ᠥᠪᠥᠷ ᠮᠣᠩᠭᠤᠯ ᠤᠨ ᠠᠰᠫᠢᠷᠠᠨᠲ ᠰᠢᠯᠭᠠᠭᠤᠯᠤᠭᠰᠠᠳ ᠤᠨ ᠠᠩᠬᠠᠨ ᠤ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠪᠡ    ᠸᠢᠴᠠᠲ ᠢᠶᠠᠷ ᠪᠠᠶᠢᠴᠠᠭᠠᠨ ᠯᠠᠪᠯᠠᠵᠤ ᠪᠣᠯᠤᠨ᠎ᠠ
ᠨᠡᠶᠢᠲᠡᠯᠡᠭᠰᠡᠨ ᠴᠠᠭ᠄
2016/2/18
      ᠮᠠᠨ ᠤ ᠣᠷᠣᠨ ᠤ 2016 ᠣᠨ ᠤ ᠪᠦᠬᠦ ᠤᠯᠤᠰ ᠤᠨ ᠠᠰᠫᠢᠷᠠᠨᠲ ᠤᠨ ᠨᠢᠭᠡᠳᠦᠯᠲᠡᠶ ᠰᠢᠯᠭᠠᠨ ᠡᠯᠰᠡᠬᠦ ᠰᠢᠯᠭᠠᠯᠲᠠ ︵ᠠᠩᠬᠠᠨ ᠤ ᠰᠢᠯᠭᠠᠯᠲᠠ︶᠎ ᠶᠢᠨ ᠰᠢᠯᠭᠠᠯᠲᠠ ᠬᠢᠨᠠᠬᠤ ᠠᠵᠢᠯ ᠨᠢᠭᠡᠨᠲᠡ ᠳᠠᠭᠤᠰᠴᠤ᠂ 2 ᠳ᠋ᠤᠭᠠᠷ ᠰᠠᠷ᠎ᠠ ᠶᠢᠨ 16᠎ ᠤ ᠡᠳᠦᠷ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠪᠡ᠂ ᠮᠠᠨ ᠤ ᠣᠷᠣᠨ ᠤ ᠬᠠᠷᠢᠶᠠᠲᠤ ᠨᠡᠷ᠎ᠡ ᠮᠡᠳᠡᠭᠦᠯᠦᠨ ᠰᠢᠯᠭᠠᠭᠤᠯᠤᠭᠰᠠᠨ ᠰᠤᠷᠤᠭᠴᠢᠳ ᠸᠢᠴᠠᠲ᠂ ᠰᠦᠯᠵᠢᠶᠡᠨ ᠦᠷᠲᠡᠭᠡ ᠵᠡᠷᠭᠡ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠨ ᠬᠢᠷᠢ ᠪᠦᠲᠦᠮᠵᠢ ᠪᠠᠨ ᠠᠰᠠᠭᠤᠨ ᠯᠠᠪᠯᠠᠵᠤ ᠪᠣᠯᠤᠨ᠎ᠠ᠃ ᠰᠢᠯᠭᠠᠭᠰᠠᠳ ᠬᠡᠷᠪᠡ ᠥᠪᠡᠷ ᠤᠨ ᠬᠢᠷᠢ ᠪᠦᠲᠦᠮᠵᠢ ᠳᠡᠭᠡᠨ ᠣᠨᠳᠣᠣ ᠰᠠᠨᠠᠯ ᠲᠠᠢ ᠪᠠᠶᠢᠪᠠᠯ᠂ ᠪᠦᠬᠦ ᠤᠯᠤᠰ ᠤᠨ ᠨᠢᠭᠡᠳᠦᠯᠲᠡᠶ ᠰᠢᠯᠭᠠᠭᠤᠯᠬᠤ ᠬᠢᠴᠢᠶᠡᠯ ᠲᠦᠷᠦᠯ ᠢᠶᠠᠨ 2 