᠦ ᠰᠦᠯᠵᠢᠶ᠎ᠠ ᠨᠡᠪᠲᠡᠷᠡᠭᠰᠡᠨ ᠪᠠᠷᠤᠭ 15 ᠲᠦᠮᠡᠨ ᠵᠠᠰᠠᠭ ᠵᠠᠬᠢᠷᠭᠠᠨ ᠤ ᠭᠠᠴᠠᠭ᠎ᠠ ᠳᠤ ᠥᠷᠭᠡᠨ  ᠪᠦᠰᠡ ᠵᠠᠯᠭᠠᠬᠤ ᠴᠢᠳᠠᠪᠤᠷᠢ ᠶᠢᠨ ᠭᠡᠷᠡᠯ ᠰᠢᠷᠬᠡᠭᠵᠢᠭᠦᠯᠬᠦ ᠶᠢ ᠪᠡᠶᠡᠯᠡᠭᠦᠯᠵᠦ᠂ 3000 ᠲᠦᠮᠡ ᠶᠢ ᠳᠠᠪᠠᠭᠰᠠᠨ ᠬᠥᠳᠡᠭᠡ ᠲᠣᠰᠬᠤᠨ ᠤ ᠭᠡᠷ ᠪᠦᠯᠢ ᠳᠤ ᠥᠷᠭᠡᠨ ᠪᠦᠰᠡᠲᠦ ᠰᠦᠯᠵᠢᠶ᠎ᠡ ᠶᠢ ᠪᠦᠷᠬᠦᠭᠦᠯᠬᠦ ᠪᠠ ᠲᠡᠰ ᠳᠡᠪᠰᠢᠭᠦᠯᠬᠦ ᠦᠢᠯᠡᠴᠢᠯᠡᠭᠡ ᠬᠠᠩᠭᠠᠬᠤ᠂ ᠮᠡᠳᠡᠭᠡ ᠵᠠᠩᠭᠢ ᠶᠢᠨ ᠮᠡᠷᠭᠡᠵᠢᠯ ᠢᠶᠠᠷ ᠬᠥᠳᠡᠭᠡ ᠲᠣᠰᠬᠤᠨ ᠵᠢᠴᠢ ᠪᠤᠶᠢᠳᠠ ᠪᠥᠭᠯᠡᠭᠦᠦ ᠶᠠᠳᠠᠭᠤ ᠬᠦᠴᠢᠷᠳᠡᠯᠲᠡᠶ ᠭᠠᠵᠠᠷ ᠣᠷᠣᠨ ᠤ ᠶᠠᠳᠠᠭᠤ ᠠᠴᠠ ᠠᠩᠭᠢᠵᠢᠷᠠᠨ ᠪᠠᠶᠠᠵᠢᠬᠤ ᠶᠢ ᠲᠦᠯᠬᠢᠨ ᠠᠬᠢᠭᠤᠯᠬᠤ ᠪᠠᠷ ᠪᠤᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号