| 2 ᠳ᠋ᠤᠭᠠᠷ ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠮᠠᠭ | ᠬᠤᠲᠠ ᠭᠠᠵᠠᠷ ᠣᠷᠣᠨ ᠤ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠨᠠᠷ ᠤᠨ ᠲᠤᠰᠢᠶᠠᠯ ᠤᠨ | ᠮᠡᠳᠡᠭᠦᠯᠦᠯᠲᠡ ᠪᠠ ᠠᠷᠢᠭᠤᠨ ᠴᠢᠬᠡᠴᠢ ᠪᠠᠷ ᠵᠠᠰᠠᠭ ᠪᠠᠷᠢᠭᠰᠠᠨ ᠮᠡᠳᠡᠭᠦᠯᠦᠯᠲᠡ ᠠᠵᠢᠯ ᠤᠨ ᠬᠤᠷᠠᠯ ᠢ | ᠬᠤᠷᠠᠯᠳᠤᠭᠤᠯᠪᠠ᠃ | ᠡᠯ᠎ᠡ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠨᠠᠷ ᠲᠤᠰᠢᠶᠠᠯ ᠤᠨ ᠮᠡᠳᠡᠭᠦᠯᠦᠯᠲᠡ ᠪᠠ ᠠᠷᠢᠭᠤᠨ | ᠴᠢᠬᠡᠴᠢ ᠪᠠᠷ ᠵᠠᠰᠠᠭ ᠪᠠᠷᠢᠭᠰᠠᠨ ᠮᠡᠳᠡᠭᠦᠯᠦᠯᠲᠡ ᠪᠠᠨ ᠬᠢᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠬᠤᠷᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠲᠤᠰ ᠲᠤᠰ ᠨᠠᠮ ᠤᠨ ᠰᠤᠷᠲᠠᠯ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠦᠲᠦᠭᠡᠨ ᠪᠠᠶᠢᠭᠤᠯᠤᠯᠲᠠ ᠶᠢᠨ ᠠᠵᠢᠯ ᠪᠠ ᠤᠯᠤᠰ ᠲᠦᠷᠦ ᠶᠢᠨ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠢ ᠦᠨᠡᠯᠡᠵᠦ᠂ ᠳᠠᠪᠠᠭᠤᠯᠢᠭ ᠲᠠᠯ᠎ᠠ ᠶᠢ ᠳᠤᠷᠠᠳᠤᠭᠰᠠᠨ ᠮᠥᠷᠲᠡᠭᠡᠨ ᠪᠠᠰᠠ ᠬᠦᠷᠦᠯᠴᠡᠬᠦ ᠦᠭᠡᠢ ᠲᠠᠯ᠎ᠠ ᠶᠢ | ᠳᠤᠷᠠᠳᠴᠤ᠂ ᠳᠠᠷᠠᠭᠠᠴᠢ ᠶᠢᠨ ᠠᠯᠬᠤᠮ ᠤᠨ ᠴᠢᠷᠮᠠᠶᠢᠬᠤ ᠴᠢᠭᠯᠡᠯ ᠳᠤᠷᠠᠳᠪᠠ᠃ | ᠣᠶᠢᠯᠠᠭᠠᠭᠰᠠᠨ ᠢᠶᠠᠷ᠂ ᠬᠤᠷᠠᠯ ᠠᠴᠠ ᠡᠮᠦᠨ᠎ᠡ ᠡᠯ᠎ᠡ ᠪᠠᠶᠢᠴᠠᠭᠠᠬᠤ ᠳᠠᠷᠤᠭ᠎ᠠ ᠨᠠᠷ ᠤᠨ ᠲᠤᠰᠢᠶᠠᠯ ᠤᠨ | ᠮᠡᠳᠡᠭᠦᠯᠦᠯᠲᠡ ᠪᠠ ᠠᠷᠢᠭᠤᠨ ᠴᠢᠬᠡᠴᠢ ᠪᠠᠷ ᠵᠠᠰᠠᠭ ᠪᠠᠷᠢᠭᠰᠠᠨ ᠮᠡᠳᠡᠭᠦᠯᠦᠯᠲᠡ ᠶᠢᠨ ᠭᠤᠣᠯ ᠠᠭᠤᠯᠭ᠎ᠠ ᠪᠠ ᠲᠤᠭ᠎ᠠ | ᠪᠠᠷᠢᠮᠲᠠ ᠨᠢ ᠤᠯᠤᠰ ᠲᠦ᠋ᠷᠦ ᠶᠢᠨ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠭᠡᠷ ᠪᠠ ᠬᠡᠷᠡᠭ | ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠪᠠᠷ ᠳᠠᠮᠵᠢᠭᠰᠠᠨ ᠪᠣᠯᠬᠤᠷ ᠡᠯ᠎ᠡ ᠠᠶᠢᠮᠠᠭ ᠬᠤᠲᠠ ᠭᠠᠵᠠᠷ ᠣᠷᠣᠨ ᠤ | ᠬᠤᠷᠢᠶ᠎ᠠ ᠶᠢᠨ 2015 ᠣᠨ ᠤ ᠠᠵᠢᠯ ᠤᠨ ᠪᠠᠶᠢᠳᠠᠯ ᠢ ᠨᠡᠯᠢᠶᠡᠳ ᠦᠨᠡᠨ ᠪᠣᠳᠠᠲᠠᠶ ᠵᠥᠪ ᠣᠨᠣᠪᠴᠢᠲᠠᠶ ᠪᠠᠷ | ᠲᠤᠰᠬᠠᠪᠠ᠃ | ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ | ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ᠂ ᠠᠷᠠᠳ ᠤᠨ ᠬᠢᠨᠠᠯᠲᠠ ᠲᠠᠯᠪᠢᠭᠴᠢ ᠶᠢ ᠤᠷᠢᠨ ᠵᠢᠯᠣᠭᠤᠳᠤᠭᠤᠯᠤᠭᠰᠠᠨ ᠪᠥᠭᠡᠳ ᠡᠯ᠎ᠡ | ᠠᠶᠢᠮᠠᠭ ᠬᠤᠲᠠ ᠭᠠᠵᠠᠷ ᠣᠷᠣᠨ ᠤ ᠬᠤᠷᠢᠶ᠎ᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠦᠨᠡᠯᠡᠨ ᠵᠥᠪᠯᠡᠪᠡ᠃ | ᠪᠠᠶᠢᠴᠠᠭᠠᠬᠤ ᠠᠵᠢᠯ ᠢ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠨᠡᠶᠢᠭᠡᠮ ᠤᠨ ᠡᠯ᠎ᠡ ᠡᠲᠡᠭᠡᠳ ᠲᠤ ᠪᠠᠶᠢᠴᠠᠭᠠᠬᠤ | ᠠᠵᠢᠯ ᠢ ᠪᠦᠬᠦ ᠲᠠᠯ᠎ᠠ ᠪᠠᠷ ᠣᠶᠢᠯᠠᠭᠠᠭᠤᠯᠵᠤ᠂ ᠲᠤᠰ ᠪᠡᠶ᠎ᠡ ᠶᠢᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ | ᠴᠢᠩᠭᠠᠳᠬᠠᠬᠤ ᠵᠣᠷᠢᠯᠭ᠎ᠠ ᠳᠤ ᠪᠠᠨ ᠦᠨᠡᠨᠬᠦ ᠬᠦᠷᠪᠡ᠃ | ᠡᠨᠡ ᠤᠳᠠᠭᠠᠨ ᠤ ᠬᠤᠷᠠᠯ ᠢ ᠬᠤᠶᠠᠷ ᠱᠠᠲᠤᠨ ᠤ ᠬᠠᠷᠠᠭᠠᠨ ᠲᠠᠪᠳᠠᠮᠵᠢᠳᠤ ᠬᠤᠷᠠᠯ ᠤᠨ ᠬᠡᠯᠪᠡᠷᠢ ᠪᠠᠷ | ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠳᠤᠷᠢᠳᠤᠯᠭ᠎ᠠ᠂ ᠲᠢᠩᠬᠢᠮ ᠤᠨ ᠳᠡᠰ ᠤᠨ | ᠺᠠᠳ᠋ᠷ ᠵᠢᠴᠢ ᠳᠣᠲᠣᠭᠠᠳᠤ ᠪᠠᠶᠢᠭᠤᠯᠤᠮᠵᠢ ᠶᠢᠨ ᠬᠠᠷᠢᠭᠤᠴᠠᠯᠭᠠᠲᠠᠳ ᠭᠤᠣᠯ ᠲᠠᠯᠠᠪᠠᠢ ᠶᠢᠨ ᠬᠤᠷᠠᠯ ᠳᠤ ᠣᠷᠣᠯᠴᠠᠵᠤ᠂ | ᠡᠯ᠎ᠡ ᠠᠶᠢᠮᠠᠭ ᠬᠤᠳᠠ ᠶᠢᠨ ᠬᠤᠪᠢᠶᠠᠷᠢ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠤᠳᠤᠷᠢᠳᠬᠤ ᠪᠠᠭ ᠤᠨ | ᠪᠦᠷᠢᠯᠳᠦᠬᠦᠨ ᠨᠡᠷ ᠪᠠ ᠳᠣᠲᠣᠭᠠᠳᠤ ᠪᠠᠶᠢᠭᠤᠯᠤᠮᠵᠢ ᠶᠢᠨ ᠬᠠᠷᠢᠭᠤᠴᠠᠯᠭᠠᠲᠠᠳ ᠬᠤᠪᠢᠶᠠᠷᠢ ᠲᠠᠯᠠᠪᠠᠢ ᠶᠢᠨ ᠬᠤᠷᠠᠯ ᠳᠤ | ᠣᠷᠣᠯᠴᠠᠵᠠᠶ᠃ |