2016 ᠣᠨ ᠤ ᠪᠦᠬᠦᠨ ᠣᠷᠣᠨ ᠤ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ︽ᠰᠤᠷᠭᠠᠨ | ᠬᠥᠮᠥᠵᠢᠯ ᠤᠨ ᠤᠬᠠᠭᠠᠨ︾᠂ ︽ᠰᠤᠷᠭᠠᠨ ᠬᠥᠮᠥᠵᠢᠯ ᠤᠨ ᠰᠡᠳᠬᠢᠴᠡ ᠶᠢᠨ ᠵᠦᠢ︾ ᠶᠢᠨ ᠰᠢᠯᠭᠠᠯᠲᠠ 3 ᠳ᠋ᠤᠭᠠᠷ | ᠰᠠᠷ᠎ᠠ ᠶᠢᠨ 1 ᠤ ᠡᠳᠦᠷ ᠠᠴᠠ ᠡᠬᠢᠯᠡᠨ ᠨᠡᠷ᠎ᠡ ᠮᠡᠳᠡᠭᠦᠯᠦᠨ᠎ᠡ᠃ | ᠨᠡᠷ᠎ᠡ ᠮᠡᠳᠡᠭᠦᠯᠬᠦ ᠨᠦᠬᠦᠴᠡᠯ ᠨᠢ ᠳᠣᠣᠷᠠᠬᠢ ᠮᠡᠲᠦ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠷᠦᠬᠡ ᠠᠮᠠ ᠲᠠᠢ ᠬᠥᠮᠥᠨ ᠪᠠᠶᠢᠬᠤ ᠬᠡᠷᠡᠭᠲᠡᠢ︔ ᠣᠷᠣᠨ ᠤ ᠭᠠᠳᠠᠨᠠᠬᠢ ᠡᠷᠦᠬᠡ ᠠᠮᠠ ᠲᠠᠢ ᠪᠣᠯᠪᠠᠴᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠰᠢᠰᠲ᠋ᠧᠮ ᠳᠤ ᠠᠵᠢᠯᠯᠠᠵᠤ ᠪᠠᠶᠢᠪᠠᠯ | ᠠᠵᠢᠯᠯᠠᠵᠤ ᠪᠠᠶᠢᠭ᠎ᠠ ᠨᠢᠭᠡᠴᠡ ᠠᠴᠠ ᠠᠵᠢᠭᠯᠠᠵᠤ ᠪᠠᠶᠢᠭ᠎ᠠ ᠭᠡᠷᠡᠴᠢ ᠭᠠᠷᠭᠠᠬᠤ ᠬᠡᠷᠡᠭᠲᠡᠢ︔ ᠥᠨᠳᠥᠷ ᠳᠡᠰ | ᠳᠠᠪᠬᠤᠷᠭ᠎ᠠ ᠶᠢᠨ ︽ᠰᠤᠷᠭᠠᠨ ᠬᠥᠮᠥᠵᠢᠯ ᠤᠨ ᠤᠬᠠᠭᠠᠨ︾᠂ ︽ᠰᠤᠷᠭᠠᠨ ᠬᠥᠮᠥᠵᠢᠯ ᠤᠨ ᠰᠡᠳᠬᠢᠴᠡ ᠶᠢᠨ ᠵᠦᠢ︾ | ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠰᠠᠳ ᠨᠢ ᠠᠵᠢᠯ ᠳᠤ ᠪᠠᠶᠢᠭ᠎ᠠ ᠪᠤᠶᠤ ᠨᠢᠭᠡᠨᠲᠡ ᠤᠷᠢᠭᠳᠠᠭᠰᠠᠨ ᠳᠡᠭᠡᠳᠦ | ᠰᠤᠷᠭᠠᠭᠤᠯᠢ ᠶᠢᠨ ᠪᠠᠭᠰᠢ ᠪᠣᠯᠬᠤ ᠶᠣᠰᠣᠲᠠᠢ᠂ ᠳᠡᠭᠡᠳᠦ ᠰᠤᠷᠭᠠᠭᠤᠯᠢ ᠶᠢᠨ ᠠᠵᠢᠯ ᠤᠨ ᠪᠠᠶᠢᠷᠢ ᠳᠤ ᠪᠠᠶᠢᠬᠤ ᠦᠭᠡᠢ | ᠪᠤᠶᠤ ᠥᠯᠥ ᠤᠷᠢᠭᠳᠠᠭᠰᠠᠳ ᠳᠡᠭᠡᠳᠦ ᠳᠡᠰ ᠳᠠᠪᠬᠤᠷᠭ᠎ᠠ ᠶᠢᠨ ︽ᠰᠤᠷᠭᠠᠨ ᠬᠥᠮᠥᠵᠢᠯ ᠤᠨ ᠤᠬᠠᠭᠠᠨ︾ ᠪᠤᠶᠤ ︽ | ᠰᠤᠷᠭᠠᠨ ᠬᠥᠮᠥᠵᠢᠯ ᠤᠨ ᠰᠡᠳᠬᠢᠴᠡ ᠶᠢᠨ ᠵᠦᠢ︾ ᠳᠤ ᠮᠡᠳᠡᠭᠦᠯᠦᠨ ᠰᠢᠯᠭᠠᠬᠤ ᠳᠤ ᠳᠡᠭᠡᠳᠦ ᠰᠤᠷᠭᠠᠭᠤᠯᠢ ᠶᠢᠨ | ᠪᠠᠭᠰᠢ ᠶᠢᠨ ᠠᠵᠢᠯ ᠤᠨ ᠪᠠᠶᠢᠷᠢ ᠶᠢ ᠣᠯᠣᠭᠰᠠᠨ ᠤ ᠳᠠᠷᠠᠭ᠎ᠠ ᠰᠠᠶ᠋ᠢ ᠪᠠᠭᠰᠢ ᠶᠢᠨ ᠬᠢᠷᠢ ᠬᠡᠮ ᠤᠨ ᠦᠨᠡᠮᠯᠡᠯ ᠢ | ᠭᠤᠶᠤᠴᠢᠯᠠᠵᠤ ᠪᠣᠯᠣᠨ᠎ᠠ︔ ᠮᠠᠨ ᠤ ᠣᠷᠣᠨ ᠤ ᠡᠩ ᠤᠨ ᠳᠡᠭᠡᠳᠦ ᠰᠤᠷᠭᠠᠭᠤᠯᠢ ᠳᠤ ᠪᠠᠶᠢᠭ᠎ᠠ ᠰᠤᠷᠤᠭᠴᠢ᠂ ᠡᠷᠦᠬᠡ | ᠠᠮᠠ ᠨᠢ ᠨᠢᠭᠡᠨᠲᠡ ᠭᠠᠳᠠᠷ ᠣᠷᠣᠨ ᠳᠤ ᠰᠢᠯᠵᠢᠵᠦ ᠥᠪᠥᠷ ᠮᠣᠩᠭᠤᠯ ᠤᠨ ᠭᠠᠷᠤᠯ ᠲᠠᠢ ᠭᠠᠳᠠᠷ ᠣᠷᠣᠨ ᠤ ᠡᠩ ᠤᠨ | ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠡᠷᠬᠡᠪᠰᠢ ᠶᠡᠭᠡ ᠰᠤᠷᠭᠠᠭᠤᠯᠢ ᠶᠢᠨ ᠭᠤᠷᠪᠠᠳᠤᠭᠠᠷ | ᠣᠨ ᠵᠢᠴᠢ ᠳᠡᠭᠡᠭᠰᠢᠬᠢ ︵ᠰᠤᠷᠭᠠᠭᠤᠯᠢ ᠳᠤ ᠪᠠᠶᠢᠭ᠎ᠠ ᠰᠤᠳᠤᠯᠬᠤ ᠰᠤᠷᠤᠭᠴᠢ ᠪᠠᠭᠲᠠᠨ᠎ᠠ︶ ᠨᠥᠬᠦᠴᠡᠯ ᠳᠤ | ᠨᠡᠶᠢᠴᠡᠵᠦ᠂ ᠲᠤᠰ ᠵᠢᠯ ᠤᠨ ᠳᠡᠭᠡᠳᠦ ᠰᠤᠷᠭᠠᠭᠤᠯᠢ ᠳᠤ ᠡᠯᠰᠡᠭᠳᠡᠭᠰᠡᠨ ᠮᠡᠳᠡᠭᠡ ᠵᠠᠩᠭᠢ ᠪᠤᠶᠤ ᠰᠤᠷᠤᠯᠴᠠᠵᠤ ᠪᠠᠶᠢᠭ᠎ᠠ | ᠰᠤᠷᠭᠠᠭᠤᠯᠢ ᠠᠴᠠ ᠭᠠᠷᠭᠠᠭᠰᠠᠨ ᠰᠤᠷᠭᠠᠭᠤᠯᠢ ᠶᠢᠨ ᠬᠠᠷᠢᠶᠠᠨ ᠤ ᠭᠡᠷᠡᠴᠢ ᠪᠠᠷ ᠮᠡᠳᠡᠭᠦᠯᠦᠨ ᠰᠢᠯᠭᠠᠨ᠎ᠠ︔ 2015 | ᠣᠨ ᠳᠤ ︽ᠰᠤᠷᠭᠠᠨ ᠬᠥᠮᠥᠵᠢᠯ ᠤᠨ ᠤᠬᠠᠭᠠᠨ︾᠂ ︽ᠰᠤᠷᠭᠠᠨ ᠬᠥᠮᠥᠵᠢᠯ ᠤᠨ ᠰᠡᠳᠬᠢᠴᠡ ᠶᠢᠨ ᠵᠦᠢ︾ ᠶᠢᠨ | ᠰᠢᠯᠭᠠᠯᠲᠠ ᠶᠢᠨ ᠭᠠᠭᠴᠠ ᠲᠥᠷᠥᠯ ᠤᠨ ᠬᠢᠷᠢ ᠪᠦᠲᠦᠮᠵᠢ ᠶᠢᠨ ᠬᠢᠷᠢ ᠲᠡᠩᠴᠡᠭᠰᠡᠨ ᠦᠨᠡᠮᠯᠡᠯ ᠢ ᠣᠯᠣᠭᠰᠠᠨ ᠶᠡᠭᠡ | ᠰᠤᠷᠭᠠᠭᠤᠯᠢ ᠶᠢᠨ ᠬᠤᠶᠠᠳᠤᠭᠠᠷ ᠣᠨ ᠤ ᠰᠢᠯᠭᠠᠭᠤᠯᠤᠭᠰᠠᠳ ᠭᠠᠭᠴᠠ ᠲᠥᠷᠥᠯ ᠤᠨ ᠬᠢᠷᠢ ᠪᠦᠲᠦᠮᠵᠢ ᠶᠢᠨ | ᠬᠠᠭᠤᠳᠠᠰᠤᠲᠤ ᠪᠠᠷ ᠲᠤᠰ ᠤᠳᠠᠭᠠᠨ ᠤ ᠰᠢᠯᠭᠠᠯᠲᠠ ᠳᠤ ᠮᠡᠳᠡᠭᠦᠯᠦᠨ ᠰᠢᠯᠭᠠᠵᠤ ᠪᠣᠯᠣᠨ᠎ᠠ᠃ | ᠣᠶᠢᠯᠭᠠᠭᠰᠠᠨ ᠢᠶᠠᠷ᠂ 3 ᠳ᠋ᠤᠭᠠᠷ ᠰᠠᠷ᠎ᠠ ᠶᠢᠨ 1 ᠤ ᠡᠳᠦᠷ ᠠᠴᠠ 8 ᠤ ᠡᠳᠦᠷ ᠪᠣᠯᠲᠠᠯ᠎ᠠ᠂ | ᠰᠢᠯᠭᠠᠭᠤᠯᠤᠭᠰᠠᠳ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ | ᠭᠠᠷᠴᠤ᠂ ︽2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠬᠢᠷᠢ ᠬᠡᠮ ᠢ | ᠮᠠᠭᠠᠳᠯᠠᠨ ᠲᠣᠭᠲᠠᠭᠠᠬᠤ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯᠯᠠᠭ᠎ᠠ ᠶᠢᠨ ᠴᠤᠪᠤᠷᠠᠯ︾ ᠶᠣᠰᠣᠭᠠᠷ ᠰᠦᠯᠵᠢᠶᠡᠨ | ᠳᠡᠭᠡᠷ᠎ᠡ ᠨᠡᠷ᠎ᠡ ᠮᠡᠳᠡᠭᠦᠯᠵᠦ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠵᠤ᠂ ᠰᠦᠯᠵᠢᠶᠡᠨ ᠳᠡᠭᠡᠷ᠎ᠡ ᠲᠤᠬᠠᠢ ᠶᠢᠨ | ᠲᠠᠯᠠᠪᠤᠷ ᠤᠨ ᠴᠠᠭ ᠢᠶᠠᠨ ᠤᠷᠢᠳᠴᠢᠯᠠᠨ ᠪᠣᠯᠵᠣᠨ ᠨᠤᠲᠠᠯᠠᠵᠤ ᠪᠣᠯᠣᠨ᠎ᠠ᠃ |