ᠤᠯᠠᠭᠠᠨᠬᠠᠳᠠ ᠬᠤᠲᠠ ᠶᠢᠨ 2016 ᠤᠨ ᠤ ︽ᠬᠠᠪᠤᠷ ᠤᠨ ᠰᠠᠯᠬᠢᠨ ᠤ ᠠᠵᠢᠯᠯᠠᠭ᠎ᠠ︾ ᠶᠢᠨ ᠴᠢᠳᠠᠪᠤᠷᠢᠲᠠᠨ | ᠰᠣᠯᠢᠯᠴᠠᠬᠤ ᠶᠡᠭᠡ ᠬᠤᠷᠠᠯ 2 ᠳ᠋ᠤᠭᠠᠷ ᠰᠠᠷ᠎ᠠ ᠶᠢᠨ16 ᠤ ᠡᠳᠦᠷ ᠠᠴᠠ 3 ᠳ᠋ᠤᠭᠠᠷ ᠰᠠᠷ᠎ᠠ ᠶᠢᠨ16 ᠤ ᠡᠳᠦᠷ | ᠬᠦᠷᠲᠡᠯ᠎ᠡ ᠬᠤᠷᠠᠯᠳᠤᠵᠤ᠂ ᠠᠵᠢᠯᠲᠠᠨ ᠡᠯᠰᠡᠬᠦ ᠨᠢᠭᠡᠴᠡ ᠪᠠ ᠠᠵᠢᠯ ᠡᠷᠢᠭᠴᠢᠳ ᠤᠨ ᠬᠡᠷᠡᠭᠴᠡᠭᠡ ᠶᠢ ᠬᠠᠩᠭᠠᠨ᠎ᠠ᠃ | ᠡᠨᠡ ᠬᠤᠭᠤᠴᠠᠭᠠᠨ ᠳᠤ᠂ ᠨᠡᠶᠢᠲᠡ14ᠲᠠᠯᠠᠪᠤᠷ ᠵᠥᠪᠳᠡᠨ ᠬᠡᠯᠡᠯᠴᠡᠬᠦ ᠬᠤᠷᠠᠯ ᠡᠷᠬᠢᠯᠡᠨ᠎ᠡ᠃ ᠤᠯᠠᠭᠠᠨᠬᠠᠳᠠ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ ᠥᠪᠥᠷ | ᠮᠣᠩᠭᠤᠯ ᠤᠨ ᠵᠡᠭᠦᠨ ᠪᠡᠶ᠎ᠡ ᠶᠢᠨ ᠭᠠᠵᠠᠷ ᠣᠷᠣᠨ ᠤ ᠴᠢᠳᠠᠪᠤᠷᠢᠲᠠᠨ ᠤ ᠵᠠᠬ᠎ᠠ ᠳᠡᠯᠭᠡᠭᠦᠷ ᠤᠨ ᠨᠢᠭᠡᠳᠦᠭᠡᠷ᠂ | ᠬᠤᠶᠠᠳᠤᠭᠠᠷ ᠳᠠᠪᠬᠤᠷ ᠤᠨ ᠰᠣᠯᠢᠯᠴᠠᠭ᠎ᠠ ᠲᠢᠩᠬᠢᠮ ᠳᠤ ᠶᠠᠪᠤᠭᠳᠠᠨ᠎ᠠ᠃ 2016 ᠤᠨ ᠤ 2 ᠳ᠋ᠤᠭᠠᠷ | ᠰᠠᠷ᠎ᠠ ᠶᠢᠨ19 ᠤ ᠡᠳᠦᠷ -21 ᠤ ᠡᠳᠦᠷ᠂ ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠢᠯᠴᠢᠨ ᠤ ᠶᠡᠷᠦᠩᠬᠡᠶ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠲᠣᠭᠤᠷᠢᠭ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ | ᠤᠯᠠᠭᠠᠨᠬᠠᠳᠠ ᠶᠢᠨ ᠸᠠᠨ ᠳ᠋ᠠ ᠲᠠᠯᠠᠪᠠᠢ ᠪᠠ ᠰᠸᠡᠫᠦ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠬᠢᠵᠠᠭᠠᠷᠲᠤ ᠺᠣᠮᠫᠠᠨᠢ ᠲᠠᠢ ᠬᠤᠯᠪᠤᠭᠠᠯᠠᠨ 2016 ᠤᠨ ᠤ ᠬᠠᠪᠤᠷ ᠤᠨ ᠤᠷᠢᠵᠤ ᠡᠯᠰᠡᠬᠦ ᠬᠤᠷᠠᠯ ᠢ ᠡᠷᠬᠢᠯᠡᠵᠦ᠂ | ᠪᠠᠷᠤᠭ 300 ᠭᠠᠷᠤᠶ ᠠᠵᠤ ᠠᠬᠤᠶᠢᠯᠠᠯ ᠤᠷᠤᠯᠴᠠᠬᠤ ᠪᠤᠯᠤᠨ᠎ᠠ᠃ ᠡᠭᠦᠨ ᠠᠴᠠ ᠭᠠᠳᠠᠨ᠎ᠠ᠂ ᠴᠢᠳᠠᠪᠤᠷᠢᠲᠠᠨ | ᠤᠷᠢᠬᠤ ᠠᠵᠢᠯᠯᠠᠭ᠎ᠠ ᠶᠢ ᠬᠤᠩᠱᠠᠨ ᠤ ᠴᠢᠳᠠᠪᠤᠷᠢᠲᠠᠨ ᠤ ᠰᠦᠯᠵᠢᠶ᠎ᠡ ᠪᠠᠷ ᠳᠠᠮᠵᠢᠭᠤᠯᠤᠨ ᠠᠵᠤ ᠠᠬᠤᠶᠢᠯᠠᠯ ᠤᠨ | ᠬᠡᠷᠡᠭᠴᠡᠭᠡᠨ ᠤ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠠᠵᠢᠯ ᠡᠷᠢᠭᠴᠢᠳ ᠮᠡᠳᠡᠭᠡ ᠵᠠᠩᠭᠢ ᠶᠢ ᠴᠠᠭ | ᠲᠤᠬᠠᠶ ᠳᠤᠨᠢ ᠪᠠᠶᠢᠴᠠᠭᠠᠨ ᠦᠵᠡᠬᠦ ᠳᠤ ᠳᠥᠭᠦᠮ ᠳᠥᠲᠡ ᠪᠤᠯᠭᠠᠵᠤ᠂ ᠠᠵᠢᠯ ᠡᠷᠢᠭᠴᠢ ᠬᠢᠭᠡᠳ ᠠᠵᠤ ᠠᠬᠤᠶᠢᠯᠠᠯ | ᠳᠤ ᠨᠡᠩ ᠤᠯᠠᠨ ᠳᠥᠭᠦᠮ ᠦᠢᠯᠡᠴᠢᠯᠡᠭᠡ ᠬᠠᠩᠭᠠᠨ᠎ᠠ᠃ |