ᠦᠪᠡᠷᠲᠡᠭᠡᠨ ᠵᠠᠰᠠᠬᠤ ᠤᠷᠤᠨ ᠠᠵᠤ ᠠᠬᠤᠢ ᠨᠡᠶᠢᠭᠡᠮ ᠤᠨ ᠬᠦᠭᠵᠢᠯᠲᠡ ᠪᠠᠨ ᠰᠠᠶᠢᠨ ᠢᠶᠠᠷ ᠡᠬᠢᠯᠡᠭᠦᠯᠵᠦ  ᠠᠯᠬᠤᠮ ᠢᠶᠠᠨ ᠰᠠᠶᠢᠲᠤᠷ ᠠᠯᠬᠤᠬᠤ ᠶᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2016/2/22
     2 ᠳ᠋ᠤᠭᠠᠷ ᠰᠠᠷ᠎ᠠ ᠶᠢᠨ15 ᠤ ᠡᠳᠦᠷ᠂ ᠦᠪᠡᠷᠲᠡᠭᠡᠨ ᠵᠠᠰᠠᠬᠤ ᠤᠷᠤᠨ ᠠᠵᠤ ᠠᠬᠤᠢ ᠨᠡᠶᠢᠭᠡᠮ ᠤᠨ  ᠬᠦᠭᠵᠢᠯᠲᠡ ᠪᠠᠨ ᠰᠠᠶᠢᠨ ᠢᠶᠠᠷ ᠡᠬᠢᠯᠡᠭᠦᠯᠵᠦ ᠠᠯᠬᠤᠮ ᠢᠶᠠᠨ ᠰᠠᠶᠢᠲᠤᠷ ᠠᠯᠬᠤᠬᠤ ᠶᠢ ᠠᠬᠢᠭᠤᠯᠬᠤ ᠲᠧᠯᠸᠢᠰ  ᠳ᠋ᠢᠶᠠᠩᠬᠤᠸᠠ ᠬᠤᠷᠠᠯ ᠬᠤᠷᠠᠯᠳᠤᠭᠤᠯᠪᠠ᠃ ᠬᠤᠷᠠᠯ ᠠᠴᠠ ᠤᠯᠤᠰ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ  ᠵᠦᠪᠯᠡᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠪᠠᠨ ᠰᠠᠶᠢᠨ ᠢᠶᠠᠷ ᠡᠬᠢᠯᠡᠭᠦᠯᠵᠦ ᠠᠯᠬᠤᠮ ᠢᠶᠠᠨ ᠰᠠᠶᠢᠲᠤᠷ  ᠠᠯᠬᠤᠬᠤ ᠶᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠤᠳᠤ ᠶᠢᠨ  ᠠᠵᠤ ᠠᠬᠤᠢ ᠶᠢᠨ ᠪᠠᠶᠢᠳᠠᠯ ᠳᠤ ᠬᠠᠨᠳᠤᠭᠤᠯᠤᠨ ᠭᠦᠨᠵᠡᠭᠡᠢ ᠵᠠᠳᠠᠯᠤᠯᠲᠠ ᠬᠢᠵᠦ᠂ ᠲᠦᠪ ᠤᠨ ᠪᠡᠯᠡ ᠮᠦᠩᠭᠦ ᠶᠢᠨ  ᠳᠡᠮᠵᠢᠯᠭᠡ ᠶᠢ ᠢᠳᠡᠪᠬᠢᠲᠡᠢ ᠪᠠᠷ ᠲᠡᠮᠡᠴᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠳᠬᠤᠨ ᠪᠡᠯᠡ  ᠤᠷᠤᠭᠤᠯᠤᠯᠲᠠ ᠶᠢ ᠠᠬᠢᠭᠤᠯᠵᠤ᠂  ᠪᠦᠳᠦᠴᠡ ᠶᠢᠨ ᠦᠭᠡᠷᠴᠢᠯᠡᠯᠲᠡ ᠶᠢ ᠭᠦᠨᠵᠡᠭᠡᠶᠢᠷᠡᠭᠦᠯᠵᠦ᠂ ᠬᠡᠷᠡᠭᠯᠡᠭᠡᠨ ᠤ  ᠬᠡᠷᠡᠭᠴᠡᠭᠡ ᠶᠢ ᠢᠳᠡᠪᠬᠢᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠴᠢᠯᠡᠯᠲᠡ ᠶᠢ  ᠲᠦᠯᠬᠢᠨ ᠠᠬᠢᠭᠤᠯᠵᠤ᠂ ᠠᠵᠤ ᠠᠬᠤᠢ ᠶᠢᠨ ᠠᠵᠢᠯᠯᠠᠭ᠎ᠠ ᠶᠢ ᠲᠤᠬᠢᠷᠠᠭᠤᠯᠬᠤ ᠵᠡᠷᠭᠡ ᠲᠠᠯ᠎ᠠ ᠶᠢᠨ ᠭᠤᠤᠯᠳᠠᠯᠭ᠎ᠠ ᠲᠠᠢ  ᠠᠵᠢᠯ ᠢ ᠰᠠᠶᠢᠲᠤᠷ ᠬᠢᠬᠦ ᠶᠢ ᠪᠠᠶᠢᠷᠢᠯᠠᠭᠤᠯᠪᠠ᠃            ᠬᠤᠷᠠᠯ ᠠᠴᠠ ᠵᠢᠭᠠᠭᠰᠠᠨ ᠨᠢ᠂ ᠤᠳᠤᠬᠠᠨ ᠳᠤ ᠦᠪᠡᠷᠲᠡᠭᠡᠨ ᠵᠠᠰᠠᠬᠤ ᠤᠷᠤᠨ ᠪᠦᠬᠦ ᠤᠯᠤᠰ ᠲᠠᠢ  ᠠᠳᠠᠯᠢᠬᠠᠨ᠂ ᠯᠠᠪᠳᠠᠭᠤᠨ ᠨᠡᠮᠡᠭᠳᠡᠭᠦᠯᠬᠦ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂  ᠠᠷᠠᠳ ᠤᠨ ᠠᠮᠢᠳᠤᠷᠠᠯ ᠢ ᠪᠠᠶᠠᠯᠢᠭᠵᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠤᠯᠤᠰ  ᠲᠦᠷᠦ ᠶᠢᠨ ᠦᠷ᠎ᠡ ᠠᠰᠢᠭ ᠶᠠᠭ ᠠᠭᠠᠵᠢᠮ ᠢᠶᠠᠷ ᠢᠯᠡᠷᠡᠵᠦ᠂ ᠠᠵᠦ ᠦᠢᠯᠡᠳᠪᠦᠷᠢ ᠶᠢᠨ ᠪᠦᠲᠦᠴᠡ ᠶᠢᠨ  ᠲᠤᠬᠢᠷᠠᠭᠤᠯᠤᠯᠲᠠ ᠪᠠᠲᠤ ᠪᠠᠬᠢ ᠠᠯᠬᠤᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ  ᠦᠭᠡᠷᠡᠴᠢᠯᠡᠯᠲᠡ ᠶᠢ ᠡᠮᠬᠢ ᠳᠠᠷᠠᠭ᠎ᠠ ᠲᠠᠢ ᠲᠦᠯᠬᠢᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠤᠷᠲᠤ  ᠬᠤᠭᠤᠴᠠᠭ᠎ᠠ ᠪᠠᠷ ᠰᠠᠶᠢᠵᠢᠷᠠᠬᠤ ᠲᠡᠰᠢ ᠬᠠᠨᠳᠤᠵᠤ ᠪᠠᠶᠢᠭ᠎ᠠ ᠪᠠᠶᠢᠳᠠᠯ ᠬᠤᠪᠢᠷᠠᠭᠰᠠᠨ ᠦᠭᠡᠢ︔ ᠪᠦᠬᠦ ᠤᠷᠤᠨ ᠤ  ᠡᠯ᠎ᠡ ᠠᠶᠢᠮᠠᠭ ᠬᠤᠲᠠ ᠬᠤᠰᠢᠭᠤ ᠰᠢᠶᠠᠨ ᠤᠳᠤᠬᠢ ᠠᠵᠤ ᠠᠬᠤᠢ ᠨᠡᠶᠢᠭᠡᠮ ᠤᠨ ᠪᠠᠶᠢᠳᠠᠯ ᠢ ᠤᠨᠤᠪᠴᠢᠲᠠᠢ  ᠠᠳᠬᠤᠵᠤ᠂ ᠲᠦᠷᠦᠯ ᠵᠦᠢᠯ ᠢ ᠠᠳᠬᠤᠵᠤ᠂ ᠪᠡᠯᠡ ᠤᠷᠤᠭᠤᠯᠤᠯᠲᠠ ᠯᠠᠪᠳᠠᠭᠤᠨ ᠪᠤᠯᠭᠠᠵᠤ᠂ ᠠᠷᠠᠳ ᠤᠨ  ᠠᠮᠢᠳᠤᠷᠠᠯ ᠢ ᠠᠳᠬᠤᠵᠤ᠂ ᠳᠤᠲᠠᠭᠤ ᠲᠠᠯ᠎ᠠ ᠪᠠᠨ ᠨᠦᠬᠦᠪᠦᠷᠢᠯᠡᠵᠦ᠂ ᠦᠭᠡᠷᠡᠴᠢᠯᠡᠯᠲᠡ ᠶᠢ ᠠᠳᠬᠤᠨ᠂ ᠦᠷ᠎ᠡ  ᠠᠰᠢᠭ ᠢᠶᠠᠨ ᠨᠡᠮᠡᠭᠳᠡᠭᠦᠯᠵᠦ᠂ ᠦᠭᠡᠷᠡᠴᠢᠯᠡᠯᠲᠡ ᠶᠢ ᠠᠳᠬᠤᠵᠤ᠂ ᠠᠮᠢᠵᠢᠷᠠᠯ ᠤᠨ ᠬᠦᠴᠦᠨ ᠢ ᠬᠦᠭᠵᠢᠭᠡᠵᠦ᠂ ᠡᠨᠡ  ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠰᠤᠳᠤᠯᠵᠤ᠂ ᠤᠨᠤᠪᠴᠢᠲᠠᠢ ᠬᠡᠷᠡᠭᠵᠢᠭᠦᠯᠬᠦ  ᠲᠦᠰᠦᠯ ᠲᠤᠭᠳᠠᠭᠠᠵᠤ᠂ ᠤᠯᠠᠨ ᠢᠶᠠᠷ ᠢᠶᠠᠨ ᠬᠤᠯᠪᠤᠭᠠᠯᠠᠨ ᠬᠦᠳᠡᠯᠵᠦ᠂ ᠬᠠᠮᠲᠤᠷᠠᠨ ᠬᠠᠮᠵᠢᠯᠴᠠᠵᠤ᠂ ᠡᠬᠢᠯᠡᠯᠲᠡ ᠶᠢᠨ  ᠵᠢᠯ ᠤᠨ ᠡᠬᠢᠨ ᠤ ᠪᠦᠬᠦ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠰᠠᠶᠢᠨ ᠪᠦᠲᠦᠮᠵᠢ ᠤᠯᠬᠤ ᠶᠢ  ᠪᠠᠲᠤᠯᠠᠬᠤ ᠬᠡᠷᠡᠭᠲᠡᠢ ᠭᠡᠪᠡ᠃            ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠪᠠᠶᠢᠭᠤᠯᠭ᠎ᠠ ᠦᠵᠡᠯ ᠰᠠᠨᠠᠭ᠎ᠠ ᠪᠤᠯᠤᠨ ᠦᠢᠯᠡ  ᠠᠵᠢᠯᠯᠠᠭ᠎ᠠ ᠪᠠᠨ ᠲᠦᠪ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ  ᠤᠷᠳᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠶᠤᠨ ᠰᠠᠨᠠᠭ᠎ᠠ ᠪᠠᠨ  ᠨᠢᠭᠡᠳᠬᠡᠴᠦ ᠴᠢᠳᠠᠯ ᠢᠶᠠᠨ ᠨᠢᠭᠲᠠᠷᠠᠭᠤᠯᠤᠨ᠂ ᠬᠦᠴᠢᠷ ᠪᠡᠷᠬᠡ ᠶᠢ ᠢᠯᠠᠨ ᠳᠠᠪᠠᠵᠤ᠂ ᠨᠠᠶᠢᠳᠠᠪᠤᠷᠢᠵᠢᠭᠤᠯᠤᠯᠲᠠ ᠶᠢ  ᠴᠢᠩᠭ᠎ᠠ ᠠᠳᠬᠤᠨ᠂ ︽13.5︾ ᠶᠢᠨ ᠰᠠᠶᠢᠨ ᠡᠬᠢᠯᠡᠯᠲᠡ ᠶᠢ ᠦᠨᠡᠨ ᠬᠦ ᠪᠠᠲᠤᠯᠠᠬᠤ ᠬᠡᠷᠡᠭᠲᠡᠢ︔ ᠢᠲᠡᠭᠡᠯ  ᠵᠤᠷᠢᠭ ᠢᠶᠠᠨ ᠨᠡᠮᠡᠭᠳᠡᠭᠦᠯᠵᠦ᠂ ᠢᠳᠡᠪᠬᠢᠲᠡᠢ ᠠᠵᠢᠯᠯᠠᠵᠤ᠂ ᠬᠦᠭᠵᠢᠯᠲᠡ ᠳᠤ ᠲᠤᠯᠭᠠᠷᠠᠵᠤ ᠪᠠᠶᠢᠬᠤ ᠠᠰᠠᠭᠤᠳᠠᠯ  ᠪᠤᠯᠤᠨ ᠲᠤᠬᠢᠶᠠᠯ ᠢ ᠵᠦᠪ ᠢᠶᠠᠷ ᠲᠠᠨᠢᠵᠤ᠂ ᠦᠢᠯᠡᠳᠪᠦᠷᠢᠯᠡᠯ᠂ ᠬᠦᠮᠦᠷᠭᠡ ᠶᠢᠨ ᠬᠠᠳᠠᠭᠠᠯᠠᠮᠵᠢ ᠶᠢ ᠠᠷᠢᠯᠭᠠᠬᠤ᠂  ᠬᠦᠰᠢᠭᠦᠷᠭᠡ ᠶᠢ ᠠᠷᠢᠯᠭᠠᠬᠤ᠂ ᠦᠷᠲᠡᠭ ᠢ ᠪᠠᠭᠤᠷᠠᠭᠤᠯᠵᠤ᠂ ᠳᠤᠲᠠᠭᠤ ᠲᠠᠯ᠎ᠠ ᠪᠠᠨ ᠨᠦᠬᠦᠪᠦᠷᠢᠯᠡᠵᠦ᠂  ᠬᠠᠩᠭᠠᠯᠭ᠎ᠠ ᠶᠢᠨ ᠰᠢᠰᠲ᠋ᠧᠮᠵᠢ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠵᠦ᠂ ᠪᠡᠯᠡ  ᠤᠷᠤᠭᠤᠯᠤᠯᠲᠠ ᠶᠢᠨ ᠬᠡᠷᠡᠭᠴᠡᠭᠡ ᠶᠢ ᠳᠡᠭᠡᠭᠰᠢᠯᠡᠭᠦᠯᠵᠦ᠂ ᠠᠵᠤ ᠠᠬᠤᠢ ᠬᠦᠭᠵᠢᠯᠲᠡ ᠶᠢᠨ ᠬᠡᠯᠪᠡᠷᠢ ᠶᠢᠨ ᠲᠤᠯᠭᠠᠮ᠎ᠠ  ᠰᠡᠳᠬᠢᠯᠭᠡ ᠪᠠ ᠰᠠᠨᠠᠭᠠᠴᠢᠯᠠᠭᠠᠲᠤ ᠴᠢᠨᠠᠷ ᠢ ᠪᠤᠲᠠᠲᠠᠢ ᠴᠢᠩᠭᠠᠳᠬᠠᠨ ᠬᠤᠪᠢᠷᠠᠭᠤᠯᠵᠤ᠂ ᠬᠦᠭᠵᠢᠯᠲᠡ ᠶᠢᠨ ᠳᠠᠯᠳᠠ  ᠬᠦᠴᠦᠨ ᠢ ᠨᠡᠩ ᠭᠦᠨ ᠨᠡᠭᠡᠭᠡᠵᠦ᠂ ᠵᠦᠷᠢᠴᠡᠯ ᠢ ᠰᠢᠢᠳᠪᠦᠷᠢᠯᠡᠬᠦ᠂ ᠬᠦᠴᠢᠷ ᠰᠡᠳᠦᠪ ᠢ ᠲᠠᠶᠢᠯᠬᠤ ᠶᠢ ᠠᠵᠢᠯ ᠤᠨ  ᠰᠢᠪᠲᠤᠯᠠᠯᠲᠠ ᠶᠢᠨ ᠴᠢᠭ᠋ ᠪᠠ ᠬᠦᠴᠦᠯᠡᠬᠦ ᠴᠢᠭ᠋ ᠪᠤᠯᠭᠠᠵᠤ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠤᠷᠤᠨ  ᠵᠠᠢ ᠶᠢ ᠦᠷᠭᠡᠳᠬᠡᠵᠦ᠂ ︽13.5︾ ᠶᠢᠨ ᠰᠠᠶᠢᠨ ᠢᠶᠠᠷ ᠡᠬᠢᠯᠡᠵᠦ᠂ ᠠᠯᠬᠤᠮ ᠢᠶᠠᠷ ᠰᠠᠶᠢᠨ ᠲᠠᠯᠪᠢᠬᠤ ᠶᠢ ᠦᠨᠡᠨ ᠬᠦ  ᠪᠠᠲᠤᠯᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号