| 2016 ᠣᠨ ᠤ 2 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠳᠡᠳ᠋ ᠲᠡᠷᠢᠭᠦᠯᠡᠭᠴᠢ ᠸᠠᠩ ᠪᠦᠸᠧ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ | ᠨᠠᠷᠢᠨ ᠪᠢᠴᠢᠭ ᠤᠨ ᠳᠠᠷᠤᠭ᠎ᠠ ᠼᠣᠣ ᠰᠢᠶᠣᠣ ᠪᠢᠨ ᠨᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠳᠤ ᠬᠦᠷᠴᠦ ᠠᠵᠢᠯ ᠵᠢᠯᠣᠭᠤᠳᠪᠠ᠃ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠢ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ | ᠸᠠᠩ ᠪᠦᠸᠧ ᠨᠠᠷ ᠲᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ | ᠦᠨᠳᠦᠰᠦᠨ ᠪᠠᠶᠢᠳᠠᠯ᠂ 2015 ᠣᠨ ᠤ ᠠᠵᠢᠯ ᠶᠢᠨ ᠪᠡᠶᠡᠯᠡᠭᠦᠯᠦᠭᠰᠡᠨ ᠪᠠᠶᠢᠳᠠᠯ᠂ 2016 ᠣᠨ ᠤ ᠠᠵᠢᠯ ᠤᠨ | ᠲᠣᠬᠢᠷᠠᠭᠤᠯᠭ᠎ᠠ ᠵᠢᠴᠢ ᠬᠦᠴᠦᠯᠡᠨ ᠠᠬᠢᠭᠤᠯᠵᠤ ᠪᠠᠶᠢᠭ᠎ᠠ ᠬᠡᠳᠦᠨ ᠵᠦᠢᠯ ᠤᠨ ᠠᠵᠢᠯ ᠢᠶᠠᠨ ᠨᠠᠷᠢᠨ ᠲᠣᠳᠣᠷᠬᠠᠢ | ᠮᠡᠳᠡᠭᠦᠯᠪᠡ᠃ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠳᠡᠳ᠋ ᠲᠡᠷᠢᠭᠦᠯᠡᠭᠴᠢ ᠸᠠᠩ ᠪᠦᠸᠧ ᠣᠷᠣᠨ | ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ 2015 ᠣᠨ ᠤ ᠠᠵᠢᠯ ᠢ ᠭᠦᠢᠴᠡᠳ ᠨᠤᠲᠠᠯᠠᠭᠰᠠᠨ | ᠪᠦᠭᠡᠳ ᠥᠭᠡᠷᠡᠴᠢᠯᠡᠯᠲᠡ ᠪᠠᠨ ᠦᠷᠭᠦᠯᠵᠢᠯᠡᠨ ᠭᠦᠨᠵᠡᠭᠡᠶᠢᠷᠡᠭᠦᠯᠬᠦ᠂ ᠪᠦᠲᠦᠭᠦᠯᠢᠭ ᠣᠷᠣᠨ ᠰᠠᠭᠤᠴᠠᠲᠤ ᠲᠣᠭᠤᠷᠢᠭ ᠢ | ᠰᠢᠨᠡᠳᠬᠡᠨ ᠵᠠᠰᠠᠬᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠪᠠ ᠪᠠᠷᠢᠯᠭ᠎ᠠ ᠶᠢᠨ ᠦᠢᠯᠡᠰ ᠤᠨ | ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠲᠣᠳᠣᠷᠬᠠᠢ ᠵᠢᠭᠠᠪᠤᠷᠢ ᠥᠭᠴᠦ᠂ ᠪᠣᠲᠠᠲᠠᠢ ᠱᠠᠭᠠᠷᠳᠠᠯᠭ᠎ᠠ | ᠳᠤᠷᠠᠳᠪᠠ᠃ |