2016 ᠣᠨ ᠳᠤ ᠱᠠᠩᠬᠠᠢ ᠶᠢᠨ ᠳᠠᠭᠤ ᠬᠥᠭᠵᠢᠮ ᠤᠨ ᠳᠡᠭᠡᠳᠦ ᠰᠤᠷᠭᠠᠭᠤᠯᠢ ᠥᠪᠥᠷ ᠮᠣᠩᠭᠤᠯ ᠠᠴᠠ  ᠬᠠᠨᠳᠤᠯᠭᠠᠲᠤ ᠴᠢᠭᠯᠡᠯ ᠢᠶᠠᠷ ᠨᠠᠶᠢᠳᠠᠨ ᠬᠥᠮᠦᠵᠢᠭᠦᠯᠬᠦ ᠰᠤᠷᠤᠭᠴᠢ ᠡᠯᠰᠡᠬᠦ ᠪᠠᠷ ᠪᠤᠢ
ᠨᠡᠶᠢᠲᠡᠯᠡᠭᠰᠡᠨ ᠴᠠᠭ᠄
2016/2/16
     ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠬᠢᠭᠡᠳ ᠱᠠᠩᠬᠠᠢ ᠶᠢᠨ ᠳᠠᠭᠤ ᠬᠥᠭᠵᠢᠮ ᠤᠨ ᠳᠡᠭᠡᠳᠦ ᠰᠤᠷᠭᠠᠭᠤᠯᠢ ᠶᠢᠨ ᠲᠣᠭᠲᠠᠭᠰᠠᠨ ᠬᠠᠮᠢᠶ᠎ᠠ ᠪᠦᠬᠦᠢ ᠵᠥᠪᠳᠡᠯᠴᠡᠭᠡᠷ ᠢ ᠦᠨᠳᠦᠰᠦᠯᠡᠬᠦ ᠶᠢᠨ ᠬᠠᠮᠲᠤ ᠱᠠᠩᠬᠠᠢ ᠶᠢᠨ ᠳᠠᠭᠤ ᠬᠥᠭᠵᠢᠮ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠺᠣᠮᠢᠰ ᠲᠠᠢ ᠰᠤᠳᠤᠯᠤᠨ ᠵᠥᠪᠳᠡᠬᠦ ᠪᠠᠷ ᠳᠠᠮᠵᠢᠭᠤᠯᠤᠨ᠂ 2016 ᠣᠨ ᠳᠤ᠂ ᠱᠠᠩᠬᠠᠢ ᠶᠢᠨ ᠳᠠᠭᠤ ᠬᠥᠭᠵᠢᠮ ᠤᠨ ᠳᠡᠭᠡᠳᠦ ᠰᠤᠷᠭᠠᠭᠤᠯᠢ ᠮᠠᠨ ᠤ ᠣᠷᠣᠨ ᠠᠴᠠ᠄ ᠳᠠᠭᠤ ᠰᠢᠩᠭᠡᠭᠡᠯᠲᠡ ᠶᠢᠨ ᠤᠷᠠᠯᠢᠭ ︵ᠳᠠᠭᠤᠤ ᠬᠥᠭᠵᠢᠮ ᠵᠢᠷᠤᠵᠤ ᠲᠥᠯᠥᠪᠯᠡᠬᠦ ᠪᠠ ᠦᠢᠯᠡᠳᠬᠦ︶᠎ ᠎ ᠤᠨ ᠮᠡᠷᠭᠡᠵᠢᠯ ᠳᠤ 2 ᠨᠡᠷᠡᠰ᠂ ᠳᠠᠭᠤᠤ ᠬᠥᠭᠵᠢᠮ ᠤᠨ ᠲᠣᠭᠯᠠᠯᠲᠠ ︵ᠳᠠᠭᠤᠯᠠᠬᠤᠶ ᠳᠠᠭᠤᠯᠠᠬᠤ — ᠦᠨᠳᠦᠰᠦᠲᠡᠨ ᠤ ᠳᠠᠭᠤᠯᠠᠬᠤᠢ︶᠎ ᠶᠢᠨ ᠮᠡᠷᠭᠡᠵᠢᠯ ᠳᠤ 3 ᠨᠡᠷᠡᠰ᠂ ᠳᠠᠭᠤᠤ ᠬᠥᠭᠵᠢᠮ ᠤᠨ ᠲᠣᠭᠯᠠᠯᠲᠠ ︵ᠬᠥᠭᠵᠢᠮᠲᠦ ᠰᠢ ᠵᠦᠴᠦᠭᠡ ᠶᠢᠨ ᠲᠣᠭᠯᠠᠯᠲᠠ︶᠎ ᠶᠢᠨ ᠮᠡᠷᠭᠡᠵᠢᠯ ᠳᠤ 2  ᠨᠡᠷᠡᠰ᠂ ᠨᠡᠶᠢᠲᠡ 7 ᠨᠡᠷᠡᠰ ᠨᠠᠶᠢᠳᠠᠨ ᠬᠥᠮᠦᠵᠢᠭᠦᠯᠬᠦ ᠰᠤᠷᠤᠭᠴᠢ ᠡᠯᠰᠡᠬᠦ ᠪᠠᠷ ᠲᠥᠯᠥᠪᠯᠡᠵᠦ ᠪᠤᠢ᠃       ᠳᠡᠭᠡᠷ᠎ᠡ ᠳᠤᠷᠠᠳᠤᠭᠰᠠᠨ ᠮᠡᠷᠭᠡᠵᠢᠯ ᠨᠢ ᠮᠣᠩᠭᠤᠯ ᠦᠨᠳᠦᠰᠦᠲᠡᠨ᠂ ᠳᠠᠭᠤᠷ ᠦᠨᠳᠦᠰᠦᠲᠡᠨ᠂ ᠡᠸᠡᠩᠬᠢ ᠦᠨᠳᠦᠰᠦᠲᠡᠨ᠂ ᠣᠷᠴᠣᠨ ᠦᠨᠳᠦᠰᠦᠲᠡᠨ ᠤ ᠰᠢᠯᠭᠠᠭᠤᠯᠤᠭᠰᠠᠳ ᠢ ᠡᠯᠰᠡᠬᠦ ᠪᠠᠷ ᠬᠢᠵᠠᠭᠠᠷᠯᠠᠨ᠎ᠠ᠃ ᠮᠣᠩᠭᠤᠯ ᠬᠢᠲᠠᠳ ᠬᠤᠶᠠᠷ ᠬᠡᠯᠡᠨ ᠳᠤ ᠨᠡᠪᠲᠡᠷᠡᠭᠰᠡᠳ ᠢ ᠤᠷᠢᠳᠠᠪᠠᠷ ᠡᠯᠰᠡᠨ᠎ᠡ᠃      ᠨᠡᠷ᠎ᠡ ᠮᠡᠳᠡᠭᠦᠯᠬᠦ ᠴᠠᠭ ᠬᠤᠭᠤᠴᠠᠭ᠎ᠠ ᠵᠢᠴᠢ ᠭᠠᠵᠠᠷ᠄ 2016 ᠣᠨ ᠤ 3 ᠳ᠋ᠤᠭᠠᠷ ᠰᠠᠷ᠎ᠠ ᠶᠢᠨ 11᠎ ᠤ ᠪᠦᠬᠦᠯᠢ ᠡᠳᠦᠷ ᠢᠶᠠᠷ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠵᠦ᠂ 3 ᠳ᠋ᠤᠭᠠᠷ ᠰᠠᠷ᠎ᠠ ᠶᠢᠨ 12᠎ ᠤᠨ ᠡᠳᠦᠷ — 13᠎ ᠤ ᠡᠳᠦᠷ ᠪᠣᠯᠲᠠᠯ᠎ᠠ ᠰᠢᠯᠭᠠᠨ᠎ᠠ᠃      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠵᠡᠭᠦᠨ ᠵᠡᠭᠡᠯᠢ ᠶᠢᠨ 101  ᠳ᠋ᠦ᠋ᠭᠡᠷ ᠲᠣᠭᠠᠲᠤ      ᠨᠡᠷ᠎ᠡ ᠮᠡᠳᠡᠭᠦᠯᠬᠦ ᠦᠶ᠎ᠡ ᠳᠤ ᠡᠷᠬᠡᠪᠰᠢ ᠳᠣᠣᠷ᠎ᠠ ᠵᠢᠭᠰᠠᠭᠠᠭᠰᠠᠨ ᠮᠠᠲ᠋ᠧᠷᠢᠶᠠᠯ ᠤᠳ ᠢ ᠲᠤᠰᠢᠶᠠᠵᠤ ᠰᠢᠯᠭᠠᠭᠤᠯᠤᠨ᠎ᠠ᠄      ① ᠰᠢᠯᠭᠠᠭᠤᠯᠤᠭᠰᠠᠳ ᠤᠨ ᠪᠡᠶ᠎ᠡ ᠶᠢᠨ ᠦᠨᠡᠮᠯᠡᠯ ᠤᠨ ᠤᠭ ᠵᠦᠢᠯ ᠪᠣᠯᠤᠨ ᠬᠠᠭᠤᠯᠪᠤᠷᠢ ︵ᠵᠥᠪ ᠪᠤᠷᠤᠭᠤ ᠲᠠᠯ᠎ᠠ ᠶᠢ ᠨᠢᠭᠡ A 4 ᠴᠠᠭᠠᠰᠤᠨ ᠳᠡᠭᠡᠷ᠎ᠡ ᠳᠠᠷᠤᠮᠠᠯᠯᠠᠬᠤ ᠴᠢᠬᠤᠯᠠᠲᠠᠶ︶︔      ② ᠤᠷᠠᠯᠢᠭ ᠤᠨ ᠲᠥᠷᠥᠯ ᠤᠨ ᠰᠢᠯᠭᠠᠭᠤᠯᠤᠭᠰᠠᠳ ︵ᠪᠤᠶᠤ  ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ︶᠎ ᠤᠨ ᠨᠡᠷ᠎ᠡ ᠮᠡᠳᠡᠭᠦᠯᠬᠦ ᠦᠨᠡᠮᠯᠡᠯ ᠤᠨ ᠤᠭ ᠵᠦᠢᠯ ᠪᠣᠯᠤᠨ ᠬᠠᠭᠤᠯᠪᠤᠷᠢ︔      ③ ᠮᠤᠵᠢ ︵ᠬᠤᠲᠠ︶᠎ ᠶᠢᠨ ᠲᠤᠰᠬᠠᠢ ᠮᠡᠷᠭᠡᠵᠢᠯ ᠤᠨ ᠨᠢᠭᠡᠳᠦᠯᠲᠡᠶ ᠰᠢᠯᠭᠠᠯᠲᠠ ᠶᠢᠨ ᠬᠢᠷᠢ ᠲᠡᠩᠴᠡᠭᠰᠡᠨ ᠦᠨᠡᠮᠯᠡᠯ ᠪᠤᠶᠤ ᠬᠢᠷᠢ ᠲᠡᠩᠴᠡᠭᠰᠡᠨ ᠭᠡᠷᠡᠴᠢ ᠶᠢᠨ ᠤᠭ ᠵᠦᠢᠯ ᠪᠣᠯᠤᠨ ᠬᠠᠭᠤᠯᠪᠤᠷᠢ︔      ④ 2 ᠢᠮᠠᠬᠤ ᠶᠢᠨ ᠮᠠᠯᠠᠭᠠᠶ ᠦᠭᠡᠢ ᠲᠥᠪ ᠰᠡᠭᠦᠳᠡᠷ ︵2 ᠬᠤᠪᠢ / ᠲᠤᠰᠬᠠᠶ ᠮᠡᠷᠭᠡᠵᠢᠯ︶᠃       ᠨᠡᠷ᠎ᠡ ᠮᠡᠳᠡᠭᠦᠯᠦᠭᠰᠡᠳ ᠪᠣᠯᠣᠨ ᠨᠥᠬᠦᠴᠡᠯ᠂ ᠰᠢᠯᠭᠠᠯᠲᠠ ᠶᠢᠨ ᠠᠭᠤᠯᠭ᠎ᠠ᠂ ᠡᠯᠰᠡᠵᠦ ᠠᠪᠬᠤ ᠠᠷᠭ᠎ᠠ ᠵᠡᠷᠭᠡ ᠪᠣᠳᠠᠲᠠᠶ ᠱᠠᠭᠠᠷᠳᠠᠯᠭ᠎ᠠ ᠶᠢ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵ ᠰᠦᠯᠵᠢᠶᠡᠨ ᠤ ᠬᠠᠶ᠋ᠢᠭ᠄ http://www.nm.zsks.cn/︶  ᠂ ᠱᠠᠩᠬᠠᠢ ᠶᠢᠨ ᠳᠠᠭᠤ ᠬᠥᠭᠵᠢᠮ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ ︵ᠰᠦᠯᠵᠢᠶᠡᠨ ᠤ ᠬᠠᠶ᠋ᠢᠭ᠄ http᠄ //www.shcmusic.edu.cn /︶᠎ ᠳᠤ ᠭᠠᠷᠴᠤ ᠪᠠᠶᠢᠴᠠᠭᠠᠨ ᠦᠵᠡᠭᠡᠷᠡᠢ᠂ ᠡᠰᠡᠬᠦᠯ᠎ᠡ ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠤᠳᠬ᠎ᠠ ᠤᠷᠠᠯᠢᠭ ᠤᠨ ᠭᠠᠵᠠᠷ ᠲᠠᠢ ᠬᠤᠯᠪᠣᠭ᠎ᠠ ᠠᠪᠴᠤ ᠯᠠᠪᠯᠠᠭᠠᠷᠠᠢ᠃     ᠬᠠᠷᠢᠯᠴᠠᠬᠤ ᠳ᠋ᠢᠶᠠᠩᠬᠤᠸᠠ᠄ ︵0471-4812697︶      ᠬᠠᠷᠢᠯᠴᠠᠬᠤ ᠬᠥᠮᠦᠨ᠄ ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠤᠳᠬ᠎ᠠ ᠤᠷᠠᠯᠢᠭ ᠤᠨ ᠭᠠᠵᠠᠷ      ᠲ᠊ · ᠪᠠᠭᠠᠲᠤᠷ  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号