| ᠲᠣᠪᠴᠢᠶ᠎ᠠ ᠶᠢᠨ ᠳᠡᠳ᠋ ᠳᠠᠷᠤᠭ᠎ᠠ ᠰᠦᠨ ᠷᠦᠢ ᠪᠢᠶᠤᠤ ᠭᠠᠶᠢᠯᠢ ᠶᠢᠨ ᠶᠠᠪᠤᠳᠠᠯ ᠤᠨ ᠺᠠᠳ᠋ᠷᠴᠤᠳ ᠤᠨ | ᠶᠠᠷᠢᠯᠴᠠᠬᠤ ᠬᠤᠷᠠᠯ ᠳᠡᠭᠡᠷ᠎ᠡ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ ᠪᠠᠶᠢᠭ᠎ᠠ ᠨᠢ | | ᠲᠣᠪᠴᠢᠶ᠎ᠠ ᠶᠢᠨ ᠳᠡᠳ᠋ ᠳᠠᠷᠤᠭ᠎ᠠ ᠰᠦᠨ ᠷᠦᠢ ᠪᠢᠶᠤᠤ ᠠᠯᠠᠱᠨ ᠵᠡᠭᠦᠨ ᠬᠤᠰᠢᠭᠤ ᠶᠢᠨ ᠤᠯᠤᠰ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠤᠷᠪᠠᠨ ᠣᠪᠣᠭ᠎ᠠ ᠬᠤᠪᠢᠶᠠᠷᠢ ᠲᠣᠪᠴᠢᠶ᠎ᠠ ᠶᠢᠨ ᠭᠠᠶᠢᠯᠢ ᠲᠤᠰᠢᠶᠠᠬᠤ | ᠲᠢᠩᠬᠢᠮ ᠤᠨ ᠠᠵᠢᠯᠲᠠᠳ ᠢ ᠡᠷᠬᠢᠨ ᠦᠵᠡᠵᠦ ᠪᠠᠶᠢᠭ᠎ᠠ ᠨᠢ | ᠣᠶᠢᠷ᠎ᠠ ᠳᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠲᠣᠪᠴᠢᠶ᠎ᠠ ᠶᠢᠨ ᠳᠡᠳ᠋ ᠳᠠᠷᠤᠭ᠎ᠠ ᠰᠦᠨ ᠷᠦᠢ ᠪᠢᠶᠤᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠢᠷᠡᠵᠦ ᠭᠠᠶᠢᠯᠢ ᠲᠠᠲᠠᠪᠤᠷᠢ ᠶᠢᠨ ᠠᠵᠢᠯ ᠤᠨ ᠲᠣᠬᠠᠢ ᠪᠠᠶᠢᠴᠠᠭᠠᠨ ᠰᠤᠳᠤᠯᠤᠯᠲᠠ | ᠬᠢᠵᠦ᠂ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ ᠠᠯᠠᠱᠠ ᠠᠶᠢᠮᠠᠭ ᠲᠤ | ᠭᠦᠨᠵᠡᠭᠡᠶᠢᠷᠡᠨ ᠨᠢᠭᠡᠳᠦᠭᠡᠷ ᠹᠷᠣᠨᠲ ᠤᠨ ᠭᠠᠶᠢᠯᠢ ᠶᠢᠨ ᠶᠠᠪᠤᠳᠠᠯ ᠤᠨ ᠺᠠᠳ᠋ᠷ ᠠᠵᠢᠯᠲᠠᠳ ᠢ ᠲᠣᠬᠤᠨᠢᠭᠤᠯᠪᠠ᠃ | ᠠᠯᠠᠱᠠ ᠠᠶᠢᠮᠠᠭ ᠥᠪᠥᠷ ᠮᠣᠩᠭᠤᠯ ᠤᠨ ᠬᠠᠮᠤᠭ ᠤᠨ ᠪᠠᠷᠠᠭᠤᠨ ᠬᠡᠰᠡᠭ ᠲᠤ ᠪᠠᠶᠢᠷᠢᠰᠢᠵᠤ᠂ ᠥᠪᠥᠷ | ᠮᠣᠩᠭᠤᠯ ᠤᠨ ᠲᠠᠯᠠᠪᠠᠶ ᠪᠠᠷ ᠬᠠᠮᠤᠭ ᠤᠨ ᠶᠡᠭᠡ᠂ ᠬᠥᠮᠦᠨ ᠠᠮᠠ ᠪᠠᠷ ᠬᠠᠮᠤᠭ ᠤᠨ ᠴᠥᠭᠡᠨ ᠠᠶᠢᠮᠠᠭ ᠬᠤᠳᠠ ᠶᠤᠮ᠂ | ᠪᠠᠶᠢᠭᠠᠯᠢ ᠶᠢᠨ ᠣᠷᠴᠢᠨ ᠨᠥᠬᠦᠴᠡᠯ ᠢᠶᠠᠷ ᠮᠠᠭᠤ᠂ ᠠᠮᠢᠳᠤᠷᠠᠯ ᠤᠨ ᠨᠥᠬᠦᠴᠡᠯ ᠨᠢ ᠬᠠᠷᠢᠴᠠᠩᠭᠤᠶ ᠬᠤᠴᠣᠷᠤᠩᠭᠤᠶ | ᠪᠠᠶᠢᠳᠠᠭ᠃ 2 ᠳ᠋ᠤᠭᠠᠷ ᠰᠠᠷ᠎ᠠ ᠶᠢᠨ 2 ᠤᠨ ᠡᠳᠦᠷ᠂ ᠲᠣᠪᠴᠢᠶ᠎ᠠ ᠶᠢᠨ ᠳᠡᠳ᠋ ᠳᠠᠷᠤᠭ᠎ᠠ ᠰᠦᠨ ᠷᠦᠢ ᠪᠢᠶᠤᠤ ᠠᠯᠠᠱᠠ | ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠬᠦᠷᠴᠦ᠂ ᠲᠤᠰ ᠲᠣᠪᠴᠢᠶ᠎ᠠ ᠶᠢᠨ ᠵᠣᠬᠢᠶᠠᠨ | ᠪᠠᠶᠢᠭᠤᠯᠤᠯᠲᠠ ᠶᠢᠨ ᠣᠷᠣᠯᠭ᠎ᠠ᠂ ᠦᠨᠳᠦᠰᠦᠨ ᠱᠠᠲᠤᠨ ᠤ ᠪᠠᠶᠢᠭᠤᠯᠤᠯᠲᠠ᠂ ᠭᠠᠶᠢᠯᠢ ᠶᠢᠨ ᠶᠠᠪᠤᠳᠠᠯ ᠤᠨ | ᠰᠣᠶᠣᠯ ᠤᠨ ᠪᠠᠶᠢᠭᠤᠯᠤᠯᠲᠠ᠂ ᠺᠠᠳ᠋ᠷ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ | ᠣᠶᠢᠯᠠᠭᠠᠵᠤ᠂ ᠣᠯᠤᠭᠰᠠᠨ ᠠᠵᠢᠯ ᠤᠨ ᠠᠮᠵᠢᠯᠲᠠ ᠶᠢ ᠨᠢ ᠭᠦᠢᠴᠡᠳ ᠨᠤᠲᠠᠯᠠᠵᠠᠶ᠃ ᠥᠷᠭᠡᠨ ᠤᠯᠠᠨ ᠤᠯᠤᠰ ᠤᠨ | ᠭᠠᠶᠢᠯᠢ ᠶᠢᠨ ᠶᠠᠪᠤᠳᠠᠯ ᠤᠨ ᠺᠠᠳ᠋ᠷ ᠠᠵᠢᠯᠲᠠᠳ ᠤᠨ ᠲᠤᠤᠷᠠᠢ ᠤᠯᠢᠶᠠᠰᠤ ᠶᠢᠨ ᠵᠣᠷᠢᠭ ᠰᠠᠨᠠᠭ᠎ᠠ ᠶᠢ ᠭᠦᠢᠴᠡᠳ | ᠪᠠᠳᠠᠷᠠᠭᠤᠯᠵᠤ᠂ ᠬᠡᠳᠦᠨ ᠠᠷᠪᠠᠨ ᠵᠢᠯ ᠢ ᠨᠢᠭᠡ ᠯᠡ ᠡᠳᠦᠷ ᠮᠡᠲᠦ ᠦᠨᠳᠦᠰᠦᠨ ᠱᠠᠲᠤ ᠪᠠᠨ ᠪᠠᠲᠤ ᠰᠠᠬᠢᠵᠤ᠂ ︽ | ᠤᠯᠤᠰ ᠤᠨ ᠲᠥᠯᠥᠭᠡ ᠡᠳ᠋ ᠮᠥᠩᠭᠦ ᠬᠤᠷᠠᠮᠳᠤᠭᠤᠯᠵᠤ᠂ ᠠᠷᠠᠳ ᠤᠨ ᠲᠥᠯᠥᠭᠡ ᠭᠠᠶᠢᠯᠢ ᠬᠤᠷᠢᠶᠠᠬᠤ︾ ᠠᠷᠢᠭᠤᠨ | ᠳᠠᠷᠬᠠᠨ ᠡᠭᠦᠷᠭᠡ ᠶᠢ ᠬᠢᠨᠠᠮᠠᠭᠠᠢ ᠦᠢᠯᠡᠳᠦᠯᠭᠡᠵᠢᠭᠦᠯᠦᠭᠰᠡᠨ ᠳᠤᠨᠢ ᠥᠨᠳᠥᠷ ᠦᠨᠡᠯᠡᠯᠲᠡ ᠥᠭᠴᠡᠶ᠃ | 2 ᠳ᠋ᠤᠭᠠᠷ ᠰᠠᠷ᠎ᠠ ᠶᠢᠨ 3 ᠤ ᠡᠳᠦᠷ᠂ ᠠᠯᠠᠱᠠ ᠠᠶᠢᠮᠠᠭ ᠤᠨ ᠤᠯᠤᠰ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠠᠵᠢᠯ ᠠᠴᠠ ᠪᠠᠨ ᠠᠮᠠᠷᠠᠭᠰᠠᠨ ᠨᠢᠭᠡᠨ ᠠᠬᠠᠮᠠᠳ ᠨᠠᠮ ᠤᠨ ᠭᠡᠰᠢᠭᠦᠨ ᠪᠣᠯᠤᠨ ᠠᠮᠢᠳᠤᠷᠠᠯ ᠨᠢ | ᠬᠦᠴᠢᠷᠳᠡᠯ ᠲᠠᠢ ᠨᠢᠭᠡᠨ ᠠᠵᠢᠯᠳᠠᠨ ᠢ ᠲᠤᠰᠬᠠᠶᠢᠯᠠᠨ ᠲᠣᠬᠤᠨᠢᠭᠤᠯᠪᠠ᠃ ᠠᠬᠠᠮᠠᠳ ᠨᠠᠮ ᠤᠨ ᠭᠡᠰᠢᠭᠦᠨ ᠤ ᠭᠡᠷ ᠲᠤ᠂ | ᠳᠡᠳ᠋ ᠳᠠᠷᠤᠭ᠎ᠠ ᠰᠦᠨ ᠷᠦᠢ ᠪᠢᠶᠣᠣ ᠠᠬᠠᠮᠠᠳ ᠨᠠᠮ ᠤᠨ ᠭᠡᠰᠢᠭᠦᠨ ᠤ ᠦᠵᠡᠭᠦᠯᠦᠭᠰᠡᠨ ᠬᠤᠪᠢ ᠨᠡᠮᠡᠷᠢ ᠳᠤ | ᠲᠠᠯᠠᠷᠬᠠᠯ ᠢᠶᠠᠨ ᠢᠯᠡᠳᠬᠡᠵᠦ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠳ ᠰᠠᠶᠢᠬᠠᠨ ᠠᠮᠠᠷᠠᠵᠤ᠂ | ᠪᠡᠶ᠎ᠡ ᠪᠠᠨ ᠬᠢᠴᠢᠶᠡᠨ ᠰᠣᠪᠢᠯᠠᠬᠤ ᠶᠢ ᠬᠦᠰᠡᠨ ᠵᠥᠩᠨᠡᠭᠰᠡᠨ ᠤ ᠬᠠᠮᠲᠤ ᠠᠯᠠᠱᠠ ᠵᠡᠭᠦᠨ ᠬᠤᠰᠢᠭᠤᠨ ᠤ ᠤᠯᠤᠰ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠤᠷᠪᠠᠨ ᠣᠪᠣᠭ᠎ᠠ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ | ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠭᠠᠶᠢᠯᠢ ᠶᠢᠨ ᠶᠠᠪᠤᠳᠠᠯ ᠤᠨ ᠠᠵᠢᠯᠲᠠᠨ ᠲᠠᠢ ᠳᠣᠲᠣᠨᠣ ᠪᠠᠷ | ᠶᠠᠷᠢᠯᠴᠠᠵᠤ᠂ ᠶᠠᠷᠢᠯᠴᠠᠬᠤ ᠬᠤᠷᠠᠯ ᠬᠢᠪᠡ᠃ | ᠶᠠᠷᠢᠯᠴᠠᠬᠤ ᠬᠤᠷᠠᠯ ᠳᠡᠭᠡᠷ᠎ᠡ᠂ ᠳᠡᠳ᠋ ᠳᠠᠷᠤᠭ᠎ᠠ ᠰᠦᠨ ᠷᠦᠢ ᠪᠢᠶᠤᠤ ᠶᠠᠭᠤᠨ ᠤ ᠡᠮᠦᠨ᠎ᠡ ᠶᠡᠷᠦᠩᠬᠡᠶ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ᠥᠪᠥᠷ ᠮᠣᠩᠭᠤᠯ ᠤᠨ ᠡᠯ᠎ᠡ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠠᠶᠢᠯᠢ ᠲᠠᠲᠠᠪᠤᠷᠢ ᠶᠢᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠬᠠᠯᠠᠮᠵᠢᠯᠠᠵᠤ ᠪᠠᠶᠢᠭ᠎ᠠ ᠳᠤᠨᠢ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠭᠦᠨ ᠤ | ᠬᠠᠮᠲᠤ᠂ ᠬᠤᠶᠢᠰᠢᠳᠠ ᠶᠢᠨ ᠭᠠᠶᠢᠯᠢ ᠶᠢᠨ ᠶᠠᠪᠤᠳᠠᠯ ᠤᠨ ᠠᠵᠢᠯ ᠳᠤ ᠲᠠᠪᠤᠨ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠄ | ᠨᠢᠭᠡ ᠳᠤ ᠵᠣᠬᠢᠶᠠᠨ ᠪᠠᠶᠢᠭᠤᠯᠤᠯᠲᠠ ᠶᠢᠨ ᠣᠷᠣᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠶᠠᠷ ᠲᠤ | ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ ᠭᠠᠶᠢᠯᠢ | ᠲᠠᠲᠠᠪᠤᠷᠢ ᠶᠢᠨ ᠥᠭᠡᠷᠡᠴᠢᠯᠡᠯᠲᠡ ᠶᠢ ᠢᠳᠡᠪᠬᠢᠲᠡᠶ ᠲᠦᠯᠬᠢᠨ ᠠᠬᠢᠭᠤᠯᠬᠤ ᠬᠡᠷᠡᠭᠲᠡᠢ᠃ ᠳᠦᠷᠪᠡ ᠳᠤ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠲᠠᠪᠤ ᠳᠤ ᠦᠨᠳᠦᠰᠦᠲᠡᠨ ᠤ | ᠪᠦᠯᠬᠦᠮᠳᠡᠯ ᠢ ᠢᠳᠡᠪᠬᠢᠲᠡᠢ ᠴᠢᠩᠭᠠᠳᠬᠠᠬᠤ ᠬᠡᠷᠡᠭᠲᠡᠶ ᠭᠡᠪᠡ᠃ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠰᠢᠮᠳᠠᠭᠤᠯᠤᠨ ᠪᠠᠶᠢᠴᠠᠭᠠᠬᠤ | ᠲᠣᠪᠴᠢᠶ᠎ᠠ ᠶᠢᠨ ᠳᠠᠷᠤᠭ᠎ᠠ ᠸᠠᠩ ᠰᠢᠤᠸᠠᠢ ᠳ᠋ᠦᠩ᠂ ᠠᠯᠠᠱᠠ ᠠᠶᠢᠮᠠᠭ ᠤᠨ ᠳᠠᠷᠤᠭ᠎ᠠ ᠹᠧᠩ ᠢᠦᠢ ᠵᠧᠨ᠂ ᠥᠪᠥᠷ | ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶ᠎ᠠ ᠶᠢᠨ ᠳᠠᠷᠤᠭ᠎ᠠ ᠵᠠᠩ ᠱᠧ ᠠᠨ ᠨᠠᠷ ᠬᠠᠮᠲᠤ ᠪᠠᠷ ᠪᠠᠶᠢᠴᠠᠭᠠᠨ ᠰᠤᠳᠤᠯᠵᠤ ᠲᠣᠬᠤᠨᠢᠭᠤᠯᠪᠠ᠃ | |