2015 ᠣᠨ ᠳᠤ᠂ ᠰᠢᠯᠢ ᠶᠢᠨ ᠭᠤᠣᠯ ᠠᠶᠢᠮᠠᠭ ᠵᠢᠵᠢᠭ ᠪᠢᠴᠢᠯ ᠠᠵᠤ ᠠᠬᠤᠶᠢᠯᠠᠯ ᠤᠨ ᠦᠷᠳᠡᠭ | ᠨᠡᠮᠡᠭᠳᠡᠯ ᠤᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠᠷ ᠭᠠᠶᠢᠯᠢ | ᠲᠤᠰᠢᠶᠠᠬᠤ ᠦᠢᠯᠡᠴᠢᠯᠡᠭᠡ ᠶᠢ ᠰᠢᠯᠢᠳᠡᠭᠵᠢᠭᠦᠯᠵᠤ᠂ ︽ᠬᠠᠪᠤᠷ ᠤᠨ ᠰᠠᠯᠬᠢᠨ ᠤ ᠠᠵᠢᠯᠯᠠᠭ᠎ᠠ︾ ᠶᠢᠨ ᠴᠢᠬᠤᠯᠠ ᠶᠡᠭᠡ | ᠰᠢᠪᠲᠤᠯᠤᠯᠲᠠ ᠶᠢ ᠭᠦᠨᠵᠡᠭᠡᠶ ᠥᠷᠨᠢᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠬᠠᠷᠠᠭᠠᠯᠵᠠᠯ ᠤᠨ ᠲᠥᠷᠥ ᠶᠢᠨ | ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠬᠢᠪᠡ᠃ | ᠪᠦᠬᠦ ᠵᠢᠯ ᠳᠤ ᠰᠢᠯᠢ ᠶᠢᠨ ᠭᠤᠣᠯ ᠠᠶᠢᠮᠠᠭ ᠤᠨ ᠤᠯᠤᠰ ᠤᠨ ᠭᠠᠶᠢᠯᠢ ᠶᠢᠨ ᠰᠠᠯᠠᠭ᠎ᠠ ᠮᠥᠴᠢᠷ ᠰᠢᠯᠢ ᠶᠢᠨ | ᠭᠤᠣᠯ ᠠᠶᠢᠮᠠᠭ ᠤᠨ 55587 ᠡᠷᠦᠬᠡ ᠵᠢᠵᠢᠭ ᠪᠢᠴᠢᠯ ᠠᠵᠤ ᠠᠬᠤᠶᠢᠯᠠᠯ ︵ᠡᠭᠦᠨ ᠳᠤ ᠬᠤᠪᠢ ᠶᠢᠨ ᠡᠷᠦᠬᠡ | ᠪᠠᠭᠲᠠᠨ᠎ᠠ︶ ᠤᠨ ᠦᠷᠳᠡᠭ ᠨᠡᠮᠡᠭᠳᠡᠯ ᠤᠨ ᠭᠠᠶᠢᠯᠢ ᠶᠢ 1.3 ᠳ᠋ᠦᠩᠰᠢᠭᠤᠷ ᠲᠥᠭᠦᠷᠢᠭ ᠬᠥᠩᠭᠡᠷᠡᠭᠦᠯᠵᠦ | ᠬᠡᠯᠲᠦᠷᠢᠭᠦᠯᠪᠡ᠂ ᠲᠤᠰ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠬᠠᠮᠤᠷᠬᠤ ᠬᠦᠷᠢᠶ᠎ᠡ | ᠬᠡᠪᠴᠢᠶ᠎ᠡ ᠨᠢ ᠪᠦᠬᠦᠶᠢᠯᠡ ᠪᠠᠭ᠎ᠠ ᠬᠡᠪᠴᠢᠶᠡᠲᠦ ᠭᠠᠶᠢᠯᠢ ᠲᠤᠰᠢᠶᠠᠭᠴᠢ ᠶᠢᠨ 98.66% ᠶᠢ ᠡᠵᠡᠯᠡᠵᠦ᠂ ᠵᠢᠵᠢᠭ | ᠪᠢᠴᠢᠯ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠳᠠᠷᠤᠭᠠᠰᠤ ᠶᠢ ᠪᠦᠲᠦᠮᠵᠢᠲᠡᠶ ᠪᠠᠷ ᠬᠥᠩᠭᠡᠷᠡᠭᠦᠯᠪᠡ᠃ |