ᠳ᠋ᠤᠭᠠᠷ ᠰᠠᠷ᠎ᠠ ᠶᠢᠨ 25᠎ ᠤ ᠡᠳᠦᠷ ᠠᠴᠠ 29᠎ ᠤ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠰᠢᠯᠭᠠᠯᠲᠠ ᠶᠢᠨ ᠬᠠᠭᠤᠳᠠᠰᠤ ᠎ ᠪᠠᠨ ᠳᠠᠪᠲᠠᠨ ᠪᠠᠶᠢᠴᠠᠭᠠᠯᠭᠠᠬᠤ ᠭᠤᠶᠤᠴᠢᠯᠠᠯ ᠢᠶᠠᠨ ᠲᠤᠰᠢᠶᠠᠵᠤ᠂ ᠦᠪᠡᠷ ᠢᠶᠠᠨ ᠨᠤᠲᠠᠯᠠᠭ᠎ᠠ ᠶᠢᠨ ᠬᠢᠴᠢᠶᠡᠯ ᠲᠦᠷᠦᠯ ᠢᠶᠠᠨ ᠨᠡᠷ᠎ᠡ ᠮᠡᠳᠡᠭᠦᠯᠦᠭᠰᠡᠨ ᠰᠤᠷᠤᠭᠴᠢ ᠡᠯᠰᠡᠬᠦ ᠨᠢᠭᠡᠴᠡ ᠲᠠᠢ ᠪᠠᠨ ᠴᠠᠭ ᠳᠠᠷᠤᠶ ᠳᠤᠨᠢ ᠬᠠᠷᠢᠯᠴᠠᠵᠤ ᠳᠠᠪᠲᠠᠨ ᠪᠠᠶᠢᠴᠠᠯᠭᠠᠬᠤ ᠪᠣᠯᠪᠠᠤ᠃ 2016 ᠣᠨ ᠤ ᠪᠦᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠶᠢᠨ ᠬᠤᠶᠠᠳᠠᠬᠢ ᠰᠢᠯᠭᠠᠯᠲᠠ ᠳᠤ ᠣᠷᠤᠭᠰᠠᠨ ᠰᠢᠯᠭᠠᠭᠰᠠᠳ ᠤᠨ ᠠᠩᠬᠠᠨ ᠤ ᠰᠢᠯᠭᠠᠯᠲᠠ ᠶᠢᠨ ᠬᠢᠷᠢ ᠪᠦᠲᠦᠮᠵᠢ ᠶᠢᠨ ᠦᠨᠳᠦᠰᠦᠨ ᠱᠠᠭᠠᠷᠳᠠᠯᠭ᠎ᠠ ᠶᠢ ᠰᠤᠷᠭᠠᠨ ᠬᠥᠮᠦᠵᠢᠯ ᠤᠨ ᠶᠠᠮᠤᠨ ᠠᠴᠠ ᠨᠢᠭᠡᠳᠦᠯᠲᠡᠶ ᠲᠣᠭᠲᠠᠭᠠᠵᠤ᠂ ᠵᠢᠱᠢᠯᠲᠡ ᠪᠠᠷ 3 ᠳ᠋ᠤᠭᠠᠷ ᠰᠠᠷ᠎ᠠ ᠳᠤ ᠨᠡᠶᠢᠲᠡᠯᠡᠨ᠎ᠡ᠂ ᠬᠤᠶᠠᠳᠡᠬᠢ ᠰᠢᠯᠭᠠᠯᠲᠠ ᠶᠢᠨ ᠠᠵᠢᠯ ᠢ 4 ᠳ᠋ᠦ᠋ᠭᠡᠷ ᠰᠠᠷ᠎ᠠ ᠠᠴᠠ ᠡᠬᠢᠯᠡᠵᠦ᠂ ᠡᠯᠰᠡᠬᠦ ᠠᠵᠢᠯ ᠢ ᠵᠢᠱᠢᠯᠲᠡ ᠪᠠᠷ 5 ᠳ᠋ᠦ᠋ᠭᠡᠷ ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号