ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠰᠦ ᠰᠠᠭᠠᠯᠢ ᠶᠢᠨ ᠦᠢᠯᠡᠰ ᠤᠨ | ᠦᠵᠡᠭᠦᠯᠦᠯᠭᠡ ᠶᠢᠨ ᠴᠤᠭᠯᠠᠭᠠᠨ ᠵᠢᠴᠢ ︽ᠠᠭᠤᠰᠤᠯᠴᠠᠬᠤ᠂ ᠰᠢᠨ᠎ᠡ ᠶᠢ ᠡᠭᠦᠳᠦᠨ᠂ ᠬᠥᠭᠵᠢᠭᠦᠯᠬᠦ ︾ ᠰᠦ ᠰᠠᠭᠠᠯᠢ | ᠶᠢᠨ ᠦᠢᠯᠡᠰ ᠤᠨ ᠳᠡᠭᠡᠳᠦ ᠲᠠᠰ ᠤᠨ ᠶᠠᠷᠢᠶᠠᠨ ᠤ ᠲᠠᠪᠴᠠᠩ ᠤᠨ ᠬᠤᠷᠠᠯ 3 ᠳ᠋ᠤᠭᠠᠷ ᠰᠠᠷ᠎ᠠ ᠶᠢᠨ 26 ᠤ ᠡᠳᠦᠷ | ᠣᠯᠠᠨ ᠤᠯᠤᠰ ᠤᠨ ᠦᠵᠡᠰᠬᠦᠯᠡᠩ ᠤᠨ ᠲᠥᠪ ᠲᠤ ᠡᠬᠢᠯᠡᠬᠦ ᠪᠣᠯᠣᠨ᠎ᠠ᠃ ᠣᠶᠢᠯᠠᠭᠠᠭᠰᠠᠨ ᠢᠶᠠᠷ᠂ ᠲᠤᠰ | ᠠᠵᠢᠯᠯᠠᠭ᠎ᠠ ᠶᠢ ᠥᠪᠥᠷ ᠮᠣᠩᠭᠤᠯ ᠤᠨ ᠰᠦᠨ ᠤ ᠦᠢᠯᠡᠰ ᠤᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ︽ᠰᠦ | ᠰᠠᠭᠠᠯᠢ ᠶᠢᠨ ᠦᠢᠯᠡᠰ ᠤᠨ ᠴᠠᠭ ᠤᠨ ᠰᠣᠨᠢᠨ︾᠂ ᠥᠪᠥᠷ ᠮᠣᠩᠭᠤᠯ ᠤᠨ ᠠᠶ ᠺᠧ ᠰᠧ ᠬᠤᠷᠠᠯ ᠦᠵᠡᠰᠬᠦᠯᠡᠩ ᠤᠨ | ᠬᠢᠵᠠᠭᠠᠷᠲᠤ ᠺᠣᠮᠫᠠᠨᠢ ᠬᠠᠮᠲᠤᠷᠠᠨ ᠡᠷᠬᠢᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠢ | ᠤᠷᠢᠵᠤ᠂ ᠰᠠᠭᠠᠯᠢ ᠶᠢᠨ ᠦᠨᠢᠶ᠎ᠡ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ ︵ᠪᠠᠭ᠎ᠠ | ᠲᠣᠭᠤᠷᠢᠭ︶ ᠤᠨ ᠬᠠᠮᠢᠶᠠᠷᠤᠭᠴᠢᠳ᠂ ᠲᠡᠵᠢᠭᠡᠯ ᠪᠣᠷᠳᠤᠭ᠎ᠠ᠂ ᠡᠪᠡᠰᠦᠨ ᠤ ᠦᠢᠯᠡᠰ ᠵᠢᠴᠢ ᠡᠯ᠎ᠡ ᠭᠠᠵᠠᠷ ᠤᠨ | ᠰᠦᠨ ᠤ ᠦᠢᠯᠡᠰ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠨᠠᠷ ᠮᠠᠨ ᠤ ᠤᠯᠤᠰ ᠤᠨ 2016 ᠣᠨ ᠳᠠᠬᠢ ᠰᠦᠨ ᠤ | ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ ᠢᠷᠡᠭᠡᠳᠦᠶ ᠶᠢᠨ ᠪᠠᠶᠢᠳᠠᠯ ᠢ ᠪᠦᠬᠦ ᠲᠠᠯ᠎ᠠ ᠪᠠᠷ ᠰᠢᠨᠵᠢᠯᠡᠨ ᠰᠤᠳᠤᠯᠵᠤ᠂ | ᠳᠤᠮᠳᠠᠳᠤ ᠤᠯᠤᠰ ᠤᠨ ᠦᠨᠢᠶᠡᠨ ᠰᠦᠨ ᠤ ᠦᠢᠯᠡᠰ ᠤᠨ ᠬᠥᠭᠵᠢᠯᠲᠡ ᠶᠢᠨ ᠢᠷᠡᠭᠡᠳᠦᠶ ᠳᠤ ᠭᠦᠨ ᠵᠠᠳᠠᠯᠤᠯᠲᠠ | ᠬᠢᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠦᠨ ᠤ ᠦᠢᠯᠡᠰ ᠤᠨ ᠬᠥᠭᠵᠢᠯᠲᠡ ᠶᠢᠨ ᠬᠠᠨᠳᠤᠰᠢ ᠳᠤ | ᠴᠢᠭᠯᠡᠭᠦᠯᠦᠨ᠂ ᠠᠵᠤ ᠦᠢᠯᠡᠰ ᠤᠨ ᠬᠦᠷᠦᠩᠭᠡ ᠶᠢᠨ ᠨᠡᠶᠢᠯᠡᠯᠲᠡ᠂ ᠴᠠᠭᠠᠨ ᠢᠳᠡᠭᠡᠨ ᠤ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ᠂ ᠰᠠᠭᠠᠯᠢ ᠶᠢᠨ ᠦᠨᠢᠶᠡᠨ ᠤ ᠡᠪᠡᠳᠴᠢᠨ ᠭᠡᠮ ᠢ ᠰᠡᠷᠭᠡᠶᠢᠯᠡᠨ ᠬᠢᠵᠠᠭᠠᠷᠯᠠᠬᠤ ᠵᠡᠷᠭᠡ ᠰᠣᠯᠢᠯᠴᠠᠭ᠎ᠠ | ᠬᠢᠵᠦ᠂ ᠪᠡᠯᠴᠢᠭᠡᠨ ᠦᠷᠡᠵᠢᠭᠦᠯᠬᠦ ᠥᠪᠡᠷ ᠤᠨ ᠦᠷᠳᠡᠭ ᠢ ᠪᠠᠭᠤᠷᠠᠭᠤᠯᠬᠤ᠂ ᠲᠡᠵᠢᠭᠡᠵᠦ ᠦᠷᠡᠵᠢᠭᠦᠯᠬᠦ ᠦᠷ᠎ᠡ | ᠠᠰᠢᠭ ᠢᠶᠠᠨ ᠨᠡᠮᠡᠭᠳᠡᠭᠦᠯᠬᠦ ᠭᠠᠷᠤᠯᠲᠠ ᠶᠡᠬᠡᠲᠡᠶ ᠦᠷ᠎ᠡ ᠪᠦᠲᠦᠭᠡᠯ ᠰᠠᠶᠢᠲᠠᠶ ᠬᠥᠭᠵᠢᠯᠲᠡ ᠶᠢᠨ ᠵᠠᠮ ᠢ ᠬᠠᠶᠢᠨ | ᠰᠦᠪᠡᠭᠴᠢᠯᠡᠵᠦ᠂ ᠡᠪᠡᠰᠦ ᠪᠡᠯᠴᠢᠭᠡᠷ ᠤᠨ ᠣᠳᠣᠬᠢᠴᠢᠯᠠᠭᠰᠠᠨ ᠬᠠᠮᠢᠶᠠᠷᠤᠯᠲᠠ ᠶᠢᠨ ᠲᠤᠷᠰᠢᠯᠭ᠎ᠠ ᠶᠢ ᠬᠤᠪᠢᠶᠠᠨ | ᠡᠳ᠋ᠯᠡᠬᠦ ᠪᠣᠯᠣᠨ᠎ᠠ᠃ |