ᠤᠶᠢᠷ᠎ᠠ ᠳᠤ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤ ᠳᠠᠷᠬᠠᠨ ᠰᠤᠮᠤ ᠶᠢᠨ ᠡᠷᠳᠡᠨᠢ ᠤᠪᠤᠭ᠎ᠠ | ᠭᠠᠴᠠᠭ᠎ᠠ ᠳᠤ ᠤᠷᠲᠦ ᠴᠠᠭᠠᠨ ᠬᠡᠷᠡᠮ ᠤᠨ ᠲᠡᠤᠭᠡᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠷᠲᠡᠭᠡ ᠪᠠᠶᠢᠭᠤᠯᠪᠠ᠃ | ᠡᠨᠡ ᠨᠢ ᠲᠤᠰ ᠬᠤᠰᠢᠭᠤ ᠶᠢᠨ ᠤᠷᠲᠤ ᠴᠠᠭᠠᠨ ᠬᠡᠷᠡᠮ ᠢ ᠬᠠᠮᠠᠭᠠᠯᠠᠬᠤ ᠠᠵᠢᠯ ᠤᠨ ᠲᠠᠯ᠎ᠠ ᠪᠠᠷ ᠬᠢ ᠪᠠᠰᠠ ᠨᠢᠭᠡᠨ | ᠴᠢᠬᠤᠯᠠ ᠶᠡᠭᠡ ᠠᠷᠭ᠎ᠠ ᠬᠡᠮᠵᠢᠶ᠎ᠡ ᠪᠤᠯᠤᠨ᠎ᠠ᠃ | ᠤᠷᠲᠤ ᠴᠠᠭᠠᠨ ᠬᠡᠷᠡᠮ ᠪᠤᠯ ᠳᠤᠮᠳᠠᠲᠤ ᠤᠯᠤᠰ ᠤᠨ ᠲᠡᠤᠭᠡᠨ ᠳᠠᠬᠢ ᠠᠭᠤᠤ ᠶᠡᠭᠡ ᠪᠠᠷᠢᠯᠭ᠎ᠠ ᠶᠢᠨ | ᠢᠨᠵᠧᠨᠧᠷᠢᠩ ᠮᠦᠨ᠂ ᠳᠤᠮᠳᠠᠲᠤ ᠤᠯᠤᠰ ᠲᠤ ᠤᠳᠤ ᠬᠠᠳᠠᠭᠠᠯᠠᠭᠳᠠᠵᠤ ᠪᠠᠶᠢᠭ᠎ᠠ ᠬᠡᠮᠵᠢᠶ᠎ᠡ ᠪᠠᠷ ᠬᠠᠮᠤᠭ ᠤᠨ ᠶᠡᠭᠡ᠂ | ᠲᠠᠷᠬᠠᠯᠲᠠ ᠪᠠᠷ ᠬᠠᠮᠤᠭ ᠤᠨ ᠦᠷᠭᠡᠨ ᠪᠤᠯᠬᠤ ᠰᠤᠶᠤᠯ ᠤᠨ ᠦᠯᠡᠳᠡᠭᠳᠡᠯ ᠮᠦᠨ ᠪᠦᠭᠡᠳ ᠤᠨᠴᠠᠭᠠᠢ ᠲᠡᠤᠭᠡ | ᠰᠤᠶᠤᠯ ᠤᠨ ᠦᠨ᠎ᠡ ᠴᠠᠨ᠎ᠠ ᠲᠠᠢ ᠪᠠᠶᠢᠵᠤ᠂ 1987 ᠤᠨ ᠳᠤ ᠤᠯᠠᠨ ᠤᠯᠤᠰ ᠤᠨ ᠬᠤᠯᠪᠤᠭᠠᠲᠤ | ᠪᠠᠶᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠲᠠ ᠠᠴᠠ | ᠲᠡᠬᠦᠨ ᠢ ᠳᠡᠯᠡᠬᠡᠢ ᠶᠢᠨ ᠰᠤᠶᠤᠯ ᠤᠨ ᠦᠯᠡᠳᠡᠭᠳᠡᠯ ᠤᠨ ᠨᠡᠷᠡᠰ ᠲᠤ ᠤᠷᠤᠭᠤᠯᠪᠠ᠃ ᠶᠡᠷᠦ ᠠᠴᠠ ᠳᠠᠷᠬᠠᠨ | ᠮᠤᠤᠮᠢᠩᠭᠠᠨ ᠬᠤᠯᠪᠤᠭᠠᠲᠤ ᠬᠤᠰᠢᠭᠤ ︽ᠲᠡᠤᠬᠡᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠪᠤᠯᠤᠨ ︽ | ᠤᠷᠲᠤ ᠴᠠᠭᠠᠨ ᠬᠡᠷᠡᠮ ᠢ ᠬᠠᠮᠠᠭᠠᠯᠠᠬᠤ ᠳᠦᠷᠢᠮ︾ ᠪᠠᠷ ᠵᠢᠯᠤᠭᠤᠳᠤᠯᠭ᠎ᠠ ᠪᠤᠯᠭᠠᠬᠤ ᠶᠢ ᠢᠮᠠᠭᠲᠠ ᠪᠠᠷᠢᠮᠲᠠᠯᠠᠵᠤ᠂ | ᠤᠷᠲᠤ ᠴᠠᠭᠠᠨ ᠬᠡᠷᠡᠮ ᠢ ᠬᠠᠮᠠᠭᠠᠯᠠᠬᠤ ᠠᠵᠢᠯ ᠢ ︽ᠲᠠᠯ᠎ᠠ ᠨᠤᠲᠤᠭ ᠤᠨ ᠰᠠᠬᠢᠭᠤᠰᠤᠨ ᠪᠦᠷᠭᠦᠳ︾ ᠢᠨᠵᠧᠨᠧᠷᠢᠩ | ᠲᠠᠢ ᠨᠢᠭᠲᠠ ᠤᠶᠠᠯᠳᠤᠭᠤᠯᠵᠤ᠂ ᠲᠤᠭᠤᠷᠢᠨ ᠴᠠᠭᠳᠠᠬᠤ ᠮᠤᠷᠢᠲᠤ ᠠᠩᠬᠢ᠂ ᠲᠤᠭᠤᠷᠢᠨ ᠴᠠᠭᠳᠠᠬᠤ ᠮᠤᠲ᠋ᠤᠷᠲᠤ | ᠠᠩᠬᠢ ᠪᠠᠶᠢᠭᠤᠯᠤᠭᠰᠠᠨ ᠤ ᠬᠠᠮᠲᠤ ᠲᠠᠯ᠎ᠠ ᠨᠤᠲᠤᠭ ᠤᠨ 110 ᠴᠠᠭᠳᠠᠭ᠎ᠠ ᠳᠤ ᠮᠡᠳᠡᠭᠦᠯᠬᠦ ᠴᠢᠭ᠋ ᠪᠤᠯᠤᠨ | ᠴᠠᠭᠳᠠᠭᠠᠨ ᠤ ᠶᠠᠪᠤᠳᠠᠯ ᠤᠨ ᠬᠡᠷ ᠲᠠᠢ ᠨᠢᠭᠲᠠ ᠬᠠᠮᠲᠤᠷᠠᠨ ᠠᠵᠢᠯᠯᠠᠵᠤ᠂ ᠬᠢᠯᠢ ᠬᠢᠵᠠᠭᠠᠷ ᠤᠷᠤᠨ ᠤ ᠴᠢᠭ᠋ ᠪᠤᠯᠤᠨ | ᠪᠦᠬᠦ ᠲᠠᠯ᠎ᠠ ᠶᠢ ᠤᠶᠠᠯᠳᠤᠭᠤᠯᠤᠭᠰᠠᠨ ᠤᠷᠲᠤ ᠴᠠᠭᠠᠨ ᠬᠡᠷᠡᠮ ᠢ ᠬᠠᠮᠠᠭᠠᠯᠠᠬᠤ ᠲᠤᠤᠷ ᠰᠦᠯᠵᠢᠶ᠎ᠡ ᠶᠢ | ᠪᠦᠷᠢᠯᠳᠦᠬᠦᠯᠦᠭᠰᠡᠨ ᠪᠠᠶᠢᠨ᠎ᠠ᠃ ︽ᠲᠠᠯ᠎ᠠ ᠨᠤᠲᠤᠭ ᠤᠨ ᠰᠠᠬᠢᠭᠤᠰᠤᠨ ᠪᠦᠷᠭᠦᠳ︾ ᠢᠨᠵᠧᠨᠧᠷᠢᠩ ᠢ | ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ 2015 ᠤᠨ ᠳᠤ᠂ ᠲᠤᠰ ᠬᠤᠰᠢᠭᠤ ᠵᠢᠷᠭᠤᠭᠠᠨ ᠲᠠᠯ᠎ᠠ ᠪᠠᠷ ᠢᠶᠠᠨ | ᠬᠠᠮᠲᠤᠷᠠᠨ ᠬᠦᠳᠡᠯᠦᠯᠴᠡᠵᠤ ᠲᠡᠤᠬᠡ ᠰᠤᠶᠤᠯ ᠤᠨ ᠦᠯᠡᠳᠡᠭᠳᠡᠯ ᠢ ᠬᠠᠮᠠᠭᠠᠯᠠᠬᠤ ᠲᠤᠭᠲᠠᠴᠠ ᠶᠢ ᠪᠠᠶᠢᠭᠤᠯᠪᠠ᠃ ᠡᠨᠡ | ᠵᠢᠯ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤ ᠶᠢᠨ ᠲᠡᠤᠭᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ | ᠮᠦᠴᠢᠷ ᠪᠠᠰᠠ ᠤᠷᠲᠤ ᠴᠠᠭᠠᠨ ᠬᠡᠷᠡᠮ ᠤᠨ ᠲᠡᠤᠭᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠷᠲᠡᠭᠡ | ᠪᠠᠶᠢᠭᠤᠯᠵᠤ᠂ ᠲᠤᠰ ᠬᠤᠰᠢᠭᠤ ᠶᠢᠨ ᠬᠢᠯᠢ ᠶᠢᠨ ᠳᠤᠲᠤᠷᠠᠬᠢ ᠤᠷᠲᠤ ᠴᠠᠭᠠᠨ ᠬᠡᠷᠡᠮ ᠤᠨ ᠠᠮᠤᠷ ᠲᠦᠪᠰᠢᠨ ᠢ | ᠬᠠᠮᠠᠭᠠᠯᠠᠬᠤ ᠶᠢ ᠤᠯᠠᠮ ᠨᠢᠭᠡ ᠠᠯᠬᠤᠮ ᠴᠢᠩᠭᠠᠳᠬᠠᠪᠠ᠃ |