2 ᠳ᠋ᠤᠭᠠᠷ ᠰᠠᠷ᠎ᠠ ᠶᠢᠨ 19 ᠤ ᠡᠳᠦᠷ᠂ ᠪᠦᠬᠦ ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠤᠨ᠂ ︽12· 5︾ ᠶᠢᠨ ᠲᠥᠯᠥᠪᠵᠢᠭᠦᠯᠭᠡ | ᠪᠣᠯᠣᠨ 2015 ᠣᠨ ᠤ ᠠᠮᠵᠢᠯᠲᠠ ᠪᠦᠲᠦᠮᠵᠢ ᠶᠢ ᠡᠷᠭᠢᠴᠡᠭᠦᠯᠦᠨ ᠳ᠋ᠦᠩᠨᠡᠵᠦ᠂ 2016 ᠣᠨ ᠤ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠥᠩᠭᠡᠷᠡᠭᠰᠡᠨ ᠨᠢᠭᠡ ᠵᠢᠯ ᠳᠤ᠂ ᠤᠯᠠᠭᠠᠨᠴᠠᠪ ᠬᠤᠳᠠ ᠠᠵᠤ ᠦᠢᠯᠡᠳᠪᠦᠷᠢ ᠬᠤᠳᠠᠯᠳᠤᠭᠠᠨ ᠤ ᠰᠢᠰᠲ᠋ᠧᠮ | ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠨᠡᠮᠡᠭᠳᠡᠯ ᠢ ᠲᠣᠭᠲᠠᠪᠤᠵᠢᠭᠤᠯᠬᠤ ᠥᠭᠡᠷᠡᠴᠢᠯᠡᠯᠲᠡ ᠶᠢ ᠠᠬᠢᠭᠤᠯᠬᠤ | ᠪᠦᠲᠦᠴᠡ ᠶᠢ ᠲᠣᠬᠢᠷᠠᠭᠤᠯᠬᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠡᠷᠭᠡ ᠲᠦᠷᠦ ᠶᠢᠨ ᠪᠤᠳᠤᠯᠭ᠎ᠠ | ᠠᠷᠭ᠎ᠠ ᠬᠡᠮᠵᠢᠶ᠎ᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠡᠭᠦᠷᠭᠡ ᠴᠢᠳᠠᠪᠤᠷᠢ ᠪᠠᠨ ᠬᠤᠪᠢᠷᠠᠭᠤᠯᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠮᠡᠳᠡᠭᠳᠡᠬᠦ᠋ᠢᠴᠡ ᠦᠷ᠎ᠡ | ᠪᠦᠲᠦᠮᠵᠢ ᠤᠯᠪᠠ᠃ ︽ᠭᠤᠷᠪᠠᠨ ᠦᠨᠡᠮᠯᠡᠯ ᠢ ᠨᠢᠭᠡᠳᠬᠡᠬᠦ᠂ ᠨᠢᠭᠡ ᠦᠨᠡᠮᠯᠡᠯ ᠨᠢᠭᠡ ᠨᠣᠮᠧᠷ︾ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ | ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠥᠯᠥᠭᠡᠨ ᠤ ᠲᠡᠮᠳᠡᠭ ᠤᠨ ᠦᠨᠡᠮᠯᠡᠯ ᠪᠣᠯᠣᠨ | ᠭᠠᠶᠢᠯᠢ ᠶᠢᠨ ᠶᠠᠪᠤᠳᠠᠯ ᠤᠨ ᠳᠠᠩᠰᠠᠯᠠᠯ ᠤᠨ ᠦᠨᠡᠮᠯᠡᠯ ᠢ ︽ᠨᠢᠭᠡ ᠬᠦᠰᠦᠨᠦᠭ ᠢᠶᠠᠷ ᠭᠤᠶᠤᠴᠢᠯᠠᠵᠤ᠂ ᠨᠢᠭᠡ | ᠴᠣᠩᠬᠤᠪᠴᠢ ᠰᠢᠢᠳᠪᠦᠷᠢᠯᠡᠵᠦ᠂ ᠨᠡᠶᠢᠯᠡᠭᠦᠯᠦᠨ ᠬᠢᠨᠠᠨ ᠵᠥᠪᠰᠢᠶᠡᠷᠡᠵᠦ᠂ ᠨᠢᠭᠡ ᠦᠨᠡᠮᠯᠡᠯ ᠨᠢᠭᠡ ᠨᠣᠮᠧᠷ︾ ᠤᠨ | ᠶᠣᠰᠣᠭᠠᠷ ᠲᠡᠮᠳᠡᠭᠯᠡᠬᠦ ᠰᠢᠨ᠎ᠡ ᠵᠠᠭᠪᠤᠷᠰᠢᠯ ᠢ ᠡᠭᠦᠳᠴᠡᠶ᠃ ︽ᠨᠢᠭᠡ ᠬᠤᠳᠠ ᠶᠢᠨ ᠣᠨᠳᠣᠣ ᠭᠠᠵᠠᠷ ︵ᠲᠣᠪᠴᠢᠶ᠎ᠠ︶ | ︾ ᠲᠤ ᠦᠨᠡᠮᠯᠡᠯ ᠭᠦᠢᠴᠡᠳᠬᠡᠬᠦ ᠶᠢ ᠪᠦᠬᠦ ᠲᠠᠯ᠎ᠠ ᠪᠠᠷ ᠶᠠᠪᠤᠭᠤᠯᠵᠤ᠂ ︽ᠤᠷᠢᠳ ᠢᠶᠠᠷ ᠡᠵᠡᠩᠨᠡᠯᠲᠡ ᠶᠢᠨ ᠦᠨᠡᠮᠯᠡᠯ | ᠠᠪᠴᠤ ᠲᠠᠷᠠᠭ᠎ᠠ ᠨᠢ ᠵᠥᠪᠰᠢᠶᠡᠷᠡᠯ ᠤᠨ ᠦᠨᠡᠮᠯᠡᠯ ᠠᠪᠬᠤ︾ ᠲᠤᠷᠰᠢᠯᠲᠠ ᠶᠢᠨ ᠥᠭᠡᠷᠡᠴᠢᠯᠡᠯᠲᠡ ᠤᠷᠤᠭᠰᠢᠲᠠᠶ | ᠶᠠᠪᠤᠭᠳᠠᠪᠠ᠃ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠳᠬᠦᠬᠦ᠂ ᠲᠠᠸᠠᠷ ᠤᠨ ᠲᠡᠮᠳᠡᠭ ᠨᠡᠷᠡᠲᠦ | ᠲᠥᠷᠥᠯ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠡᠷᠭᠡ ᠲᠠᠯ᠎ᠠ ᠪᠠᠷ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠠᠯᠢ ᠣᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠨᠡᠶᠢᠲᠡᠯᠡᠵᠦ᠂ 7 ᠠᠯᠳᠠᠷᠲᠤ ᠲᠠᠸᠠᠷ ᠤᠨ ᠲᠡᠮᠳᠡᠭ ᠰᠢᠨ᠎ᠡ ᠪᠠᠷ ᠨᠡᠮᠡᠭᠳᠡᠵᠦ᠂ 15 ᠨᠡᠷᠡᠲᠦ ᠲᠠᠸᠠᠷ ᠤᠨ ᠲᠡᠮᠳᠡᠭ ᠢ | ᠰᠢᠨ᠎ᠡ ᠪᠠᠷ ᠮᠠᠭᠠᠳᠯᠠᠨ ᠲᠣᠭᠲᠠᠭᠠᠵᠤ᠂ ᠪᠦᠬᠦ ᠬᠤᠲᠠ ᠶᠢᠨ ᠬᠦᠴᠦᠨ ᠪᠦᠬᠦᠢ ᠳᠠᠩᠰᠠᠯᠠᠭᠤᠯᠤᠭᠰᠠᠨ ᠲᠠᠸᠠᠷ ᠤᠨ | ᠲᠡᠮᠳᠡᠭ 2156 ᠬᠦᠷᠪᠡ᠃ | ᠬᠤᠷᠠᠯ ᠠᠴᠠ ᠱᠠᠭᠠᠷᠳᠠᠭᠰᠠᠨ ᠨᠢ᠂ ᠬᠤᠶᠢᠰᠢᠳᠠ ᠪᠦᠬᠦ ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ | ᠰᠢᠰᠲ᠋ᠧᠮ ᠤᠳ ᠬᠥᠭᠵᠢᠯᠲᠡ ᠶᠢᠨ ᠪᠠᠶᠢᠳᠠᠯ ᠢ ᠲᠣᠳᠣᠷᠬᠠᠶ ᠲᠠᠨᠢᠵᠤ᠂ ᠬᠢᠨᠠᠯᠲᠠ ᠬᠠᠮᠢᠶᠠᠷᠤᠯᠲᠠ ᠶᠢᠨ ᠴᠢᠭᠯᠡᠯ ᠢ | ᠡᠵᠡᠮᠳᠡᠵᠦ᠂ ︽ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠳᠣᠯ ᠦᠭᠡᠢ᠂ ᠨᠡᠭᠡᠭᠡᠯᠳᠡ ᠬᠢᠬᠦ᠂ ᠬᠠᠮᠲᠤ ᠪᠠᠷ | ᠡᠳ᠋ᠯᠡᠬᠦ︾ ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ ᠢᠶᠠᠷ ᠬᠥᠲᠥᠯᠪᠦᠷᠢ ᠪᠣᠯᠭᠠᠵᠤ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ︽ᠣᠷᠣᠬᠤ ᠶᠢ ᠰᠤᠯᠠᠳᠬᠠᠵᠤ᠂ | ᠬᠠᠮᠢᠶᠠᠷᠤᠯᠲᠠ ᠶᠢ ᠴᠢᠩᠭᠠᠳᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠭᠤᠷᠪᠠᠨ ᠭᠤᠣᠯᠳᠠᠯᠭ᠎ᠠ ᠶᠢᠨ | ᠲᠣᠭᠤᠷᠢᠨ ᠳᠤ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ | ᠠᠬᠢᠭᠤᠯᠵᠤ᠂ ᠦᠢᠯᠡᠴᠢᠯᠡᠭᠡᠨ ᠤ ᠳᠥᠭᠦᠮ ᠴᠢᠨᠠᠷ ᠢ ᠴᠢᠩᠭᠠᠳᠬᠠᠵᠤ᠂ ᠨᠢᠭᠡᠳᠦᠯᠲᠡᠶ ᠪᠥᠭᠡᠳ ᠨᠡᠭᠡᠭᠡᠯᠲᠡᠲᠡᠶ᠂ | ᠥᠷᠢᠰᠥᠯᠳᠦᠭᠡᠨ ᠲᠠᠢ ᠪᠦᠭᠡᠳ ᠡᠮᠬᠢ ᠵᠢᠷᠤᠮ ᠲᠠᠢ ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ | ᠪᠠᠶᠢᠭᠤᠯᠬᠤ ᠬᠡᠷᠡᠭᠲᠡᠶ︔ ᠬᠢᠨᠠᠨ ᠬᠠᠮᠢᠶᠠᠷᠬᠤ ᠰᠠᠭᠤᠷᠢ ᠶᠢ ᠪᠠᠬᠢᠵᠢᠭᠦᠯᠵᠦ᠂ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ | ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠬᠤ | ︽ᠰᠠᠬᠢᠭᠤᠰᠤ︾ ᠪᠣᠯᠬᠤ ᠬᠡᠷᠡᠭᠲᠡᠢ︔ ᠲᠠᠸᠠᠷ ᠤᠨ ᠲᠡᠮᠳᠡᠭ ᠨᠡᠷᠡᠲᠦ ᠲᠥᠷᠥᠯ ᠲᠡᠮᠳᠡᠭ ᠤᠨ ᠪᠠᠶᠢᠯᠳᠤᠬᠤ | ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠶᠢ ᠴᠢᠩᠭᠠᠳᠬᠠᠵᠤ᠂ ᠵᠢᠵᠢᠭ | ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠢᠳᠡᠪᠬᠢᠲᠡᠶ ᠳᠡᠮᠵᠢᠵᠦ᠂ ᠵᠢᠵᠢᠭ ᠪᠢᠴᠢᠯ ᠠᠵᠤ ᠠᠬᠤᠶᠢᠯᠠᠯ ᠤᠨ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠡᠵᠡᠩᠨᠡᠯᠲᠡ ᠬᠢᠬᠦ ᠵᠡᠷᠭᠡ ᠲᠠᠯ᠎ᠠ ᠶᠢᠨ ᠪᠣᠳᠠᠲᠠᠶ ᠬᠦᠴᠢᠷᠳᠡᠯ ᠢ | ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠬᠦ ᠨᠡᠩ ᠰᠠᠶᠢᠨ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠵᠤ᠂ ᠪᠦᠬᠦ | ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠬᠦ | ᠬᠡᠷᠡᠭᠲᠡᠶ ᠭᠡᠪᠡ᠃ |