ᠬᠢᠩᠭᠠᠨ ᠠᠶᠢᠮᠠᠭ ᠤᠨ 2015 ᠣᠨ ᠤ ᠠᠰ ᠠᠰ ᠢᠶᠠᠷ ᠨᠢ ᠵᠥᠪᠯᠡᠬᠦ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠠᠶᠢᠳᠠᠯ
ᠨᠡᠶᠢᠲᠡᠯᠡᠭᠰᠡᠨ ᠴᠠᠭ᠄
2016/2/17
     2015 ᠣᠨ ᠳᠤ᠂ ᠬᠢᠩᠭᠠᠨ ᠠᠶᠢᠮᠠᠭ ᠡᠯ᠎ᠡ ᠵᠦᠢᠯ ᠤᠨ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ 38.946 ᠲᠦᠮᠡᠨ ᠲᠥᠭᠦᠷᠢᠭ ᠴᠤᠭᠯᠠᠭᠤᠯᠵᠤ᠂ ᠡᠭᠦᠨ ᠳᠤ᠄ ᠥᠪᠡᠷᠲᠡᠭᠡᠨ ᠵᠠᠰᠠᠬᠤ ᠣᠷᠣᠨ ᠤ ᠱᠠᠩᠨᠠᠯ ᠨᠥᠬᠦᠪᠥᠷᠢ ᠶᠢᠨ ᠪᠡᠯᠡ ᠮᠥᠩᠭᠦ 11.723 ᠲᠦᠮᠡᠨ ᠲᠦᠬᠦᠷᠢᠭ᠂ ᠠᠶᠢᠮᠠᠭ ᠬᠤᠳᠠ ᠶᠢᠨ ᠱᠠᠲᠤᠨ ᠤ ᠲᠥᠰᠦᠪ ᠤᠨ ᠲᠣᠬᠢᠷᠠᠭᠤᠯᠤᠭᠰᠠᠨ ᠱᠠᠩᠨᠠᠯ ᠨᠥᠬᠦᠪᠥᠷᠢ ᠶᠢᠨ ᠪᠡᠯᠡ ᠮᠥᠩᠭᠦ 5.000 ᠲᠦᠮᠡᠨ ᠲᠥᠭᠦᠷᠢᠭ ᠢ ᠲᠡᠮᠡᠴᠡᠨ ᠤᠯᠵᠤ᠂ ᠡᠯ᠎ᠡ ᠬᠤᠰᠢᠭᠤ ᠰᠢᠶᠠᠨ ᠬᠤᠲᠠ ᠵᠢᠴᠢ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠮᠢᠶᠠᠷᠤᠯᠲᠠ ᠶᠢᠨ ᠲᠣᠪᠴᠢᠶ᠎ᠠ ᠬᠠᠮᠲᠤ ᠪᠠᠷ ᠬᠤᠰᠢᠭᠤ ᠰᠢᠶᠠᠨ ᠤ ᠱᠠᠲᠤᠨ ᠤ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ 22.223 ᠲᠦᠮᠡᠨ ᠲᠥᠭᠦᠷᠢᠭ ᠴᠤᠭᠯᠠᠭᠤᠯᠵᠤ᠂ ᠪᠦᠳᠦᠭᠡᠨ ᠪᠠᠶᠢᠭᠤᠯᠤᠯᠲᠠ ᠶᠢᠨ ᠠᠰ ᠠᠰ ᠢᠶᠠᠷ ᠨᠢ ᠵᠥᠪᠯᠡᠬᠦ ᠡᠳ᠋ ᠤᠨ ᠵᠠᠰᠠᠭ ᠤᠨ ᠱᠠᠩᠨᠠᠨ ᠨᠥᠬᠦᠪᠥᠷᠢᠯᠡᠬᠦ ᠵᠦᠢᠯᠡᠰ ᠢ ᠨᠡᠶᠢᠲᠡ 624 ᠵᠦᠢᠯ ᠢ ᠵᠥᠪᠰᠢᠶᠡᠷᠡᠵᠦ᠂ ᠲᠦᠷᠤᠯ ᠵᠦᠢᠯ ᠤᠨ ᠶᠡᠷᠦᠩᠬᠡᠶ ᠲᠦᠢᠮᠣ ᠲᠥᠰᠦᠪ ᠨᠢ 710.420.87 ᠲᠦᠮᠡᠨ ᠲᠥᠭᠦᠷᠢᠭ ᠬᠦᠷᠴᠡᠢ᠂ ᠡᠭᠦᠨ ᠎ ᠳᠤ᠄ ᠵᠡᠭᠡᠯᠢ ᠭᠤᠳᠤᠮᠵᠢ ᠶᠢᠨ ᠬᠠᠲᠠᠭᠤᠷᠠᠯ ᠤᠨ ᠲᠦᠷᠦᠯ ᠵᠦᠢᠯ 51᠂ ᠵᠢᠵᠢᠭ ᠬᠡᠯᠪᠡᠷᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ 8᠂ ᠠᠶᠢᠯ ᠲᠣᠰᠬᠤᠨ ᠤ ᠳᠦᠷᠰᠦ ᠪᠠᠶᠢᠳᠠᠯ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ 465᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠪᠦᠳᠦᠭᠡᠠ ᠪᠠᠶᠢᠭᠤᠯᠤᠯᠲᠠ ᠶᠢᠨ ᠲᠦᠷᠦᠯ ᠵᠦᠢᠯ 7᠂ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠶᠢᠨ ᠪᠦᠳᠦᠭᠡᠠ ᠪᠠᠶᠢᠭᠤᠯᠤᠯᠲᠠ ᠶᠢᠨ ᠲᠦᠷᠦᠯ ᠵᠦᠢᠯ 7᠂ ᠪᠤᠰᠤᠳ ᠨᠡᠶᠢᠲᠡ ᠶᠢᠨ ᠠᠰᠠᠷᠠᠮᠵᠢ ᠶᠢᠨ ᠲᠥᠬᠦᠭᠡᠷᠦᠮᠵᠢ ᠶᠢᠨ ᠪᠦᠳᠣᠭᠡᠨ ᠪᠠᠶᠢᠭᠤᠯᠤᠯᠲᠠ ᠶᠢᠨ ᠲᠦᠷᠦᠯ ᠵᠦᠢᠯ 86 ᠪᠠᠶᠢᠨ᠎ᠠ᠃ ᠡᠨᠡ ᠨᠢ 66 ᠰᠢᠶᠠᠩ ᠪᠠᠯᠭᠠᠰᠤᠨ ᠤ357 ᠭᠠᠴᠠᠭ᠎ᠠ ᠲᠤᠰᠬᠤᠨ ᠢ ᠬᠠᠮᠤᠷᠴᠤ᠂ ᠨᠡᠶᠢᠲᠡ 78.46 ᠲᠦᠮᠡᠨ ᠮᠠᠯᠴᠢᠨ ᠲᠠᠷᠢᠶᠠᠴᠢᠨ ᠠᠰᠢᠭ ᠬᠦᠷᠲᠡᠪᠡ᠃      ᠠᠰ ᠠᠰ ᠢᠶᠠᠷ ᠨᠢ ᠵᠥᠪᠯᠡᠬᠦ ᠲᠦᠷᠦᠯ ᠵᠦᠢᠯ ᠤᠨ ᠲᠥᠯᠥᠪᠵᠢᠭᠦᠯᠭᠡ ᠶᠢᠨ ᠲᠠᠯ᠎ᠠ ᠪᠠᠷ ᠦᠷᠭᠦᠯᠵᠢᠯᠡᠨ ᠰᠢᠨ᠎ᠡ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠲᠠ ᠯᠤᠭ᠎ᠠ ᠤᠶᠠᠯᠳᠤᠭᠤᠯᠬᠤ ᠪᠠ ᠶᠠᠳᠠᠭᠤ ᠶᠢ ᠲᠡᠳᠬᠦᠬᠦ ᠲᠥᠷᠥᠯ ᠵᠦᠢᠯ ᠲᠠᠢ ᠤᠶᠠᠯᠳᠤᠭᠤᠯᠬᠤ ᠪᠠᠷ ᠭᠤᠤᠯᠯᠠᠵᠤ᠂ ᠤᠨᠴᠠᠭᠠᠶᠢᠯᠠᠨ ᠮᠠᠨ ᠤ ᠠᠶᠢᠮᠠᠭ ᠤᠨ ᠠᠶᠢᠯ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠵᠦ᠂ ᠮᠠᠯᠵᠢᠬᠤ ᠲᠠᠷᠢᠶᠠᠯᠠᠬᠤ ᠣᠷᠣᠨ ᠤ ᠬᠤᠴᠣᠷᠤᠩᠭᠤᠶ ᠳᠦᠷᠰᠦ ᠪᠠᠶᠢᠳᠠᠯ ᠢ ᠮᠠᠰᠢ ᠶᠡᠬᠡᠪᠡᠷ ᠰᠠᠶᠢᠵᠢᠷᠠᠭᠤᠯᠵᠤ᠂ ᠨᠡᠯᠢᠶᠡᠳ ᠰᠠᠶᠢᠨ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠤᠯᠤᠰ ᠲᠦᠷᠦ ᠶᠢᠨ ᠦᠷ᠎ᠡ ᠠᠰᠢᠭ ᠤᠯᠪᠠ᠃ ᠡᠭᠦᠨ ᠤ ᠬᠠᠮᠲᠤ᠂ ᠠᠰ ᠠᠰ ᠢᠶᠠᠷ ᠨᠢ ᠵᠥᠪᠯᠡᠬᠦ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠡᠯᠡ ᠮᠥᠩᠭᠦ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠳᠤᠮᠳᠠᠬᠢ ᠠᠭᠢᠭᠤᠯᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠰ ᠠᠰ ᠢᠶᠠᠷ ᠨᠢ ᠵᠥᠪᠯᠡᠬᠦ ᠡᠳ᠋ ᠤᠨ ᠵᠠᠰᠠᠭ ᠤᠨ ᠱᠠᠩᠨᠠᠵᠤ ᠲᠤᠰᠠᠯᠠᠬᠤ ᠠᠵᠢᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠡᠶᠡᠯᠡᠭᠦᠯᠵᠦ᠂ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠲᠠᠢ ᠰᠠᠶᠢᠲᠤᠷ ᠠᠪᠴᠠᠯᠳᠤᠭᠤᠯᠵᠤ᠂ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠶᠢ ᠬᠦᠴᠦᠯᠡᠨ ᠠᠬᠢᠭᠤᠯᠵᠤ ᠪᠤᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号