| | 2 ᠳ᠋ᠤᠭᠠᠷ ᠰᠠᠷ᠎ᠠ ᠶᠢᠨ 15 ᠤ ᠡᠳᠦᠷ ᠠᠴᠠ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠲᠢᠩᠬᠢᠮ ᠠᠴᠠ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ | ᠬᠤᠷᠠᠯᠳᠤᠭᠤᠯᠵᠤ᠂ ᠪᠠᠶᠢᠭᠤᠯᠭ᠎ᠠ ᠶᠢᠨ 18 ᠰᠠᠯᠠᠭ᠎ᠠ ᠮᠥᠴᠢᠷ ᠪᠠ 5 ᠠᠵᠢᠯ ᠦᠢᠯᠡᠰ ᠤᠨ ᠨᠢᠭᠡᠴᠡ ᠶᠢᠨ 2015 | ᠣᠨ ᠤ ᠠᠵᠢᠯ ᠤᠨ ᠪᠠᠶᠢᠳᠠᠯ ᠵᠢᠴᠢ 2016 ᠣᠨ ᠤ ᠠᠵᠢᠯ ᠤᠨ ᠲᠣᠬᠢᠷᠠᠭᠤᠯᠤᠯᠲᠠ ᠶᠢᠨ ᠬᠠᠷᠢᠭᠤ | ᠮᠡᠳᠡᠭᠦᠯᠦᠯᠲᠡ ᠶᠢ ᠰᠣᠨᠤᠰᠤᠭᠠᠳ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠴᠠ ᠦᠨᠡᠯᠡᠯᠲᠡ ᠬᠢᠭᠰᠡᠨ | ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠱᠦᠵᠢ ᠵᠠᠩ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠥᠪᠡᠷᠲᠡᠭᠡᠨ ᠵᠠᠰᠠᠬᠤ | ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠲᠢᠩᠬᠢᠮ ᠤᠨ | ᠳᠠᠷᠤᠭ᠎ᠠ ᠯᠢ ᠵᠢᠶᠧ ᠬᠤᠷᠠᠯ ᠡᠷᠭᠢᠯᠡᠪᠡ᠃ | ᠵᠠᠩ ᠯᠢ ᠵᠢᠭᠠᠵᠤ ᠭᠠᠷᠭᠠᠭᠰᠠᠨ ᠨᠢ᠂ ᠡᠷᠬᠡ ᠲᠤᠰᠢᠶᠠᠯ ᠢᠶᠠᠨ ᠬᠤᠪᠢᠷᠠᠭᠤᠯᠬᠤ᠂ ᠠᠷᠭ᠎ᠠ ᠮᠠᠶ᠋ᠢᠭ ᠢᠶᠠᠨ | ᠬᠤᠪᠢᠷᠠᠭᠤᠯᠬᠤ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ ᠪᠣᠯ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠶᠢᠨ ᠵᠣᠭᠰᠤᠰᠢ ᠦᠭᠡᠢ ᠮᠥᠩᠬᠡ ᠶᠢᠨ ᠰᠡᠳᠦᠪ ᠮᠥᠨ᠃ ︽ᠰᠠᠬᠢᠯᠭ᠎ᠠ ᠪᠠᠲᠤ ᠶᠢ ᠡᠮᠦᠨ᠎ᠡ | ᠨᠢ ᠲᠠᠯᠪᠢᠬᠤ︾ ᠶᠢ ᠪᠠᠷᠢᠮᠳᠠᠯᠠᠵᠤ᠂ ︽ᠲᠦᠷᠪᠡᠨ ᠵᠦᠢᠯ ᠤᠨ ᠬᠡᠯᠪᠡᠷᠢ︾ ᠪᠠᠷ ᠬᠢᠨᠠᠯᠲᠠ ᠲᠠᠯᠪᠢᠵᠤ ᠰᠠᠬᠢᠯᠭ᠎ᠠ ᠪᠠᠲᠤ | ᠬᠡᠷᠡᠭᠵᠢᠭᠦᠯᠬᠦ ᠶᠢ ᠶᠡᠷᠦᠩᠬᠡᠶᠢᠯᠡᠨ ᠬᠡᠷᠡᠭᠯᠡᠬᠦ ᠨᠢ ︽ᠭᠤᠷᠪᠠᠨ ᠬᠤᠪᠢᠷᠠᠭᠤᠯᠤᠯᠲᠠ︾ ᠶᠢ ᠦᠷᠭᠦᠯᠵᠢᠯᠡᠨ | ᠭᠦᠨᠵᠡᠭᠡᠶᠢᠷᠡᠭᠦᠯᠦᠭᠰᠡᠨ ᠶᠠᠪᠤᠳᠠᠯ ᠪᠣᠯᠤᠨ᠎ᠠ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠨᠤᠭᠤᠳ ᠲᠥᠪ ᠤᠨ ︽ᠭᠤᠷᠪᠠᠨ ᠬᠤᠪᠢᠷᠠᠭᠤᠯᠤᠯᠲᠠ︾ ᠶᠢ ᠦᠷᠭᠦᠯᠵᠢᠯᠡᠨ ᠭᠦᠨᠵᠡᠭᠡᠶᠢᠷᠡᠭᠦᠯᠬᠦ | ᠱᠠᠭᠠᠷᠳᠠᠯᠭ᠎ᠠ ᠶᠣᠰᠤᠭᠠᠷ᠂ ︽ᠭᠤᠷᠪᠠᠨ ᠬᠤᠪᠢᠷᠠᠭᠤᠯᠤᠯᠲᠠ︾ ᠶᠢ ᠰᠡᠳᠭᠢᠯ ᠠᠴᠠ ᠪᠠᠨ ᠬᠦᠨᠳᠦᠳᠬᠡᠨ᠂ ᠪᠣᠳᠠᠲᠠᠶ | ᠠᠵᠢᠯ ᠤᠨ ᠦᠢᠯᠡᠳᠦᠯᠭᠡ ᠳᠡᠭᠡᠨ ᠨᠠᠶᠢᠳᠠᠪᠤᠷᠢᠵᠢᠭᠤᠯᠵᠤ᠂ ︽ᠰᠡᠳᠬᠢᠯ ᠳᠡᠭᠡᠨ ᠬᠠᠳᠠᠵᠤ᠂ ᠠᠵᠢᠯᠯᠠᠭᠠᠨ ᠳᠤ ᠪᠠᠨ | ᠪᠡᠶᠡᠯᠡᠭᠦᠯᠬᠦ︾ ᠬᠡᠷᠡᠭᠲᠡᠢ᠃ ᠵᠦᠪ ᠣᠨᠤᠪᠴᠢᠲᠠᠢ ᠴᠢᠭᠯᠡᠯ ᠤᠨ ᠰᠡᠷᠡᠯ ᠢ ᠪᠣᠢ ᠪᠣᠯᠭᠠᠵᠤ᠂ ᠰᠠᠬᠢᠯᠭ᠎ᠠ ᠪᠠᠲᠤ ᠶᠢ | ᠴᠢᠩᠭ᠎ᠠ ᠬᠠᠮᠢᠶᠠᠷᠬᠤ ᠪᠠᠷ ᠴᠢᠭᠯᠡᠯ ᠪᠣᠯᠭᠠᠨ᠂ ᠰᠠᠬᠢᠯᠭ᠎ᠠ ᠪᠠᠲᠤ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠡᠯ᠎ᠡ ᠵᠦᠢᠯ ᠤᠨ ᠠᠵᠢᠯ ᠤᠨ ᠬᠠᠮᠤᠭ ᠤᠨ ᠡᠮᠦᠨ᠎ᠡ ᠲᠠᠯᠪᠢᠬᠤ ᠬᠡᠷᠡᠭᠲᠡᠢ︔ ᠲᠥᠪ ᠴᠢᠩᠭ᠎ᠠ ᠨᠠᠮ ᠤᠨ ᠲᠦᠷᠢᠮ ᠤᠨ | ᠤᠬᠠᠮᠰᠠᠷ ᠢ ᠪᠤᠢ ᠪᠣᠯᠭᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠡᠭᠦᠷᠭᠡ ᠬᠠᠷᠢᠭᠤᠴᠠᠯᠭ᠎ᠠ ᠶᠢ ᠨᠠᠮ ᠤᠨ | ᠲᠦᠷᠢᠮ ᠢᠶᠠᠷ ᠶᠠᠪᠤᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ︔ ᠵᠥᠪ ᠣᠨᠤᠪᠴᠢᠲᠠᠢ ᠠᠮᠵᠢᠯᠲᠠ ᠪᠦᠲᠦᠮᠵᠢ ᠶᠢᠨ | ᠦᠵᠡᠯᠲᠡ ᠶᠢ ᠪᠤᠢ ᠪᠣᠯᠭᠠᠵᠤ᠂ ︽ᠮᠣᠳᠣ ᠪᠠ ᠰᠢᠭᠤᠶ︾ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠨ᠂ ᠴᠥᠭᠡᠨ | ᠲᠣᠭᠠᠨ ᠤ ᠢᠯᠵᠠᠷᠠᠮᠠᠯ ᠡᠲᠡᠭᠡᠳ ᠢ ᠰᠢᠳᠬᠡᠬᠦ ᠶᠢᠨ ᠲᠥᠯᠥᠭᠡ ᠬᠠᠷᠢᠨ ᠣᠯᠠᠩᠬᠢ ᠲᠣᠭᠠᠨ ᠤ ᠨᠠᠮ ᠤᠨ ᠭᠡᠰᠢᠭᠦᠨ | ᠺᠠᠳ᠋ᠷᠴᠤᠳ ᠢ ᠬᠠᠮᠢᠶᠠᠷᠬᠤ ᠬᠢᠨᠠᠯᠲᠠ ᠲᠠᠯᠪᠢᠬᠤ ᠠᠵᠢᠯ ᠢ ᠬᠦᠩᠭᠡᠪᠴᠢᠯᠡᠵᠦ ᠪᠣᠯᠬᠤ ᠦᠭᠡᠢ ᠭᠡᠪᠡ᠃ | ᠵᠠᠩ ᠯᠢ ᠴᠢᠬᠤᠯᠠᠴᠢᠯᠠᠭᠰᠠᠨ ᠨᠢ᠂ ᠰᠢᠨ᠎ᠡ ᠪᠠᠶᠢᠳᠠᠯ ᠪᠠ ᠡᠭᠦᠷᠭᠡ ᠳᠤ ᠬᠠᠨᠳᠤᠭᠤᠯᠤᠨ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ︽ᠴᠢᠳᠠᠪᠤᠷᠢ ᠶᠢᠨ ᠠᠶᠢᠳᠠᠰ︾ ᠤᠨ ᠦᠵᠡᠯ ᠤᠬᠠᠮᠰᠠᠷ ᠲᠠᠢ ᠪᠠᠶᠢᠵᠤ | ᠂ ᠰᠢᠷᠭᠠᠭᠤ ᠰᠤᠷᠤᠯᠴᠠᠨ᠂ ᠴᠢᠳᠠᠮᠠᠭᠠᠶ ᠰᠡᠳᠬᠢᠨ᠂ ᠵᠣᠷᠢᠭᠲᠠᠶ ᠪᠠᠷ ᠦᠢᠯᠡᠳᠦᠯᠭᠡᠵᠢᠭᠦᠯᠵᠦ᠂ ᠬᠡᠪ ᠴᠢᠨᠠᠷ ᠢᠶᠠᠨ | ᠳᠡᠭᠡᠭᠰᠢᠯᠡᠭᠦᠯᠬᠦ᠂ ᠴᠢᠳᠠᠪᠤᠷᠢ ᠪᠠᠨ ᠪᠣᠯᠪᠠᠰᠤᠷᠠᠭᠤᠯᠬᠤ ᠶᠢ ᠴᠢᠬᠤᠯᠠᠴᠢᠯᠠᠬᠤ ᠬᠡᠷᠡᠭᠲᠡᠢ︔ ᠦᠪᠡᠷ ᠤᠨ ᠠᠵᠢᠯ ᠤᠨ | ᠪᠠᠶᠢᠷᠢ ᠶᠢᠨ ᠢᠶᠠᠨ ᠬᠡᠷᠡᠭ ᠶᠠᠪᠤᠳᠠᠯ ᠢ ᠪᠣᠳᠤᠯᠬᠢᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠠ ᠬᠠᠷᠢᠭᠤᠴᠠᠬᠤ | ᠠᠵᠢᠯ ᠢᠶᠠᠨ ᠭᠦᠨᠵᠡᠭᠡᠶ ᠣᠶᠢᠯᠠᠭᠠᠵᠤ᠂ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠨᠢ ᠦᠨᠳᠦᠰᠦᠨ | ᠱᠠᠲᠤᠨ ᠤ ︽ᠭᠤᠷᠪᠠᠨ ᠬᠤᠪᠢᠷᠠᠭᠤᠯᠤᠯᠲᠠ︾ ᠶᠢ ᠭᠦᠨᠵᠡᠭᠡᠶᠢᠷᠡᠭᠦᠯᠬᠦ ᠠᠵᠢᠯ ᠢᠶᠠᠷ ᠭᠤᠣᠯᠳᠠᠯᠭ᠎ᠠ ᠪᠣᠯᠭᠠᠵᠤ᠂ ᠲᠤᠰ | ᠲᠤᠰ ᠤᠨ ᠡᠷᠬᠡ ᠲᠤᠰᠢᠶᠠᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ︽ᠭᠤᠷᠪᠠᠨ | ᠬᠤᠪᠢᠷᠠᠭᠤᠯᠤᠯᠲᠠ︾ ᠶᠢ ᠭᠦᠨᠵᠡᠭᠡᠶᠢᠷᠡᠭᠦᠯᠦᠯᠲᠡ ᠶᠢ ᠵᠣᠬᠢᠶᠠᠨ ᠪᠠᠶᠢᠭᠤᠯᠵᠤ ᠤᠳᠤᠷᠢᠳᠬᠤ ᠪᠠ ᠰᠢᠮᠳᠠᠭᠤᠯᠤᠨ | ᠪᠠᠶᠢᠴᠠᠭᠠᠬᠤ ᠪᠠᠨ ᠴᠢᠩᠭᠠᠳᠬᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ︽ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠦᠨᠳᠦᠰᠦᠨ ᠱᠠᠲᠤᠨ ᠤ ᠰᠠᠭᠤᠷᠢ ᠶᠢ | ᠪᠠᠬᠢᠵᠢᠭᠦᠯᠦᠨ ᠳᠡᠭᠡᠭᠰᠢᠯᠡᠭᠦᠯᠬᠦ ᠵᠢᠯ︾ ᠤᠨ ᠠᠵᠢᠯᠯᠠᠭ᠎ᠠ ᠶᠢ ᠰᠠᠶᠢᠲᠤᠷ ᠠᠳᠬᠤᠬᠤ ᠬᠡᠷᠡᠭᠲᠡᠢ︔ ᠪᠠᠶᠢᠴᠠᠭᠠᠨ | ᠰᠤᠳᠤᠯᠤᠯᠲᠠ ᠪᠠᠨ ᠭᠦᠨᠵᠡᠭᠡᠶᠢᠷᠡᠭᠦᠯᠦᠨ᠂ ᠪᠠᠶᠢᠳᠠᠯ ᠢ ᠪᠦᠷᠢᠨ ᠤᠶᠢᠯᠭᠠᠨ᠂ ᠠᠰᠠᠭᠤᠳᠠᠯ ᠢ ᠣᠨᠣᠪᠴᠢᠲᠠᠶ ᠡᠷᠢᠵᠦ᠂ | ᠠᠯᠬᠤᠮ ᠠᠯᠬᠤᠮ ᠢᠶᠠᠷ ᠠᠵᠢᠯ ᠢᠶᠠᠨ ᠪᠣᠳᠠᠲᠠᠶᠢᠵᠢᠭᠤᠯᠤᠨ ᠨᠠᠷᠢᠯᠢᠭᠵᠢᠭᠤᠯᠬᠤ ᠪᠠ ᠭᠦᠨᠵᠡᠭᠡᠶᠢᠷᠡᠭᠦᠯᠵᠦ᠂ ︽ᠭᠤᠷᠪᠠᠨ | ᠬᠤᠪᠢᠷᠠᠭᠤᠯᠤᠯᠲᠠ︾ ᠶᠢᠨ ᠱᠠᠭᠠᠷᠳᠠᠯᠭ᠎ᠠ ᠶᠢ ᠦᠨᠳᠦᠰᠦᠨ ᠱᠠᠲᠤᠨ ᠳᠤ ᠦᠨᠡᠨᠬᠦ ᠪᠣᠳᠠᠲᠠᠶ ᠨᠠᠶᠢᠳᠠᠪᠤᠷᠢᠵᠢᠭᠤᠯᠬᠤ | ᠬᠡᠷᠡᠭᠲᠡᠶ ᠭᠡᠪᠡ᠃ |