ᠡᠷᠢᠶᠡᠨ ᠬᠤᠳᠠ ᠴᠠᠬᠢᠯᠭᠠᠨ ᠱᠠᠲᠤ ᠵᠡᠷᠭᠡ ᠣᠨᠴᠠ ᠲᠦᠷᠦᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2016/2/18
     ᠴᠠᠬᠢᠯᠭᠠᠨ ᠱᠠᠲᠤ ᠵᠡᠷᠭᠡ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠶᠢᠨ ᠲᠤᠰᠠᠳᠠ᠂ ᠣᠶᠢᠷ᠎ᠠ ᠳᠤ᠂ ᠡᠷᠢᠶᠡᠨ ᠬᠤᠲᠠ ᠶᠢᠨ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠣᠨᠴᠠ ᠲᠦᠷᠦᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠦᠷᠨᠢᠭᠦᠯᠪᠡ᠃      ᠲᠤᠰ ᠲᠣᠪᠴᠢᠶ᠎ᠠ ᠬᠤᠳᠠᠯᠳᠤᠭ᠎ᠠ᠂ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠤᠷᠠᠨ ᠴᠤᠭᠯᠠᠷᠠᠳᠠᠭ ᠲᠠᠯᠠᠪᠤᠷ ᠤᠨ ᠬᠡᠷᠡᠭᠯᠡᠵᠦ ᠪᠠᠶᠢᠭ᠎ᠠ 51 ᠴᠠᠬᠢᠯᠭᠠᠨ ᠱᠠᠲᠤ ᠵᠢᠴᠢ 8 ᠠᠭᠤᠷ ᠤᠨ ᠵᠤᠤᠬ᠎ᠠ ᠬᠡᠷᠡᠭᠯᠡᠬᠦ ᠨᠢᠭᠡᠴᠡ ᠳᠤ ᠭᠤᠣᠯᠳᠠᠯᠭ᠎ᠠ ᠲᠠᠢ ᠲᠠᠯᠳᠠ ᠭᠡᠮ ᠤᠨ ᠵᠢᠭᠰᠠᠭᠠᠨ ᠪᠠᠶᠢᠴᠠᠭᠠᠯᠲᠠ ᠦᠷᠨᠢᠭᠦᠯᠵᠦ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠮᠤᠷ ᠲᠦᠪᠰᠢᠨ ᠤ ᠲᠠᠯᠳᠠ ᠭᠡᠮ᠂ ᠠᠵᠢᠯᠯᠠᠭᠤᠯᠬᠤ ᠠᠵᠢᠯᠳᠠᠨ ᠦᠨᠡᠮᠯᠡᠯ ᠦᠬᠡᠢ ᠪᠠᠷ ᠠᠵᠢᠯ ᠤᠨ ᠪᠠᠶᠢᠷᠢ ᠎ ᠳᠤ ᠭᠠᠷᠬᠤ ᠵᠡᠷᠭᠡ ᠠᠰᠠᠭᠤᠳᠠᠯ ᠳᠤ ᠴᠢᠭᠯᠡᠭᠦᠯᠦᠨ᠂ ︽ᠣᠨᠴᠠ ᠲᠦᠷᠦᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠵᠠᠷᠯᠢᠭ ᠪᠢᠴᠢᠭ︾᠎ ᠶᠢ 10 ᠬᠤᠪᠢ ᠲᠠᠷᠬᠠᠭᠠᠵᠤ᠂ ᠬᠡᠷᠡᠭᠯᠡᠬᠦ ᠨᠢᠭᠡᠴᠡ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠲᠤᠰ ᠬᠤᠲᠠ ᠶᠢᠨ ᠣᠨᠴᠠ ᠲᠦᠷᠦᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号